ᠥᠪᠡᠷᠲᠡᠭᠡᠨ ᠵᠠᠰᠠᠬᠤ ᠣᠷᠣᠨ ᠤ ᠨᠠᠮ ‍ᠤᠨ‌ᠬᠤᠷᠢᠶᠠᠨ ᠤ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠰᠢᠢᠳᠪᠤᠷᠢᠲᠤ ᠳᠠᠶᠢᠯᠠᠯᠳᠤᠭᠠᠨ ᠬᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ︾ ᠭᠤᠣᠯ ᠰᠡᠳᠦᠪᠲᠦ ᠲᠣᠭᠤᠷᠢᠨ ᠤᠬᠠᠭᠤᠯᠭ᠎ᠠ ᠶᠢᠨ ᠪᠦᠯᠬᠦᠮ ᠮᠠᠨ ᠤ ᠰᠢᠶᠠᠨ ᠳᠤ ᠢᠷᠡᠪᠡ
ᠨᠡᠶᠢᠲᠡᠯᠡᠭᠰᠡᠨ ᠴᠠᠭ᠄
2020-05-28
    ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠬᠤ ᠶᠢᠨ ᠲᠥᠯᠥᠭᠡ᠂ 5 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠲᠣᠭᠤᠷᠢᠨ ᠤᠬᠠᠭᠤᠯᠤᠨ ᠲᠠᠶᠢᠯᠪᠤᠷᠢᠯᠡᠬᠤ ᠪᠦᠯᠬᠦᠮ ᠮᠠᠨ ᠤ ᠰᠢᠶᠠᠨ ᠳᠤ ᠢᠷᠡᠵᠦ᠂ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠰᠢᠢᠳᠪᠤᠷᠢᠲᠤ ᠳᠠᠶᠢᠯᠠᠯᠳᠤᠭᠠᠨ ᠬᠢᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠢᠳᠪᠤᠷᠢᠲᠤ ᠢᠯᠠᠯᠲᠠ ᠶᠢ ᠤᠯᠬᠤ︾ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠤᠯᠬᠤ ᠳᠤ ᠪᠠᠲᠤ ᠴᠢᠩᠭ᠎ᠠ  ᠬᠦᠴᠦᠨ ᠪᠦᠬᠦᠢ ᠤᠶᠤᠨ ᠰᠠᠨᠠᠭᠠᠨ ᠤ ᠬᠥᠳᠡᠯᠭᠡᠬᠦ ᠬᠦᠴᠦᠨ ᠪᠠ ᠤᠶᠤᠨ ᠤᠬᠠᠭᠠᠨ ᠤ ᠳᠡᠮᠵᠢᠯᠭᠡ ᠬᠠᠩᠭᠠᠪᠡ᠃
   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠣᠷᠳᠣᠰ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠬᠠᠩᠭᠢᠨ ᠬᠤᠰᠢᠭᠤᠨ ᠤ ᠳᠤᠭᠤᠶ ᠲᠠᠯ᠎ᠠ ᠪᠠᠯᠭᠠᠰᠤᠨ ᠤ ᠳᠣᠲᠤᠭᠤ ᠭᠠᠴᠠᠭᠠᠨ ᠳᠤ ᠲᠣᠮᠢᠯᠠᠨ ᠰᠠᠭᠤᠯᠭᠠᠭᠰᠠᠨ ᠨᠢᠭᠡᠳᠦᠭᠡᠷ ᠱᠦᠵᠢ ᠮᠠᠰᠢᠪᠢᠯᠢᠭ᠌᠂ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠥᠯᠵᠡᠶ ᠰᠤᠮᠤᠨ ᠤ ᠥᠨᠳᠥᠷ ᠮᠣᠳᠣ ᠭᠠᠴᠠᠭᠠᠨ ᠳᠤ ᠲᠣᠮᠢᠯᠠᠨ ᠰᠠᠭᠤᠯᠭᠠᠭᠰᠠᠨ ᠨᠢᠭᠡᠳᠦᠭᠡᠷ ᠱᠦᠵᠢ ᠮᠠᠭᠤᠲᠡᠮᠦᠷ ᠵᠢᠴᠢ ᠮᠠᠨ ᠤ ᠰᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠨᠠᠮ ᠤᠨ ᠰᠤᠷᠭᠠᠭᠤᠯᠢ ᠶᠢᠨ ᠪᠠᠭᠰᠢ ᠰᠦᠩ ᠵᠢᠶᠠ᠂ ᠮᠠᠨ ᠤ ᠰᠢᠶᠠᠨ ᠤ ᠴᠤᠤᠶᠠᠩ ᠪᠠᠯᠭᠠᠰᠤ᠂ ᠴᠠᠩᠱᠦ᠋ᠨ ᠪᠠᠯᠭᠠᠰᠤᠨ ᠤ ᠰᠢᠨᠡᠤᠰᠤ᠂ ᠶᠠᠩ ᠵᠢᠶᠠ ᠳ᠋ᠢ ᠳᠤ ᠭᠦᠨᠵᠡᠭᠡᠶᠢᠷᠡᠨ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠪᠠ ᠡᠷᠦᠬᠡ ᠳᠤ ᠣᠷᠣᠵᠤ ᠤᠬᠠᠭᠤᠯᠤᠨ ᠲᠠᠶᠢᠯᠪᠤᠷᠢᠯᠡᠯ ᠬᠢᠪᠡ᠃
   ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤᠮᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠲᠣᠭᠤᠷᠢᠨ ᠤᠬᠠᠭᠤᠯᠬᠤ ᠪᠦᠯᠬᠦᠮ ᠤᠨ ᠬᠤᠶᠠᠷ ᠯᠧᠺᠲ᠋ᠣᠷ ᠵᠢᠴᠢ ᠮᠠᠨ ᠤ ᠰᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠥᠷᠥ ᠶᠢᠨ ᠪᠣᠳᠣᠯᠭ᠎ᠠ ᠶᠢᠨ ᠮᠡᠳᠡᠯᠭᠡ ᠶᠢᠨ ᠲᠣᠭᠤᠷᠢᠨ ᠳᠤ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠦ᠂ ᠲᠣᠰ ᠲᠣᠰ ︽ᠦᠨᠳᠦᠰᠦᠨ ᠱᠠᠲᠤᠨ ᠤ ᠨᠢᠭᠡᠳᠦᠭᠡᠷ ᠹᠷᠣᠨᠲ ᠳᠤ ᠦᠨᠳᠦᠰᠦᠯᠡᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ ᠬᠠᠷᠢᠭᠤᠴᠠᠯᠭ᠎ᠠ ᠪᠠ ᠡᠭᠦᠷᠭᠡᠯᠡᠯ ᠢᠶᠠᠷ ᠡᠪ ᠬᠠᠮᠲᠤ ᠨᠠᠮ ᠤᠨ ᠭᠡᠰᠢᠭᠦᠨ ᠤ ᠣᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠦᠶ᠎ᠡ︾ ︽ᠦᠨᠳᠦᠰᠦᠨ ᠱᠠᠲᠤᠨ ᠳᠤ ᠦᠨᠳᠦᠰᠦᠯᠡᠪᠡᠯ ᠬᠦᠴᠢᠷ ᠪᠡᠷᠬᠡᠰᠢᠶᠡᠯ ᠠᠴᠠ ᠠᠶᠤᠬᠤ ᠥᠬᠡᠶ ᠪᠠᠷ ᠨᠢᠭᠡ ᠰᠡᠳᠬᠢᠯ ᠢᠶᠠᠷ ᠠᠷᠠᠳ ᠤᠨ ᠲᠥᠯᠥᠭᠡ ᠡᠷᠲᠡ ᠶᠠᠳᠠᠭᠤ ᠠᠴᠠ ᠠᠩᠭᠢᠵᠢᠷᠠᠨ᠎ᠠ︾ ᠭᠡᠬᠦ ᠰᠡᠳᠦᠪ ᠢᠶᠠᠷ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠪᠠ᠃ ᠤᠯᠠᠨ ᠢ ᠳᠠᠭᠠᠭᠤᠯᠤᠨ ᠶᠡᠷᠦᠩᠬᠡᠢ ᠱᠦᠵᠢ ᠰᠢ ᠶᠢᠨ ᠫᠢᠩ ᠤᠨ 6 ᠵᠢᠯ ᠤᠨ 7 ᠤᠳᠠᠭᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠠᠭᠤᠯᠭ᠎ᠠ ᠶᠢ ᠡᠷᠭᠢᠴᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ ᠠᠴᠠ ᠭᠤᠤᠯᠯᠠᠬᠤ ᠠᠵᠤ ᠦᠢᠯᠡᠰ ᠢ ᠠᠳᠬᠤᠨ ᠬᠥᠭᠵᠢᠯᠲᠡ ᠶᠢ ᠠᠬᠢᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠣᠷᠤᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠦᠨᠡᠨᠬᠦ ᠪᠠᠲᠤᠯᠠᠵᠤ᠂ ᠡᠩᠨᠡᠭᠡᠨ ᠤ ᠴᠢᠳᠠᠪᠤᠷᠢ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ᠂ ᠲᠣᠰ ᠪᠡᠶ᠎ᠡ ᠶᠢᠨ ᠲᠣᠰᠬᠤᠨ ᠳᠤ ᠰᠠᠭᠤᠬᠤ ᠠᠵᠢᠯ ᠤᠨ ᠦᠢᠯᠡᠳᠦᠯᠭᠡ ᠵᠡᠷᠭᠡ ᠲᠠᠯ᠎ᠠ ᠪᠠᠷ ᠲᠠᠶᠢᠯᠤᠮᠵᠢ ᠬᠢᠵᠦ᠂ ᠲᠠᠶᠢᠯᠤᠮᠵᠢ ᠨᠢ ᠪᠠᠶᠢᠳᠠᠯ ᠢ ᠶᠠᠷᠢᠬᠤ᠂ ᠲᠤᠷᠰᠢᠯᠭ᠎ᠠ ᠶᠢ ᠶᠠᠷᠢᠬᠤ᠂ ᠦᠢᠯᠡ ᠶᠠᠪᠤᠳᠠᠯ ᠢ ᠶᠠᠷᠢᠬᠤ ᠪᠠᠷ ᠳᠠᠮᠵᠢᠨ ᠣᠨᠣᠯ ᠲᠥᠷᠥ ᠶᠢᠨ ᠪᠣᠳᠣᠯᠭ᠎ᠠ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠯᠢᠭᠡᠷ ᠲᠠᠢ ᠨᠢᠭᠲᠠ ᠤᠶᠠᠯᠳᠤᠭᠤᠯᠵᠤ᠂ ᠳᠥᠭᠦᠮ ᠣᠶᠢᠯᠠᠭᠠᠮᠵᠢᠲᠠᠶ ᠦᠭᠡ ᠬᠡᠯᠡ᠂ ᠲᠣᠰᠬᠤᠨ ᠳᠤ ᠰᠠᠭᠤᠭ᠎ᠠ ᠠᠵᠢᠯ ᠳᠠᠬᠢ ᠪᠣᠳᠠᠲᠠᠶ ᠲᠤᠷᠰᠢᠯᠭ᠎ᠠ ᠲᠠᠢ ᠪᠠᠨ ᠤᠶᠠᠯᠳᠤᠭᠤᠯᠤᠨ ᠣᠨᠣᠯ ᠲᠥᠷᠥ ᠶᠢᠨ ᠪᠣᠳᠤᠯᠭ᠎ᠠ᠂ ᠶᠠᠳᠠᠭᠤ ᠠᠴᠠ ᠠᠩᠭᠢᠵᠢᠷᠠᠭᠤᠯᠤᠭᠰᠠᠨ ᠦᠯᠢᠭᠡᠷ ᠢ ᠦᠨᠳᠦᠰᠦᠨ ᠱᠠᠲᠤᠨ ᠳᠤ ᠬᠦᠷᠭᠡᠵᠡᠶ᠃ ᠺᠠᠳ᠋ᠷ ᠤᠨ ᠰᠡᠳᠬᠢᠯ ᠳᠤ ᠬᠦᠷᠭᠡᠵᠦ᠂ ᠪᠠᠯᠭᠠᠰᠤ ᠲᠣᠰᠬᠤᠨ ᠤ ᠺᠠᠳ᠋ᠷ᠂ ᠶᠠᠳᠠᠭᠤ ᠶᠢ ᠲᠡᠳᠬᠦᠬᠦ ᠺᠠᠳ᠋ᠷ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠤᠷᠢᠲᠤ ᠢᠯᠠᠯᠲᠠ ᠶᠢ ᠣᠯᠬᠤ ᠡᠷᠡᠰ ᠵᠣᠷᠢᠭ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢ ᠮᠡᠳᠡᠬᠦ ᠨᠣᠷᠮ᠎ᠠ ᠶᠢ ᠳᠡᠭᠡᠭᠰᠢᠯᠡᠭᠦᠯᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠶᠠᠳᠠᠭᠤ ᠬᠦᠴᠢᠷᠳᠡᠯ ᠲᠠᠢ ᠤᠯᠠᠨ ᠲᠦᠮᠡᠨ ᠳᠤ ︽ᠶᠠᠳᠠᠭᠤ ᠠᠴᠠ ᠠᠩᠭᠢᠵᠢᠷᠠᠨ ᠪᠠᠶᠠᠵᠢᠬᠤ ᠳᠤ ᠥᠪᠡᠷ ᠤᠨ ᠴᠢᠷᠮᠠᠶᠢᠯᠭ᠎ᠠ ᠳᠠᠭᠠᠨ ᠲᠦᠰᠢᠭᠯᠡᠬᠦ︾ ᠬᠤᠪᠢᠷᠠᠰᠢ ᠦᠭᠡᠢ ᠦᠨᠡᠨ ᠶᠣᠰᠣ ᠶᠢ ᠭᠦᠢᠴᠡᠳ ᠲᠠᠨᠢᠭᠤᠯᠵᠤ᠂ ᠤᠯᠠᠨ ᠲᠦᠮᠡᠨ ᠤ ︽ᠬᠦᠯᠢᠶᠡᠬᠦ᠂ ᠲᠦᠰᠢᠬᠦ᠂ ᠠᠪᠬᠤ︾ ᠦᠵᠡᠯ ᠰᠠᠨᠠᠭ᠎ᠠ ᠶᠢ ᠠᠷᠢᠯᠭᠠᠵᠠᠶ᠃ ᠤᠯᠠᠨ ᠲᠦᠮᠡᠨ ᠤ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠴᠥᠬᠦᠷᠡᠰᠢ ᠦᠭᠡᠢ ᠲᠡᠮᠡᠴᠡᠯ ᠤᠨ ᠵᠣᠷᠢᠭ ᠢ ᠬᠦᠪᠴᠢᠯᠡᠪᠡ᠃
   ᠤᠬᠠᠭᠤᠯᠤᠨ ᠲᠠᠶᠢᠯᠪᠤᠷᠢᠯᠠᠬᠤ ᠬᠤᠭᠤᠴᠠᠭᠠᠨ ᠳᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠪᠠᠰᠠ ᠴᠠᠩ ᠱᠦᠨ ᠪᠠᠯᠭᠠᠰᠤᠨ ᠤ ᠰᠢᠨᠡᠤᠰᠤ᠂ ᠶᠠᠩ ᠵᠢᠶᠠ ᠳ᠋ᠢ ᠲᠣᠰᠬᠤᠨ ᠤ ᠠᠷᠠᠳ ᠤᠨ ᠭᠡᠷ ᠲᠤ ᠭᠦᠨᠵᠡᠭᠡᠶᠢᠷᠡᠨ ᠲᠡᠳᠡᠨ ᠲᠠᠢ ᠬᠠᠮᠲᠤ ᠰᠠᠨᠠᠯ ᠢᠶᠠᠨ ᠰᠣᠯᠢᠯᠴᠠᠵᠠᠶ᠃ ᠬᠢᠯᠪᠠᠷᠴᠢᠯᠠᠭᠰᠠᠨ᠂ ᠣᠯᠠᠨ ᠲᠦᠮᠡᠨᠴᠢᠯᠡᠭᠰᠡᠨ ᠢᠯᠡᠳᠬᠡᠯ ᠢᠶᠠᠷ ᠳᠠᠮᠵᠢᠭᠤᠯᠤᠨ ᠦᠵᠡᠯ ᠰᠠᠨᠠᠭ᠎ᠠ ᠦᠵᠡᠯᠲᠡ ᠶᠢ ᠲᠠᠶᠢᠯᠪᠤᠷᠢᠯᠡᠵᠦ᠂ ᠥᠪᠡᠷ ᠤᠨ ᠰᠢᠨ᠎ᠡ ᠰᠣᠷᠭᠤᠭ ᠪᠣᠳᠠᠲᠤ ᠵᠢᠱᠢᠶ᠎ᠡ ᠪᠠᠷ ᠢᠶᠠᠨ ᠤᠨᠤᠯ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠠᠶᠢᠯᠪᠤᠷᠢᠯᠠᠵᠤ᠂ ᠤᠯᠠᠨ ᠳᠤ ᠣᠶᠢᠯᠭᠠᠮᠵᠢᠲᠡᠢ᠂ ᠰᠣᠨᠤᠰᠪᠦᠷᠢᠲᠠᠢ᠂ ᠰᠠᠭᠤᠳᠠᠯ ᠲᠠᠢ ᠪᠣᠯᠪᠠ᠃
   ᠣᠶᠢᠯᠠᠭᠠᠭᠰᠠᠨ ᠢᠶᠠᠷ᠂ ᠡᠨᠡ ᠤᠳᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ  ᠰᠢᠢᠳᠪᠤᠷᠢᠲᠤ ᠢᠯᠠᠯᠲᠠ ᠶᠢ ᠲᠡᠮᠡᠴᠡᠨ ᠣᠯᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠤᠷᠢᠯᠡᠬᠦ ᠭᠤᠤᠯ ᠰᠡᠳᠦᠪᠲᠦ ᠲᠣᠭᠤᠷᠢᠨ ᠤᠬᠠᠭᠤᠯᠬᠤ ᠲᠠᠶᠢᠯᠪᠤᠷᠢᠯᠠᠯᠲᠠ ᠶᠢᠨ ᠠᠵᠢᠯ 5 ᠰᠠᠷ᠎ᠠ ᠶᠢᠨ ᠰᠡᠭᠦᠯᠴᠢ ᠪᠣᠯᠲᠠᠯ᠎ᠠ ᠦᠷᠭᠦᠯᠵᠢᠯᠡᠵᠦ᠂ ᠵᠡᠭᠦᠨ ᠪᠠᠷᠠᠭᠤᠨ ᠬᠤᠶᠠᠷ ᠬᠡᠰᠡᠭ ᠣᠷᠣᠨ ᠢᠶᠠᠷ ᠶᠠᠪᠤᠭᠳᠠᠨ᠎ᠠ᠃ ᠶᠠᠳᠠᠭᠤ ᠠᠴᠠ ᠠᠩᠭᠢᠵᠢᠷᠠᠭᠰᠠᠨ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠳᠤ ᠲᠣᠭᠤᠷᠢᠨ ᠤᠬᠠᠭᠤᠯᠤᠨ ᠲᠠᠶᠢᠯᠪᠤᠷᠢᠯᠠᠨ᠎ᠠ᠃                  ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ                 ᠣᠷᠴᠢᠭᠤᠯᠤᠭᠴᠢ᠄ ᠭᠡᠷᠡᠯ        ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2