ᠶᠠᠳᠠᠭᠤ ᠶᠢ ᠲᠡᠳᠬᠦᠬᠦ ᠵᠢᠵᠢᠭ ᠦᠢᠯᠡᠳᠪᠤᠷᠢ ᠶᠢᠨ ᠲᠠᠰᠤᠭ— ᠶᠠᠳᠠᠭᠤ ᠠᠴᠠ ᠠᠩᠭᠢᠵᠢᠷᠠᠭᠤᠯᠬᠤ ᠶᠡᠭᠡ ᠲᠠᠪᠴᠠᠩ
ᠨᠡᠶᠢᠲᠡᠯᠡᠭᠰᠡᠨ ᠴᠠᠭ᠄
2020-05-27
   ᠣᠷᠴᠢᠮ ᠤᠨ ᠵᠢᠯ ᠤᠳ ᠲᠤ᠂ ᠬᠤᠸᠠᠳᠧ ᠰᠢᠶᠠᠨ ᠶᠠᠳᠠᠭᠤ ᠶᠢ ᠲᠡᠳᠬᠦᠬᠦ ᠦᠢᠯᠡᠳᠪᠤᠷᠢ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠤᠯᠠᠨ ᠠᠷᠭ᠎ᠠ ᠵᠠᠮ ᠢᠶᠠᠷ ᠶᠠᠳᠠᠭᠤ ᠬᠦᠴᠢᠷᠳᠡᠯᠲᠡᠢ ᠲᠠᠷᠢᠶᠠᠴᠢᠨ ᠤ ᠭᠡᠷ ᠤᠨ ᠡᠭᠦᠳᠡᠨ ᠳᠡᠭᠡᠨ ᠠᠵᠢᠯ ᠤᠯᠬᠤ ᠶᠢ ᠠᠬᠢᠭᠤᠯᠵᠤ᠂ ᠶᠠᠳᠠᠭᠤ ᠶᠢ ᠲᠡᠳᠬᠦᠬᠦ ᠵᠢᠵᠢᠭ ᠦᠢᠯᠡᠳᠪᠦᠷᠢ ᠶᠢᠨ ᠲᠠᠰᠤᠭ ᠨᠢ ᠲᠠᠷᠢᠶᠠᠴᠢᠳ ᠤᠨ ᠶᠠᠳᠠᠭᠤ ᠠᠴᠠ ᠠᠩᠭᠢᠵᠢᠷᠠᠭᠤᠯᠬᠤ  ᠶᠡᠭᠡ ᠲᠠᠪᠴᠠᠩ ᠪᠣᠯᠪᠠ᠃    ᠳᠡᠪᠡᠭᠡᠲᠤ ᠶᠢᠨ ᠡᠨᠡᠬᠦ ᠰᠢᠨ ᠢᠦᠶ ᠹᠦ᠋ ᠯᠢ ᠪᠣᠭᠤᠳᠠᠯ ᠤᠨ ᠬᠢᠵᠠᠭᠠᠷᠲᠤ ᠺᠣᠮᠫᠠᠨᠢ ᠶᠢᠨ ᠶᠠᠳᠠᠭᠤ ᠠᠴᠠ ᠠᠩᠭᠢᠵᠢᠷᠠᠭᠤᠯᠬᠤ ᠲᠠᠰᠤᠭ ᠤᠨ ᠴᠢᠩᠭᠡᠯᠢᠭ ᠤᠭᠤᠲᠠ ᠦᠢᠯᠡᠳᠪᠤᠷᠢᠯᠡᠬᠦ ᠲᠠᠰᠤᠭ ᠤᠨ ᠡᠳᠦᠷ ᠪᠦᠷᠢ ᠬᠥᠮᠦᠨ ᠪᠦᠷᠢ ᠶᠢᠨ ᠦᠢᠯᠡᠳᠪᠤᠷᠢᠯᠡᠬᠦ ᠬᠡᠮᠵᠢᠶ᠎ᠡ ᠨᠢ 10 ᠰᠢᠷᠬᠡᠭ ᠣᠷᠴᠢᠮ ᠪᠠᠶᠢᠳᠠᠭ᠃ ᠦᠢᠯᠡᠳᠪᠤᠷᠢ ᠶᠢᠨ ᠲᠠᠰᠤᠭ ᠢ ᠬᠤᠸᠠᠳᠧ ᠰᠢᠶᠠᠨ ᠤ ᠳᠡᠪᠡᠭᠡᠲᠤ ᠲᠣᠰᠬᠤᠨ ᠳᠤ  ᠪᠠᠶᠢᠭᠤᠯᠵᠤ᠂ ᠠᠵᠢᠯᠴᠢᠳ ᠨᠢ ᠪᠦᠷ ᠲᠣᠰᠬᠤᠨ ᠤ ᠶᠠᠳᠠᠭᠤ ᠬᠦᠴᠢᠷᠳᠡᠯᠲᠡᠶ ᠡᠷᠦᠬᠡ ᠪᠣᠯᠣᠨ᠎ᠠ᠃ ᠴᠢᠩᠭᠡᠯᠢᠭ ᠤᠭᠤᠲᠠ ᠤᠨ ᠦᠢᠯᠡᠳᠪᠤᠷᠢᠯᠡᠯ ᠨᠢ ᠪᠣᠯᠪᠠᠰᠤᠷᠠᠯ ᠬᠦᠷᠲᠡᠬᠦ ᠳᠤ ᠠᠮᠠᠷᠬᠠᠨ ᠪᠣᠯᠬᠤᠷ ᠠᠳᠡᠬᠢ ᠶᠠᠳᠠᠭᠤ ᠬᠦᠴᠢᠷᠳᠡᠯᠲᠡᠢ ᠡᠷᠦᠬᠡ ᠶᠢᠨ ᠣᠯᠠᠩᠬᠢ ᠨᠢ ᠦᠢᠯᠡᠳᠪᠤᠷᠢ ᠶᠢᠨ ᠲᠠᠰᠤᠭ ᠤᠨ ᠴᠠᠭᠠᠷᠠᠭᠰᠠᠨ ᠠᠵᠢᠯᠴᠢᠨ ᠪᠣᠯᠵᠠᠶ᠃ ᠶᠠᠩ ᡁᠢ ᠢ ᠪᠣᠯ ᠲᠣᠰ ᠲᠣᠰᠬᠤᠨ ᠤ ᠠᠷᠠᠳ‌ᠮᠥ᠋ᠨ᠂ ᠬᠥᠭᠰᠢᠨ ᠨᠢ ᠤᠳᠠᠭᠠᠨ ᠵᠢᠯ ᠡᠪᠡᠳᠴᠢᠯᠡᠭᠰᠡᠨ ᠠᠴᠠ ᠪᠣᠯᠵᠤ᠂ ᠭᠡᠷ ᠨᠢ ᠮᠠᠰᠢ ᠬᠦᠴᠢᠷᠲᠡᠶ ᠪᠠᠶᠢᠪᠠ᠃ ᠤᠳᠤ ᠲᠠᠷᠢᠶᠠᠨ ᠠᠵᠢᠯ ᠶᠠᠭᠠᠷᠠᠤ ᠦᠶ᠎ᠡ ᠳᠤ ᠭᠡᠷ ᠲᠡᠭᠡᠨ ᠲᠠᠷᠢᠶᠠᠨ ᠠᠵᠢᠯ ᠳᠠᠭᠠᠨ ᠶᠠᠭᠠᠷᠠᠨ᠎ᠠ᠃ ᠰᠤᠯᠠ ᠰᠡᠯᠡᠭᠦᠦ ᠴᠠᠭ ᠲᠠᠭᠠᠨ ᠢᠷᠡᠵᠦ ᠶᠠᠳᠠᠭᠤ ᠠᠴᠠ ᠠᠩᠭᠢᠵᠢᠷᠠᠭᠤᠯᠬᠤ ᠦᠢᠯᠡᠳᠪᠦᠷᠢ ᠶᠢᠨ ᠲᠠᠰᠤᠭ ᠲᠤ ᠬᠥᠯᠥᠰᠥᠨ ᠠᠵᠢᠯ ᠬᠢᠳᠡᠭ᠂ ᠨᠢᠭᠡ ᠴᠢᠩᠭᠯᠢᠭ ᠤᠭᠤᠲᠠ ᠦᠢᠯᠡᠳᠬᠦ ᠪᠦᠷᠢ ᠲᠠᠪᠤᠨ ᠲᠥᠭᠦᠷᠢᠭ ᠣᠯᠣᠨ᠎ᠠ᠃ ᠨᠢᠭᠡ ᠰᠠᠷ᠎ᠠ ᠳᠤ 2000 ᠭᠠᠷᠤᠶ ᠲᠥᠭᠦᠷᠢᠭ ᠤᠨ ᠴᠠᠯᠢᠩ ᠣᠯᠴᠢᠬᠠᠨ᠎ᠠ᠃    ︽ᠣᠲᠣ ᠶᠢᠨ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠦᠨᠡᠬᠡᠷ ᠪᠣᠳᠠᠲᠠᠶ ᠠᠵᠢᠯ᠂ ᠪᠢᠳᠡ ᠦᠨᠳᠦᠰᠦᠨ ᠳᠡᠭᠡᠨ ᠮᠥᠩᠬᠦ ᠲᠥᠭᠦᠷᠢᠭ ᠣᠯᠬᠤ ᠪᠠ ᠭᠡᠷ ᠢᠶᠠᠨ ᠬᠠᠷᠠᠭᠠᠯᠵᠠᠬᠤ ᠶᠢ ᠠᠯᠢ ᠶᠢ ᠨᠢ ᠴᠤ ᠰᠠᠭᠠᠲᠠᠭᠠᠬᠤ ᠦᠭᠡᠢ᠂ ᠭᠡᠷ ᠠᠴᠠ ᠪᠠᠨ ᠭᠠᠷᠬᠤ ᠦᠭᠡᠢ ᠪᠠᠷ ᠠᠵᠢᠯ ᠣᠯᠴᠢᠬᠠᠨ᠎ᠠ᠃︾ ᠭᠡᠵᠦ ᠶᠠᠳᠠᠭᠤ ᠬᠦᠴᠢᠷᠳᠡᠯᠲᠡᠶ ᠡᠷᠦᠬᠡ ᠶᠠᠩ ᡁᠢ ᠢ ᠪᠠᠶᠠᠷᠲᠠᠶ ᠪᠠᠷ ᠬᠡᠯᠡᠪᠡ᠃    ᠬᠤᠸᠠᠳᠧ ᠰᠢᠶᠠᠨ ᠤ ᠬᠤᠪᠴᠠᠰᠤᠨ ᠤ ᠠᠵᠤ ᠦᠢᠯᠡᠰ ᠤᠨ ᠳᠠᠪᠠᠭᠤᠯᠢᠭ ᠢ ᠦᠨᠳᠦᠰᠦᠯᠡᠨ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠡᠯᠡ ᠮᠥᠩᠭᠦᠨ ᠤ ᠳᠡᠮᠵᠢᠯᠭᠡ ᠳᠣᠣᠷ᠎ᠠ᠂ ᠬᠤᠸᠠᠳᠧ ᠰᠢᠶᠠᠨ ︽ᠵᠠᠭᠤᠨ ᠠᠵᠤ ᠠᠬᠤᠶᠢᠯᠠᠯ ᠵᠠᠭᠤᠨ ᠲᠣᠰᠬᠤᠨ ᠳᠤ ᠣᠷᠣᠬᠤ︾ ᠶᠠᠳᠠᠭᠤ ᠶᠢ ᠲᠡᠳᠬᠦᠬᠦ ᠪᠣᠭᠤᠮᠲᠠ ᠰᠢᠪᠲᠤᠯᠬᠤ ᠠᠵᠢᠯᠯᠠᠭ᠎ᠠ ᠥᠷᠨᠢᠭᠦᠯᠵᠦ᠂ ᠬᠤᠪᠴᠠᠰᠤ ᠬᠤᠨᠠᠷ ᠤᠨ ᠳᠠᠭᠠᠭᠤᠯᠤᠭᠴᠢ ᠠᠵᠤ ᠠᠬᠤᠶᠢᠯᠠᠯ᠂ ᠴᠢᠩᠭᠡᠯᠢᠭ ᠤᠭᠤᠲᠠ ᠦᠢᠯᠡᠳᠬᠦ ᠠᠵᠤ ᠠᠬᠤᠶᠢᠯᠠᠯ ᠵᠡᠷᠭᠡ ᠬᠥᠳᠡᠭᠡ ᠲᠣᠰᠬᠤᠨ ᠳᠤ ︽ᠶᠠᠳᠠᠭᠤ ᠠᠴᠠ ᠠᠩᠭᠢᠵᠢᠷᠠᠭᠤᠯᠬᠤ ᠦᠢᠯᠡᠳᠪᠦᠷᠢᠯᠡᠯ ᠤᠨ ᠲᠠᠰᠤᠭ︾ ᠡᠷᠬᠢᠯᠡᠵᠦ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠰᠢᠩᠭᠡᠭᠡᠨ ᠠᠪᠴᠤ ︽ᠬᠥᠷᠥᠰᠥᠨ ᠠᠴᠠ ᠰᠠᠯᠪᠠᠴᠤ ᠨᠤᠲᠤᠭ ᠤᠰᠤ ᠠᠴᠠ ᠪᠠᠨ ᠰᠠᠯᠬᠤ ᠦᠭᠡᠢ︾ ᠣᠶᠢᠷ᠎ᠠ ᠬᠠᠪᠢ ᠳᠠᠭᠠᠨ ᠰᠢᠯᠵᠢᠨ ᠠᠵᠢᠯ ᠣᠯᠵᠤ᠂ ︽ᠦᠢᠯᠡᠳᠪᠤᠷᠢ ᠶᠢᠨ ᠲᠠᠰᠤᠭ ᠲᠣᠰᠬᠤᠨ ᠳᠤ ᠣᠷᠤᠵᠤ᠂ ᠬᠡᠷ ᠲᠡᠭᠡᠨ ᠰᠠᠭᠤᠵᠤ ᠠᠵᠢᠯ ᠤᠯᠬᠤ᠂ ᠣᠯᠠᠨ ᠲᠦᠮᠡᠨ ᠶᠠᠳᠠᠭᠤ ᠠᠴᠠ ᠠᠩᠭᠢᠵᠢᠷᠠᠬᠤ᠂ ᠬᠠᠮᠲᠤ ᠪᠠᠷ ᠣᠷᠣᠯᠭ᠎ᠠ ᠪᠠᠨ ᠨᠡᠮᠡᠭᠳᠡᠭᠦᠯᠬᠦ︾ ᠰᠢᠨ᠎ᠡ ᠵᠠᠮ ᠢ ᠰᠦᠪᠡᠭᠴᠢᠯᠡᠨ ᠭᠠᠷᠭᠠᠵᠤ᠂ ︽ᠨᠢᠭᠡ ᠬᠥᠮᠦᠨ ᠠᠵᠢᠯ ᠣᠯᠵᠤ᠂ ᠪᠥᠬᠦ ᠬᠡᠷ ᠢᠶᠠᠷ ᠢᠶᠠᠨ ᠶᠠᠳᠠᠭᠤ ᠠᠴᠠ ᠠᠩᠭᠢᠵᠢᠷᠠᠬᠤ︾ ᠦᠷ᠎ᠡ ᠪᠦᠲᠦᠮᠵᠢ ᠳᠤ ᠬᠥᠷᠪᠡ᠃    ︽ᠶᠠᠳᠠᠭᠤ ᠠᠴᠠ ᠠᠩᠭᠢᠵᠢᠷᠠᠭᠤᠯᠬᠤ ᠦᠢᠯᠡᠳᠪᠤᠷᠢ ᠶᠢᠨ ᠲᠠᠰᠤᠭ︾ ᠤᠨ ᠠᠵᠢᠯᠲᠠᠨ ᠤ ᠳᠠᠭᠠᠭᠤᠯᠭ᠎ᠠ ᠳᠣᠣᠷ᠎ᠠ᠂ ᠤᠯᠠᠮ ᠠᠴᠠ ᠤᠯᠠᠮ ᠣᠯᠠᠨ ᠶᠠᠳᠠᠭᠤ ᠬᠦᠴᠢᠷᠳᠡᠯᠲᠡᠶ ᠬᠥᠮᠦᠨ ᠠᠮᠠ ︽ᠬᠦᠯᠢᠶᠡᠬᠦ᠂  ᠲᠦᠰᠢᠬᠦ᠂ ᠠᠪᠬᠤ︾ ᠨᠢ ᠶᠠᠳᠠᠭᠤ ᠬᠦᠴᠢᠷᠳᠡᠯᠲᠡᠢ ᠳᠦᠷᠰᠦ ᠪᠠᠶᠢᠳᠠᠯ ᠢ ᠬᠤᠪᠢᠷᠠᠭᠤᠯᠵᠤ ᠳᠡᠶᠢᠯᠬᠦ ᠥᠬᠡᠶ ᠶᠢ ᠲᠠᠨᠢᠵᠤ᠂ ᠢᠳᠡᠪᠬᠢ ᠪᠣᠰᠤ᠂ ᠲᠦᠰᠢᠭᠯᠡᠬᠦ᠂ ᠠᠵᠢᠭᠯᠠᠬᠤ ᠰᠡᠳᠬᠢᠴᠡ ᠪᠠᠨ ᠠᠯᠬᠤᠮ ᠠᠯᠬᠤᠮ ᠢᠶᠠᠷ ᠬᠤᠪᠢᠷᠠᠭᠤᠯᠵᠠᠶ᠃ ︽ᠶᠠᠳᠠᠭᠤ ᠠᠴᠠ ᠠᠩᠭᠢᠵᠢᠷᠠᠭᠤᠯᠬᠤ ᠦᠢᠯᠡᠳᠪᠤᠷᠢ ᠶᠢᠨ ᠲᠠᠰᠤᠭ︾ ᠲᠤ ᠣᠷᠣᠵᠤ ᠠᠵᠢᠯ ᠬᠢᠵᠦ᠂ ︽ᠶᠠᠳᠠᠭᠤ ᠠᠴᠠ ᠠᠩᠭᠢᠵᠢᠷᠠᠭᠤᠯᠬᠤ ᠳᠤ ᠬᠥᠳᠡᠯᠮᠦᠷᠢ ᠳᠤ ᠲᠦᠰᠢᠭᠯᠡᠬᠦ︾ ᠰᠠᠶᠢᠨ ᠰᠠᠶᠢᠬᠠᠨ ᠠᠭᠤᠷ ᠠᠮᠢᠰᠬᠤᠯ ᠠᠯᠬᠤᠮ ᠠᠯᠬᠤᠮ ᠢᠶᠠᠷ ᠪᠦᠷᠢᠯᠳᠦᠵᠦ᠂ ᠶᠠᠳᠠᠭᠤ ᠬᠦᠴᠢᠷᠳᠡᠯᠲᠡᠢ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠳᠣᠲᠣᠭᠠᠳᠤ ᠬᠥᠳᠡᠯᠭᠡᠬᠦ ᠬᠦᠴᠦᠨ ᠢ ᠪᠦᠲᠦᠮᠵᠢᠲᠡᠢ ᠬᠥᠭᠵᠢᠭᠡᠵᠡᠢ᠃    ︽ᠶᠠᠳᠠᠭᠤ ᠠᠴᠠ ᠠᠩᠭᠢᠵᠢᠷᠠᠭᠤᠯᠬᠤ ᠦᠢᠯᠡᠳᠪᠤᠷᠢ ᠶᠢᠨ ᠲᠠᠰᠤᠭ ᠲᠣᠰᠬᠤᠨ ᠳᠤ ᠣᠷᠣᠭᠰᠠᠨ ᠠᠴᠠ ᠨᠠᠰᠢ ᠣᠯᠠᠨ ᠤ ᠬᠦᠷᠢᠶᠡᠯᠡᠯ ᠢ ᠣᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠲᠣᠰᠬᠤᠨ ᠠᠴᠠ  ᠪᠠᠨ ᠭᠠᠷᠬᠤ ᠦᠭᠡᠶ ᠪᠠᠷ ᠠᠵᠢᠯ ᠣᠯᠵᠤ᠂ ᠣᠷᠣᠯᠭ᠎ᠠ ᠲᠤᠭᠲᠠᠭᠤᠨ ᠪᠠᠶᠢᠵᠤ᠂ ᠪᠣᠯᠪᠠᠰᠤᠷᠠᠭᠤᠯᠤᠯ ᠳᠤ ᠣᠷᠤᠯᠴᠠᠪᠠᠯ ᠪᠠᠰᠠ ᠨᠥᠬᠦᠪᠥᠷᠢ ᠣᠯᠭᠤᠨ᠎ᠠ᠃ ᠥᠩᠭᠡᠷᠡᠭᠡᠭᠰᠡᠨ ᠳᠤ ᠵᠣᠭᠤᠰ᠂ ᠦᠬᠡᠷ ᠬᠤᠨᠢ ᠶᠢ  ᠬᠦᠷᠭᠡᠵᠦ ᠥᠭᠴᠦ ᠪᠠᠶᠢᠵᠠᠶ᠃ ᠤᠳᠤ ᠪᠣᠯ ᠬᠠᠷᠢᠨ ᠠᠵᠢᠯ ᠢ ᠭᠡᠷ ᠤᠨ ᠡᠭᠦᠳᠡᠨ ᠳᠤ ᠬᠦᠷᠭᠡᠵᠦ ᠪᠠᠶᠢᠨ᠎ᠠ᠂ ᠠᠵᠢᠯ ᠤᠯᠬᠤ᠂ ᠲᠠᠷᠢᠶᠠᠨ ᠠᠵᠢᠯ ᠬᠢᠬᠦ  ᠬᠤᠶᠠᠭᠤᠯᠠ ᠶᠢ ᠰᠠᠭᠠᠲᠠᠭᠠᠬᠤ ᠦᠭᠡᠢ︾ ᠬᠤᠸᠠᠳᠧ ᠰᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢ ᠵᠠᠩ ᠶᠠᠨ‌‍ᠬᠡᠯᠡᠨ᠎ᠡ᠃    2017 ᠣᠨ ᠠᠴᠠ ᠤᠳᠤ ᠪᠣᠯᠲᠠᠯ᠎ᠠ᠂ ᠮᠠᠨ ᠤ ᠰᠢᠶᠠᠨ ᠨᠡᠶᠢᠳᠡ 48 ᠶᠠᠳᠠᠭᠤ ᠠᠴᠠ ᠠᠩᠭᠢᠵᠢᠷᠠᠭᠤᠯᠬᠤ ᠦᠢᠯᠡᠳᠪᠦᠷᠢ ᠶᠢᠨ ᠲᠠᠰᠤᠭ ᠢ ᠪᠠᠶᠢᠭᠤᠯᠵᠤ᠂ ᠨᠡᠶᠢᠳᠡ 4000 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠪᠠ᠃ ᠪᠦᠬᠦ ᠰᠢᠶᠠᠨ ᠤ ︽ᠶᠠᠳᠠᠭᠤ ᠠᠴᠠ ᠠᠩᠭᠢᠵᠢᠷᠠᠭᠤᠯᠬᠤ ᠦᠢᠯᠡᠳᠪᠤᠷᠢ ᠶᠢᠨ ᠲᠠᠰᠤᠭ︾ ᠨᠢ ᠨᠢᠭᠡᠨᠲᠡ 1697 ᠬᠥᠮᠦᠨ ᠳᠤ ᠠᠵᠢᠯ ᠣᠯᠭᠤᠵᠤ᠂ ᠡᠭᠦᠨ ᠳᠤ ᠶᠠᠳᠠᠭᠤ ᠬᠦᠴᠢᠷᠳᠡᠯᠲᠡᠶ ᠡᠷᠦᠬᠡ 1060 ᠪᠠᠶᠢᠵᠤ᠂ ᠬᠥᠯᠥᠰᠥᠨ ᠠᠵᠢᠯ ᠬᠢᠭᠰᠡᠳ ᠤᠨ ᠵᠢᠯ ᠤᠨ ᠳᠤᠮᠳᠠᠴᠢ ᠴᠠᠯᠢᠩ ᠨᠢ 8857 ᠲᠥᠭᠦᠷᠢᠭ ᠬᠦᠷᠴᠦ ᠪᠠᠶᠢᠨ᠎ᠠ᠃    ᠪᠦᠷᠢᠳᠬᠡᠯ ᠢ ᠦᠨᠳᠦᠰᠦᠯᠡᠪᠡᠯ᠂ ︽ᠶᠠᠳᠠᠭᠤ ᠠᠴᠠ ᠠᠩᠭᠢᠵᠢᠷᠠᠭᠤᠯᠬᠤ ᠦᠢᠯᠡᠳᠪᠤᠷᠢ ᠶᠢᠨ ᠲᠠᠰᠤᠭ︾ ᠲᠠᠢ ᠲᠣᠰᠬᠤᠨ ᠤ ᠠᠷᠠᠳ ᠤᠨ ᠵᠥᠪᠯᠡᠯ᠂ ︽ᠶᠠᠳᠠᠭᠤ ᠠᠴᠠ ᠠᠩᠭᠢᠵᠢᠷᠠᠭᠤᠯᠬᠤ  ᠦᠢᠯᠡᠳᠪᠤᠷᠢ ᠶᠢᠨ ᠲᠠᠰᠤᠭ︾ ᠢ ᠪᠠᠶᠢᠭᠤᠯᠤᠭᠰᠠᠨ ᠲᠤᠰ ᠵᠢᠯ ᠳᠡᠭᠡᠨ ᠳᠠᠷᠤᠶ 3 ᠲᠦᠮᠡ — 5 ᠲᠦᠮᠡᠨ ᠲᠥᠭᠦᠷᠢᠭ ᠤᠨ ᠲᠦᠷᠢᠶᠡᠰᠦᠨ ᠮᠥᠩᠭᠦ ᠣᠯᠵᠤ᠂ ᠦᠢᠯᠡᠳᠪᠦᠷᠢᠯᠡᠯ ᠤᠨ ᠲᠠᠰᠤᠭ ᠤᠨ ᠦᠷ᠎ᠡ ᠠᠰᠢᠭ ᠤᠨ ᠳᠡᠭᠡᠭᠰᠢᠯᠡᠬᠦ ᠶᠢ ᠳᠠᠭᠠᠯᠳᠤᠨ ᠪᠠᠰᠠ ᠵᠢᠯ ᠳᠠᠷᠠᠭᠠᠯᠠᠨ ᠨᠡᠮᠡᠭᠳᠡᠬᠦ ᠪᠣᠯᠤᠨ᠎ᠠ᠃ ︽ᠶᠠᠳᠠᠭᠤ ᠠᠴᠠ ᠠᠩᠭᠢᠵᠢᠷᠠᠭᠤᠯᠬᠤ ᠦᠢᠯᠡᠳᠪᠤᠷᠢ ᠶᠢᠨ ᠲᠠᠰᠤᠭ︾ ᠨᠢ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠣᠷᠤᠨ ᠶᠠᠳᠠᠭᠤ ᠬᠦᠴᠢᠷᠳᠡᠯ ᠤᠨ ᠦᠨᠳᠦᠰᠦ ᠶᠢ ᠨᠢ ᠣᠨᠣᠪᠴᠢᠲᠠᠶ ᠡᠷᠢᠵᠦ ᠥᠭᠴᠦ ᠂ ᠦᠵᠡᠯ ᠰᠠᠨᠠᠭᠠᠨ ᠤ ᠵᠠᠩᠭᠢᠶᠠᠯᠠᠰᠤ ᠶᠢ ᠲᠠᠶᠢᠯᠵᠤ᠂ ᠪᠠᠶᠠᠵᠢᠨ ᠴᠢᠨᠡᠭᠡᠯᠢᠭᠵᠢᠬᠦ ᠢᠲᠡᠭᠡᠯ ᠵᠣᠷᠢᠭ ᠢ ᠬᠥᠭᠵᠢᠭᠡᠵᠦ᠂ ᠵᠣᠯ ᠵᠢᠷᠭᠠᠯᠲᠤ ᠠᠮᠢᠳᠤᠷᠠᠯ ᠵᠦᠭ ᠲᠣᠮᠣ ᠠᠯᠴᠠᠮ ᠢᠶᠠᠷ ᠤᠷᠤᠭᠰᠢᠯᠠᠵᠤ᠂ ᠲᠠᠷᠢᠶᠠᠴᠢᠳ ᠤᠨ ᠶᠠᠳᠠᠭᠤ ᠠᠴᠠ ᠠᠩᠭᠢᠵᠢᠷᠠᠵᠤ ᠪᠠᠶᠠᠵᠢᠨ ᠴᠢᠨᠡᠭᠡᠯᠢᠭᠵᠢᠬᠦ ᠶᠡᠭᠡ ᠲᠠᠪᠴᠠᠩ ᠪᠣᠯᠪᠠ᠃                      ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ                      ᠣᠷᠴᠢᠭᠤᠯᠤᠭᠴᠢ᠄ ᠭᠡᠷᠡᠯ             ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2