ᠠᠮᠢ ᠠᠬᠤᠶ ᠶᠢᠨ ᠠᠵᠤ ᠠᠬᠤᠶ ᠪᠠᠷ ᠰᠢᠶᠠᠨ ᠢᠶᠠᠨ ᠪᠥᠲᠦᠭᠡᠨ ᠪᠠᠶᠢᠭᠤᠯᠵᠤ ᠪᠣᠬᠢᠷᠲᠤᠯ ᠦᠭᠡᠢ ᠠᠵᠤ | ᠦᠢᠯᠡᠰ ᠢᠶᠠᠷ ᠠᠷᠠᠳ ᠢᠶᠠᠨ ᠴᠢᠨᠡᠭᠡᠯᠢᠭᠵᠢᠭᠦᠯᠦᠨ᠎ᠡ | — ᠰᠢᠶᠠᠨ ᠤ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ ᠵᠢᠶᠠ ᠴᠢᠶᠠᠩ | | ᠰᠤᠷᠪᠤᠯᠵᠢᠯᠠᠭᠴᠢ᠄ ᠵᠢᠶᠠ ᠲᠣᠪᠴᠢᠶᠠᠨ ᠳᠠᠷᠤᠭ᠎ᠠ ᠡ᠂ ᠣᠶᠢᠷ᠎ᠠ ᠶᠢᠨ ᠵᠢᠯ ᠳᠤ ᠮᠠᠨ ᠤ ᠰᠢᠶᠠᠨ ᠤ ᠠᠮᠢ | ᠠᠬᠤᠶ ᠶᠢᠨ ᠪᠥᠲᠥᠭᠡᠨ ᠪᠠᠶᠢᠭᠤᠯᠤᠯᠲᠠ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠶ︖ | ᠵᠢᠶᠠ ᠴᠢᠶᠠᠩ᠄ ᠣᠶᠢᠷ᠎ᠠ ᠶᠢᠨ ᠵᠢᠯ ᠤᠳ ᠲᠤ᠂ ᠮᠠᠨ ᠤ ᠰᠢᠶᠠᠨ ᠠᠮᠢ ᠠᠬᠤᠶ ᠶᠢᠨ ᠪᠦᠲᠦᠭᠡᠨ | ᠪᠠᠶᠢᠭᠤᠯᠤᠯᠲᠠ ᠶᠢ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠮᠬᠠᠳᠠ ᠲᠤᠭᠤᠰᠢᠯᠠᠭᠤᠯᠵᠤ᠂ ᠣᠷᠴᠢᠨ | ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠵᠤ᠂ ᠠᠮᠢ ᠠᠬᠤᠶ ᠪᠠᠷ ᠰᠢᠶᠠᠨ ᠢᠶᠠᠨ ᠪᠠᠶᠢᠭᠤᠯᠬᠤ | ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ | ᠪᠠᠷᠢᠮᠲᠠᠯᠠᠵᠤ᠂ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢ ᠥᠨᠳᠥᠷ ᠬᠢᠷᠢ ᠲᠦᠪᠰᠢᠨ ᠲᠠᠢ᠂ ᠴᠢᠨᠠᠷ ᠰᠠᠶᠢᠲᠠᠢ᠂ | ᠥᠨᠳᠥᠷ ᠦᠷ᠎ᠡ ᠪᠦᠲᠦᠮᠵᠢᠲᠡᠢ ᠪᠠᠷ ᠲᠦᠯᠬᠢᠨ ᠠᠬᠢᠭᠤᠯᠬᠤ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠬᠢᠭᠡᠳ ᠡᠬᠢ | ᠪᠠᠶᠠᠯᠢᠭ ᠣᠷᠴᠢᠨ ᠲᠣᠭᠤᠷᠢᠨ ᠤ ᠵᠣᠬᠢᠴᠠᠩᠭᠤᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠠᠢ᠃ ᠭᠡᠪᠡᠴᠦ | ᠮᠠᠨ ᠤ ᠰᠢᠶᠠᠨ ᠭᠠᠩ ᠬᠠᠭᠤᠷᠠᠶ ᠪᠠ ᠬᠠᠭᠠᠰ ᠭᠠᠩ ᠬᠠᠭᠤᠷᠠᠶ ᠣᠷᠣᠨ ᠳᠤ ᠣᠷᠣᠰᠢᠵᠤ᠂ ᠬᠤᠷ᠎ᠠ ᠲᠣᠨᠣᠳᠠᠰᠤ ᠪᠠᠭ᠎ᠠ | ᠂ ᠬᠤᠷᠠᠮᠳᠤᠭᠰᠠᠨ ᠳᠤᠯᠠᠭᠠᠨ ᠳᠣᠣᠷ᠎ᠠ᠂ ᠬᠥᠷᠥᠰᠥ ᠰᠢᠷᠣᠢ ᠠᠨᠠᠢ ᠵᠡᠷᠭᠡ ᠪᠠᠶᠢᠭᠠᠯᠢ ᠶᠢᠨ ᠬᠦᠴᠦᠨ ᠵᠦᠢᠯ ᠤᠨ | ᠨᠥᠯᠥᠭᠡ ᠠᠴᠠ ᠪᠣᠯᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠦᠴᠢᠷ ᠤᠨ ᠬᠡᠮᠵᠢᠶ᠎ᠡ ᠨᠡᠩ ᠶᠡᠭᠡ | ᠪᠠᠶᠢᠨ᠎ᠠ᠃ ᠬᠡᠳᠦ᠋ᠢᠪᠡᠷ ᠡᠶᠢᠮᠦ ᠪᠣᠯᠪᠠᠴᠤ᠂ ᠪᠢᠳᠡ ᠳᠡᠭᠡᠳᠤ ᠱᠠᠲᠤᠨ ᠤ ᠤᠳᠤᠷᠢᠳᠤᠯᠭ᠎ᠠ ᠶᠢᠨ ᠬᠦᠴᠦᠲᠡᠶ ᠳᠡᠮᠵᠢᠯᠭᠡ | ᠳᠣᠣᠷ᠎ᠠ᠂ ᠪᠦᠬᠦ ᠰᠢᠶᠠᠨ ᠤ ᠤᠯᠠᠨ ᠲᠦᠮᠡᠨ ᠤ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠳᠤ ᠣᠷᠣᠯᠴᠠᠬᠤ ᠶᠢ | ᠰᠠᠨᠠᠭᠠᠴᠢᠯᠠᠵᠤ᠂ ᠵᠣᠬᠢᠶᠠᠨ ᠪᠠᠶᠢᠭᠤᠯᠤᠯᠲᠠ ᠲᠠᠢ᠂ ᠲᠥᠯᠥᠪᠵᠢᠭᠦᠯᠭᠡ ᠲᠠᠢ᠂ ᠶᠡᠭᠡ ᠬᠦᠷᠢᠶ᠎ᠡ ᠬᠡᠪᠴᠢᠶᠡᠨ ᠤ ᠣᠶᠢᠵᠢᠭ | ᠤᠯᠬᠤ ᠤᠢ ᠶᠢ ᠰᠠᠨᠠᠭᠠᠴᠢᠯᠠᠬᠤ ᠶᠢ ᠠᠬᠢᠭᠤᠯᠵᠤ ᠪᠤᠢ᠃ ᠣᠳᠣᠬᠠᠨ ᠳᠤ᠂ ᠮᠠᠨ ᠤ ᠰᠢᠶᠠᠨ 151 ᠲᠦᠮᠡᠨ ᠮᠥ | ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠵᠤ᠂ 43.83 ᠲᠦᠮᠡᠨ ᠮᠥ ᠲᠠᠷᠢᠶᠠᠯᠠᠬᠤ ᠶᠢ | ᠵᠣᠭᠰᠣᠭᠠᠵᠤ ᠣᠶ ᠰᠢᠭᠤᠶ ᠶᠢ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠬᠤᠲᠠ ᠪᠠᠯᠭᠠᠰᠤᠨ ᠤ ᠡᠷᠬᠢᠨ | ᠲᠣᠭᠤᠷᠢᠨ ᠤ ᠨᠣᠭᠤᠭᠠᠷᠠᠭᠤᠯᠤᠯᠲᠠ ᠶᠢᠨ ᠲᠠᠯᠠᠪᠠᠶ 8 ᠲᠦᠮᠡᠨ ᠮᠥ᠂ ᠬᠢᠯᠢ ᠶᠢᠨ ᠳᠣᠲᠣᠷᠠᠬᠢ ᠮᠤᠵᠢ ᠶᠢᠨ ᠵᠠᠮ ᠤᠨ | ᠨᠣᠭᠤᠭᠠᠷᠠᠭᠤᠯᠤᠯᠲᠠ ᠶᠢᠨ ᠤᠷᠲᠤ 127.2 ᠺᠢᠯᠣᠮᠧᠲᠷ᠂ ᠰᠢᠶᠠᠨ ᠰᠢᠶᠠᠩ ᠤᠨ ᠵᠠᠰᠠᠮᠠᠯ ᠵᠠᠮ ᠢ 107 ᠺᠢᠯᠣᠮᠧᠲᠷ | ᠨᠣᠭᠤᠭᠠᠷᠠᠭᠤᠯᠵᠤ᠂ ᠣᠶ ᠰᠢᠭᠤᠶ ᠶᠢᠨ ᠪᠦᠷᠬᠦᠴᠡ ᠶᠢ 24.52% ᠲᠤ ᠬᠦᠷᠭᠡᠵᠡᠶ᠃ ᠠᠷᠠᠳ ᠤᠨ ᠠᠭᠤᠳᠠᠮ | ᠲᠠᠯᠠᠪᠠᠶ᠂ ᠰᠢ ᠱᠠᠨ ᠣᠶ ᠰᠢᠭᠤᠶ ᠶᠢᠨ ᠴᠡᠴᠡᠷᠯᠢᠭ᠂ ᠳ᠋ᠦᠩ ᠬᠤ᠋ ᠴᠡᠴᠡᠷᠯᠢᠭ ᠵᠡᠷᠭᠡ ᠰᠠᠭᠤᠭᠠᠯᠢ ᠠᠷᠠᠳ ᠤᠨ | ᠰᠡᠯᠡᠭᠦᠴᠡᠯ ᠤᠨ ᠲᠠᠯᠠᠪᠤᠷ ᠢ ᠪᠠᠶᠢᠭᠤᠯᠵᠤ ᠳᠠᠭᠤᠰᠬᠠᠵᠠᠶ᠃ ᠮᠠᠨ ᠤ ᠰᠢᠶᠠᠨ ᠤ ᠰᠠᠭᠤᠷᠢᠰᠢᠯ ᠤᠨ ᠣᠷᠴᠢᠨ | ᠨᠥᠬᠦᠴᠡᠯ ᠢ ᠶᠡᠭᠡ ᠪᠠᠷ ᠰᠠᠶᠢᠵᠢᠷᠠᠭᠤᠯᠬᠤ ᠶᠢᠨ ᠬᠠᠮᠲᠤ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠶ ᠶᠢᠨ | ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠳᠤ ᠯᠤᠲᠤ ᠶᠡᠭᠡ ᠬᠤᠪᠢ ᠨᠡᠮᠡᠷᠢ ᠦᠵᠡᠭᠦᠯᠪᠡ᠃ | ᠰᠤᠷᠪᠤᠯᠵᠢᠯᠠᠭᠴᠢ᠄ ᠡᠨᠡ ᠵᠢᠯ ᠮᠠᠨ ᠤ ᠰᠢᠶᠠᠨ ᠤ ᠭᠤᠤᠯᠳᠠᠯᠭ᠎ᠠ ᠲᠠᠢ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠶᠠᠭᠤ ᠶᠠᠭᠤ ᠪᠠᠶᠢᠬᠤ ᠪᠣᠶ︖ | ᠵᠢᠶᠠ ᠴᠢᠶᠠᠩ᠄ ᠡᠨᠡ ᠵᠢᠯ᠂ ᠣᠢ ᠰᠢᠭᠤᠶ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠨᠢ ᠶᠡᠷᠦᠩᠬᠡᠶ ᠱᠦᠵᠢ ᠰᠢ ᠶᠢᠨ ᠫᠢᠩ ᠤᠨ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠶᠡᠷᠦᠩᠬᠡᠶ ᠰᠡᠳᠬᠢᠮᠵᠢ ᠪᠠᠷ ᠵᠢᠯᠣᠭᠤᠳᠣᠯᠭ᠎ᠠ ᠪᠣᠯᠭᠠᠵᠤ᠂ ︽ᠭᠤᠷᠪᠠᠨ ᠶᠡᠭᠡ ᠪᠣᠭᠤᠮᠲᠠ | ᠰᠢᠪᠲᠤᠯᠬᠤ ᠳᠠᠶᠢᠯᠠᠯᠳᠤᠭᠠᠨ︾᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠤᠶᠠᠯᠳᠤᠭᠤᠯᠤᠨ᠂ ᠠᠮᠢ ᠠᠬᠤᠢ ᠶᠢᠨ ᠬᠠᠮᠠᠭᠠᠯᠠᠯᠲᠠ ᠶᠢ ᠲᠡᠷᠢᠭᠦᠨ ᠳᠤ | ᠲᠠᠯᠪᠢᠵᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠮᠢ ᠠᠬᠤᠶ ᠶᠢ ᠵᠠᠰᠠᠬᠤ᠂ ᠨᠤᠲᠤᠭ | ᠪᠡᠯᠴᠢᠭᠡᠷ ᠢ ᠰᠡᠷᠭᠦᠭᠡᠨ ᠵᠠᠰᠠᠬᠤ ᠪᠠ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠶ ᠶᠢᠨ ᠴᠢᠳᠠᠮᠵᠢ ᠶᠢᠨ | ᠪᠠᠲᠤᠯᠠᠭ᠎ᠠ ᠶᠢᠨ ᠰᠠᠭᠤᠷᠢ ᠱᠤᠭᠤᠮ᠂ ᠪᠠᠶᠢᠭᠠᠯᠢ ᠶᠢᠨ ᠡᠬᠢ ᠪᠠᠶᠠᠯᠢᠭ ᠢ ᠠᠰᠢᠭᠯᠠᠬᠤ ᠳᠡᠭᠡᠳᠤ ᠱᠤᠭᠤᠮ᠂ ᠠᠮᠢ | ᠠᠬᠤᠶ ᠶᠢᠨ ᠠᠮᠤᠷ ᠲᠦᠪᠰᠢᠨ ᠤ ᠬᠢᠵᠠᠭᠠᠷ ᠱᠤᠭᠤᠮ ᠢ ᠪᠠᠲᠤ ᠰᠠᠬᠢᠬᠤ ᠶᠢ ᠪᠠᠷᠢᠮᠲᠠᠯᠠᠨ᠎ᠠ᠃ ᠪᠡᠭᠡᠵᠢᠩ ᠲᠢᠶᠠᠨᠵᠢᠨ ᠤ | ᠰᠠᠯᠬᠢ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠦᠷᠬᠦᠯᠵᠢᠯᠡᠨ ᠬᠡᠷᠡᠭᠵᠢᠭᠦᠯᠵᠦ | ᠂ ᠣᠶ ᠰᠢᠭᠤᠶ ᠶᠢᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠶ ᠲᠠᠯᠠᠪᠠᠶ ᠶᠢ 3 ᠲᠦᠮᠡᠨ ᠮᠦ᠂ ᠡᠭᠦᠨ ᠳᠤ᠄ | ᠬᠥᠮᠦᠨ ᠤ ᠬᠦᠴᠦ ᠪᠠᠷ 0.5 ᠲᠦᠮᠡᠨ ᠮᠦ ︵ᠲᠤᠷᠤᠭ ᠮᠣᠳᠣ 0.3 ᠲᠦᠮᠡᠨ ᠮᠦ᠂ ᠪᠣᠳᠠ 0.2 ᠲᠦᠮᠡᠨ ᠮᠦ︶ | ᠶᠢ ᠣᠶᠢᠵᠢᠭᠤᠯᠵᠤ᠂ ᠲᠤᠷᠤᠭ ᠮᠣᠳᠣ ᠶᠢᠨ ᠮᠦ ᠪᠦᠷᠢ ᠶᠢᠨ ᠪᠡᠯᠡ ᠣᠷᠣᠭᠤᠯᠤᠯᠲᠠ 500 ᠲᠥᠭᠦᠷᠢᠭ᠂ ᠪᠣᠳᠠ ᠶᠢᠨ | ᠮᠦ ᠪᠦᠷᠢ ᠶᠢᠨ ᠪᠡᠯᠡ ᠣᠷᠣᠭᠤᠯᠤᠯᠲᠠ 240 ᠲᠥᠭᠦᠷᠢᠭ︔ 0.5 ᠲᠦᠮᠡᠨ ᠮᠦ ᠠᠭᠤᠯᠠ ᠶᠢ ᠪᠢᠲᠡᠭᠦᠮᠵᠢᠯᠡᠨ | ᠣᠶᠢᠵᠢᠭᠤᠯᠵᠤ᠂ ᠮᠦ ᠪᠦᠷᠢ ᠳᠤ 100 ᠲᠥᠭᠦᠷᠢᠭ ᠤᠨ ᠪᠡᠯᠡ ᠣᠷᠤᠭᠤᠯᠤᠨ᠎ᠠ︔ ᠮᠠᠭᠤᠳᠠᠭᠰᠠᠨ ᠣᠢ ᠰᠢᠭᠤᠢ ᠶᠢ | 2 ᠲᠦᠮᠡᠨ ᠮᠦ ᠬᠤᠪᠢᠶᠠᠨ ᠵᠠᠰᠠᠨ ᠰᠡᠷᠭᠦᠭᠡᠵᠦ᠂ ᠮᠦ ᠪᠦᠷᠢ ᠳᠤ 500 ᠲᠥᠭᠦᠷᠢᠭ ᠤᠨ ᠪᠡᠯᠡ ᠣᠷᠤᠭᠤᠯᠤᠨ᠎ᠠ᠃ | ᠨᠤᠲᠤᠭ ᠪᠡᠯᠴᠢᠭᠡᠷ ᠤᠨ ᠲᠠᠯ᠎ᠠ ᠪᠠᠷ 2000 ᠮᠦ ᠲᠡᠵᠢᠭᠡᠯ ᠡᠪᠡᠰᠦᠨ ᠤ ᠰᠠᠭᠤᠷᠢᠨ ᠭᠠᠵᠠᠷ ᠪᠠᠶᠢᠭᠤᠯᠵᠤ᠂ ᠮᠦ | ᠪᠦᠷᠢ ᠲᠤ 160 ᠲᠥᠭᠦᠷᠢᠭ ᠤᠨ ᠪᠡᠯᠡ ᠣᠷᠣᠭᠤᠯᠤᠨ᠎ᠠ︔ ᠢᠵᠢ ᠪᠦᠷᠢᠳᠦᠭᠦᠯᠬᠦ ᠳᠤᠯᠠᠭᠠᠨ ᠫᠧᠩ ᠢ 1 ᠲᠦᠮᠡᠨ | ᠲᠡᠭᠰᠢ ᠳᠥᠷᠪᠡᠯᠵᠢᠨ ᠮᠧᠲᠷ ᠪᠠᠶᠢᠭᠤᠯᠵᠤ᠂ ᠲᠡᠭᠰᠢ ᠳᠥᠷᠪᠡᠯᠵᠢᠨ ᠮᠧᠲᠷ ᠪᠦᠷᠢ ᠳᠤ 150 ᠲᠥᠭᠦᠷᠢᠭ ᠤᠨ ᠪᠡᠯᠡ | ᠣᠷᠣᠭᠤᠯᠤᠨ᠎ᠠ︔ ᠢᠵᠢ ᠪᠦᠷᠢᠳᠦᠭᠦᠯᠦᠨ ᠡᠪᠡᠰᠦ ᠬᠠᠳᠠᠭᠠᠯᠠᠬᠤ ᠫᠧᠩ ᠢ 1 ᠲᠦᠮᠡᠨ ᠲᠡᠭᠰᠢ ᠳᠥᠷᠪᠡᠯᠵᠢᠨ ᠮᠧᠲᠷ | ᠪᠠᠶᠢᠭᠤᠯᠵᠤ᠂ ᠲᠡᠭᠰᠢ ᠳᠥᠷᠪᠡᠯᠵᠢᠨ ᠮᠧᠲᠷ ᠪᠦᠷᠢ ᠳᠤ 120 ᠲᠥᠭᠦᠷᠢᠭ ᠤᠨ ᠪᠡᠯᠡ ᠣᠷᠣᠭᠤᠯᠤᠨ᠎ᠠ᠃ ᠨᠡᠶᠢᠲᠡ | 1554 ᠲᠦᠮᠡᠨ ᠲᠥᠭᠦᠷᠢᠭ ᠤᠨ ᠪᠡᠯᠡ ᠣᠷᠤᠭᠤᠯᠤᠨ᠎ᠠ᠃ ᠲᠠᠷᠢᠶᠠᠯᠠᠬᠤ ᠪᠠᠨ ᠵᠣᠭᠰᠣᠭᠠᠵᠤ ᠣᠢ ᠮᠣᠳᠣ ᠲᠠᠷᠢᠬᠤ | ᠢᠨᠵᠧᠨᠧᠷᠢᠩ ᠢ ᠦᠷᠭᠦᠯᠵᠢᠯᠡᠨ ᠥᠷᠨᠢᠭᠦᠯᠵᠦ᠂ ᠡᠨᠡ ᠵᠢᠯ 2019 ᠣᠨ ᠤ ᠲᠠᠷᠢᠶᠠᠯᠠᠬᠤ ᠶᠢ ᠵᠣᠭᠰᠣᠭᠠᠵᠤ ᠣᠶ | ᠰᠢᠭᠤᠶ ᠶᠢ ᠰᠡᠷᠭᠦᠭᠡᠬᠦ ᠢᠨᠵᠧᠨᠧᠷᠢᠩ ᠤᠨ ᠡᠭᠦᠷᠭᠡ ᠶᠢ 2100 ᠮᠥ ᠬᠡᠷᠡᠭᠵᠢᠭᠦᠯᠵᠦ᠂ ᠮᠥ ᠪᠦᠷᠢ ᠳᠤ 1500 | ᠲᠥᠭᠦᠷᠢᠭ ᠤᠨ ᠪᠠᠯᠠ ᠣᠷᠣᠭᠤᠯᠵᠤ᠂ ᠲᠤᠬᠠᠶ ᠶᠢᠨ ᠵᠢᠯ ᠳᠤ 800 ᠲᠥᠭᠦᠷᠢᠭ ᠤᠨ ᠪᠠᠯᠠ ᠣᠷᠣᠭᠤᠯᠪᠠ᠃ | ᠲᠡᠷᠡᠴᠢᠯᠡᠨ ᠤᠤᠯ ᠤᠨ ᠰᠠᠭᠤᠷᠢᠨ ᠳᠡᠭᠡᠷ᠎ᠡ 5000 ᠮᠦ ᠣᠯᠬᠤ ᠪᠠᠷ ᠴᠢᠷᠮᠠᠶᠢᠵᠤ᠂ ᠮᠦ ᠪᠦᠷᠢ ᠳᠤ 1600 | ᠲᠥᠭᠦᠷᠢᠭ ᠤᠨ ᠪᠡᠯᠡ ᠣᠷᠣᠭᠤᠯᠵᠤ᠂ ᠲᠤᠬᠠᠢ ᠶᠢᠨ ᠵᠢᠯ ᠳᠤ 800 ᠲᠥᠭᠦᠷᠢᠭ ᠤᠨ ᠪᠡᠯᠡ ᠣᠷᠤᠭᠤᠯᠪᠠ᠃ ᠨᠡᠶᠢᠲᠡ | 520 ᠲᠦᠮᠡᠨ ᠲᠥᠭᠦᠷᠢᠭ ᠤᠨ ᠪᠡᠯᠡ ᠮᠥᠩᠭᠦ ᠣᠷᠤᠭᠤᠯᠤᠨ᠎ᠠ᠃ ᠣᠨᠴᠠᠯᠢᠭᠲᠤ ᠠᠵᠤ ᠠᠬᠤᠢ ᠶᠢᠨ ᠤᠢ ᠶᠢ | ᠬᠥᠭᠵᠢᠭᠦᠯᠵᠦ᠂ 3 ᠰᠠᠨᠲ᠋ᠢᠮᠧᠲᠷ ᠠᠴᠠ ᠳᠡᠭᠡᠭᠰᠢᠬᠢ ᠲᠤᠷᠤᠭ ᠮᠣᠳᠣᠨ ᠤ ᠠᠵᠤ ᠠᠬᠤᠢ ᠶᠢᠨ ᠤᠢ ᠶᠢ 1500 ᠮᠦ | ᠲᠠᠷᠢᠵᠤ᠂ ᠠᠵᠤ ᠠᠬᠤᠢ ᠶᠢᠨ ᠴᠢᠬᠢ ᠮᠣᠳᠣᠨ ᠤ ᠬᠦᠷᠢᠶᠡᠯᠡᠩ ᠢ 800 ᠮᠦ ᠪᠠᠶᠢᠭᠤᠯᠵᠤ᠂1000 ᠲᠦᠮᠡᠨ | ᠲᠥᠭᠦᠷᠢᠭ ᠤᠨ ᠪᠡᠯᠡ ᠮᠥᠩᠭᠦ ᠣᠷᠤᠭᠤᠯᠤᠨ᠎ᠠ᠃ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ 18 ᠠᠶᠢᠯ ᠲᠣᠰᠬᠤᠨ ᠢ | ᠨᠣᠭᠤᠭᠠᠷᠠᠭᠤᠯᠵᠤ᠂ 4500 ᠮᠦ ᠲᠠᠯᠠᠪᠠᠢ ᠲᠠᠢ᠂ 180 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ | ᠲᠥᠯᠥᠪᠯᠡᠵᠦ ᠪᠠᠶᠢᠨ᠎ᠠ᠃ ᠰᠢᠷᠭᠤᠯᠵᠢ ᠶᠢᠨ ᠣᠢ ᠰᠢᠭᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ 3 | ᠲᠦᠮᠡᠨ ᠮᠤ᠋ ᠭᠡᠷᠡᠭᠵᠢᠭᠦᠯᠬᠦ ᠪᠠᠷ ᠲᠥᠯᠥᠪᠯᠡᠵᠦ᠂ 0.5 ᠲᠦᠮᠡᠨ ᠮᠦ ᠠᠭᠤᠯᠠᠨ ᠬᠦᠢᠯᠡᠰᠦ ᠲᠠᠷᠢᠬᠤ ᠪᠠᠷ ᠲᠥᠯᠥᠪᠯᠡᠵᠦ | ᠂ 2.5 ᠲᠦᠮᠡᠨ ᠮᠦ ᠬᠠᠷᠭᠠᠨ᠎ᠠ ᠲᠠᠷᠢᠨ᠎ᠠ᠃ ᠮᠦ ᠪᠦᠷᠢ ᠶᠢᠨ ᠪᠡᠯᠡ ᠣᠷᠣᠭᠤᠯᠤᠯᠲᠠ 300 ᠲᠥᠭᠦᠷᠢᠭ᠂ ᠶᠡᠷᠦᠩᠬᠡᠢ | ᠪᠡᠯᠡ ᠣᠷᠣᠭᠤᠯᠤᠯᠲᠠ 900 ᠲᠦᠮᠡᠨ ᠲᠥᠭᠦᠷᠢᠭ᠃ ᠰᠢᠶᠠᠨ ᠤ ᠬᠤᠳᠠ ᠶᠢᠨ ᠡᠷᠬᠢᠨ ᠲᠣᠭᠤᠷᠢᠨ ᠤ ᠡᠮᠦᠨ᠎ᠡ | ᠠᠭᠤᠯᠠ ᠪᠠ ᠬᠤᠶᠢᠲᠤ ᠠᠭᠤᠯᠠᠨ ᠳᠤ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠭᠠᠵᠠᠷ ᠢ ᠪᠠᠶᠢᠭᠤᠯᠵᠤ᠂ | ᠲᠠᠯᠠᠪᠠᠢ ᠨᠢ 5000 ᠮᠦ ᠪᠣᠯᠤᠨ᠎ᠠ᠃ 250 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠪᠠ᠃ ᠵᠢᠯ ᠤᠨ | ᠳᠣᠲᠣᠷ᠎ᠠ 3 ᠲᠦᠮᠡᠨ ᠮᠦ ᠨᠢᠯᠬ᠎ᠠ ᠣᠢ ᠮᠣᠳᠣ ᠶᠢ ᠪᠤᠶᠢᠵᠢᠭᠤᠯᠵᠤ᠂ ᠮᠦ ᠪᠦᠷᠢ ᠳᠤ 100 ᠲᠥᠭᠦᠷᠢᠭ ᠤᠨ ᠪᠡᠯᠡ | ᠣᠷᠣᠭᠤᠯᠵᠤ᠂ ᠨᠡᠶᠢᠲᠡ 300 ᠲᠦᠮᠡᠨ ᠲᠥᠭᠦᠷᠢᠭ ᠤᠨ ᠪᠡᠯᠡ ᠣᠷᠣᠭᠤᠯᠤᠨ᠎ᠠ᠃ 2 ᠲᠦᠮᠡᠨ ᠮᠤ᠋ ᠮᠠᠭᠤᠳᠠᠭᠰᠠᠨ | ᠨᠤᠲᠤᠭ ᠪᠡᠯᠴᠢᠭᠡᠷ ᠢ ᠰᠡᠷᠭᠦᠭᠡᠬᠦ ᠶᠢ ᠬᠡᠷᠡᠭᠵᠢᠭᠦᠯᠵᠦ᠂ 0.25 ᠲᠦᠮᠡᠨ ᠮᠦ ᠮᠠᠭᠤᠳᠠᠭᠰᠠᠨ ᠬᠠᠳᠤᠯᠠᠩ ᠪᠡᠯᠴᠢᠭᠡᠷ ᠢ | ᠰᠡᠷᠭᠦᠭᠡᠬᠦ ᠶᠢ ᠬᠡᠷᠡᠭᠵᠢᠭᠦᠯᠵᠦ᠂ 745 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠪᠠ᠃ ᠬᠠᠷᠭᠠᠨ᠎ᠠ ᠶᠢᠨ | ᠲᠡᠭᠰᠢ ᠲᠠᠭᠠᠷᠢᠬᠤ ᠲᠠᠯᠠᠪᠠᠢ 10 ᠲᠦᠮᠡᠨ ᠮᠦ ᠳᠤ ᠬᠦᠷᠴᠦ᠂ ᠮᠦ ᠪᠦᠷᠢ ᠶᠢᠨ ᠪᠡᠯᠡ ᠣᠷᠣᠭᠤᠯᠤᠯᠲᠠ 100 | ᠲᠥᠭᠦᠷᠢᠭ᠂ ᠨᠡᠶᠢᠲᠡ 1000 ᠲᠦᠮᠡᠨ ᠲᠥᠭᠦᠷᠢᠭ ᠪᠣᠯᠤᠨ᠎ᠠ᠃ | ᠰᠤᠷᠪᠤᠯᠵᠢᠯᠠᠭᠴᠢ᠄ ᠮᠠᠨ ᠤ ᠰᠢᠶᠠᠨ ᠤ ᠬᠥᠭᠵᠢᠯᠲᠡ ᠳᠤ ᠶᠠᠮᠠᠷ ᠠᠬᠢᠭᠤᠯᠬᠤ ᠦᠢᠯᠡᠳᠦᠯ ᠲᠠᠢ ᠪᠣᠶ︖ | ᠵᠢᠶᠠ ᠴᠢᠶᠠᠩ᠄ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠦᠢᠯᠡᠳᠦᠯᠭᠡ ᠪᠠ | ᠲᠠᠨᠢᠯᠲᠠ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠳᠠᠭᠠᠯᠳᠤᠨᠨᠠᠮ ᠤᠨ ᠠᠷᠪᠠᠨ ᠵᠢᠷᠭᠤᠳᠤᠭᠠᠷ ᠶᠡᠭᠡ | ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠪᠠᠷ | ᠵᠢᠯᠤᠭᠤᠳᠤᠯᠭ᠎ᠠ ᠪᠣᠯᠭᠠᠵᠤ᠂ ᠠᠮᠢ ᠠᠬᠤᠶ ᠶᠢᠨ ᠪᠣᠯᠪᠠᠰᠤᠨ ᠢ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠦᠵᠡᠯ | ᠰᠠᠨᠠᠭ᠎ᠠ ᠶᠢ ᠪᠦᠷᠢᠯᠳᠦᠭᠦᠯᠪᠡ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠪᠣᠬᠢᠷᠲᠤᠯ ᠦᠭᠡᠢ | ᠬᠥᠭᠵᠢᠯᠲᠡ ᠶᠢᠨ ᠵᠠᠮ ᠢ ᠳᠤᠷᠠᠳᠴᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ | ᠣᠷᠣᠰᠢᠬᠤ ᠶᠢ ᠰᠠᠨᠠᠭᠠᠴᠢᠯᠠᠵᠤ᠂ ᠬᠤᠷᠳᠤᠴᠠ ᠪᠣᠯᠤᠨ ᠪᠦᠲᠦᠴᠡ ᠶᠢᠨ ᠶᠠᠰᠤ ᠴᠢᠨᠠᠷ ᠢ ᠨᠢᠭᠡᠳᠬᠡᠵᠦ᠂ ᠠᠵᠤ | ᠠᠬᠤᠶ ᠶᠢᠨ ᠬᠥᠭᠵᠢᠯᠲᠡ ᠪᠣᠯᠤᠨ ᠬᠥᠮᠦᠨ ᠠᠮᠠ᠂ ᠡᠬᠢ ᠪᠠᠶᠠᠯᠢᠭ ᠣᠷᠴᠢᠨ ᠲᠣᠭᠤᠷᠢᠨ ᠢ ᠬᠠᠷᠢᠯᠴᠠᠨ | ᠵᠣᠬᠢᠴᠠᠭᠤᠯᠵᠤ᠂ ᠠᠷᠠᠳ ᠲᠦᠮᠡᠨ ᠢ ᠰᠠᠶᠢᠨ ᠰᠠᠶᠢᠬᠠᠨ ᠠᠮᠢ ᠠᠬᠤᠶ ᠶᠢᠨ ᠣᠷᠴᠢᠨ ᠲᠣᠭᠤᠷᠢᠨ ᠳᠤ ᠦᠢᠯᠡᠳᠪᠤᠷᠢᠯᠡᠯ | ᠠᠮᠢᠳᠤᠷᠠᠯ ᠲᠠᠢ ᠪᠣᠯᠭᠠᠨ᠎ᠠ᠃ ᠠᠵᠤ ᠠᠬᠤᠶ ᠨᠡᠶᠢᠭᠡᠮ ᠤᠨ ᠥᠨᠢᠳᠡ ᠶᠢᠨ ᠦᠷᠭᠦᠯᠵᠢᠯᠡᠬᠦ ᠬᠥᠭᠵᠢᠯᠲᠡ ᠶᠢ | ᠪᠡᠶᠡᠯᠡᠭᠦᠯᠦᠨ᠎ᠡ᠃ ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ ᠨᠢ ᠬᠥᠮᠦᠨ ᠪᠣᠯᠤᠨ ᠪᠠᠶᠢᠭᠠᠯᠢ ᠶᠢᠨ ᠡᠶ᠎ᠡ | ᠵᠣᠬᠢᠴᠠᠩᠭᠤᠢ᠂ ᠲᠡᠩᠴᠡᠭᠦᠷᠢᠲᠡᠢ ᠬᠥᠭᠵᠢᠯᠲᠡ ᠶᠢ ᠪᠡᠶᠡᠯᠡᠭᠦᠯᠬᠦ ᠳᠤ ᠵᠠᠮ ᠵᠢᠭᠠᠵᠤ ᠥᠭᠴᠡᠢ᠃ ᠡᠨᠡ ᠬᠦ ᠪᠠᠶᠢᠯᠳᠤᠬᠤ | ᠪᠣᠳᠣᠯᠭ᠎ᠠ ᠶᠢᠨ ᠦᠵᠡᠯ ᠰᠠᠨᠠᠭᠠᠨ ᠤ ᠵᠢᠯᠣᠭᠤᠳᠤᠯᠭ᠎ᠠ ᠳᠣᠣᠷ᠎ᠠ᠂ ᠮᠠᠨ ᠤ ᠰᠢᠶᠠᠨ ᠠᠮᠢ ᠠᠬᠤᠶ ᠶᠢᠨ ᠪᠦᠲᠦᠭᠡᠨ | ᠪᠠᠶᠢᠭᠤᠯᠤᠯᠲᠠ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ | ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠰᠤᠷᠪᠤᠯᠵᠢ ᠶᠢ ᠵᠠᠰᠠᠬᠤ᠂ ᠲᠠᠷᠢᠶᠠᠯᠠᠬᠤ ᠪᠠᠨ ᠵᠣᠭᠰᠣᠭᠠᠵᠤ ᠣᠶ | ᠰᠢᠭᠤᠶ ᠶᠢ ᠰᠡᠷᠭᠦᠭᠡᠬᠦ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ ᠦᠷᠭᠦᠯᠵᠢᠯᠡᠨ ᠥᠷᠨᠢᠭᠦᠯᠵᠡᠶ᠃ | ᠪᠣᠬᠢᠷᠲᠤᠯ ᠦᠭᠡᠢ ᠨᠡᠮᠡᠭᠳᠡᠯ ᠢ ᠠᠬᠢᠭᠤᠯᠬᠤ᠂ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠳᠤ ᠨᠠᠶᠢᠳᠠᠪᠤᠷᠢᠲᠠᠶ | ᠰᠠᠭᠤᠷᠢ ᠶᠢ ᠲᠠᠯᠪᠢᠵᠤ ᠥᠭᠴᠡᠶ᠃ ᠠᠵᠤ ᠠᠬᠤᠶ ᠨᠡᠶᠢᠭᠡᠮ ᠤᠨ ᠲᠦᠷᠭᠡᠨ ᠬᠥᠭᠵᠢᠯᠲᠡ ᠶᠢ ᠳᠠᠭᠠᠯᠳᠤᠨ ᠠᠷᠠᠳ | ᠤᠯᠠᠨ ᠴᠡᠪᠡᠷ ᠤᠰᠤ᠂ ᠴᠡᠪᠡᠷ ᠠᠭᠠᠷ᠂ ᠴᠡᠪᠡᠷ ᠢᠳᠡᠭᠡᠨ᠂ ᠭᠤᠶᠤ ᠰᠠᠶᠢᠬᠠᠨ ᠰᠠᠭᠤᠷᠢᠰᠢᠯ ᠳᠤ ᠲᠣᠬᠢᠷᠠᠮᠵᠢᠲᠠᠶ | ᠣᠷᠴᠢᠨ ᠨᠥᠬᠦᠴᠡᠯ ᠵᠡᠷᠭᠡ ᠲᠠᠯ᠎ᠠ ᠪᠠᠷ ᠬᠢ ᠱᠠᠭᠠᠷᠳᠠᠯᠭ᠎ᠠ ᠤᠯᠠᠮ ᠠᠴᠠ ᠤᠯᠠᠮ ᠥᠨᠳᠥᠷ ᠪᠤᠯᠵᠤ ᠪᠠᠶᠢᠨ᠎ᠠ᠃ ᠠᠮᠢ | ᠠᠬᠤᠢ ᠶᠢᠨ ᠪᠣᠯᠪᠠᠰᠤᠨ ᠢ ᠪᠠᠶᠢᠭᠤᠯᠵᠤ᠂ ᠠᠷᠠᠳ ᠣᠯᠠᠨ ᠳᠤ ᠰᠠᠶᠢᠨ ᠰᠠᠶᠢᠬᠠᠨ ᠦᠢᠯᠡᠳᠪᠦᠷᠢᠯᠡᠯ ᠠᠮᠢᠳᠤᠷᠠᠯ ᠤᠨ | ᠣᠷᠴᠢᠨ ᠲᠣᠭᠤᠷᠢᠨ ᠢ ᠪᠤᠢ ᠪᠣᠯᠭᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠬᠡᠷᠡᠭᠴᠡᠭᠡ ᠪᠠᠷ ᠪᠠᠷᠠᠬᠤ ᠦᠭᠡᠶ | ᠮᠠᠨ ᠤ ᠤᠯᠤᠰ ᠤᠨ ᠣᠳᠤᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠵᠡᠶ᠃ | ᠰᠤᠷᠪᠤᠯᠵᠢᠯᠠᠭᠴᠢ᠄ ᠪᠢᠳᠡᠨ ᠳᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠬᠠᠮᠠᠭᠠᠯᠠᠬᠤ ᠶᠠᠮᠠᠷ ᠶᠠᠮᠠᠷ ᠠᠷᠭ᠎ᠠ ᠬᠡᠮᠵᠢᠶ᠎ᠡ ᠪᠠᠶᠢᠬᠤ ᠪᠣᠶ︖ | ᠵᠢᠶᠠ ᠴᠢᠶᠠᠩ᠄ ᠪᠥᠬᠦ ᠲᠠᠯ᠎ᠠ ᠪᠠᠷ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠦᠨᠳᠦᠰᠦᠯᠡᠨ ᠰᠡᠷᠭᠡᠶᠢᠯᠡᠬᠦ᠂ | ᠬᠠᠷᠢᠭᠤᠴᠠᠯᠭ᠎ᠠ ᠨᠡᠬᠡᠮᠵᠢᠯᠡᠬᠦ ᠶᠢ ᠴᠢᠬᠤᠯᠠᠴᠢᠯᠠᠵᠤ᠂ ᠵᠣᠭᠤᠰ ᠢᠶᠠᠷ ᠲᠣᠷᠭᠠᠬᠤ ᠶᠢ ᠬᠥᠩᠭᠡᠪᠴᠢᠯᠡᠬᠦ ᠵᠠᠷᠴᠢᠮ ᠣᠯᠠᠨ | ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠠᠪᠴᠤ ᠪᠠᠶᠢᠭᠠᠳ ᠪᠡᠯᠴᠢᠭᠡᠷᠯᠡᠭᠦᠯᠬᠦ ᠶᠢ ᠴᠠᠭᠠᠵᠠᠯᠠᠬᠤ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠳᠡᠭᠡᠳᠤ ᠱᠠᠲᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠰᠢᠶᠠᠨ ᠤ ᠪᠣᠳᠠᠲᠤ ᠪᠠᠢᠳᠠᠯ ᠲᠠᠢ ᠤᠶᠠᠯᠳᠤᠭᠤᠯᠤᠨ | ᠬᠠᠮᠢᠶ᠎ᠠ ᠪᠦᠬᠦᠢ ᠬᠥᠮᠦᠰ ᠢ ᠵᠣᠬᠢᠶᠠᠨ ᠪᠠᠶᠢᠭᠤᠯᠤᠨ ᠤᠬᠠᠭᠤᠯᠭ᠎ᠠ ᠥᠷᠨᠢᠭᠦᠯᠵᠦ᠂ ᠤᠬᠠᠭᠤᠯᠭ᠎ᠠ ᠶᠢᠨ ᠲᠡᠷᠭᠡ 100 | ᠭᠠᠷᠤᠶ ᠤᠳᠠᠭ᠎ᠠ ᠬᠦᠳᠡᠯᠭᠡᠵᠦ᠂ ᠬᠠᠷᠢᠶ᠎ᠠ ᠣᠷᠣᠨ ᠤ ᠳᠣᠲᠣᠷᠠᠬᠢ ᠮᠤᠵᠢ ᠶᠢᠨ ᠬᠤᠭᠤᠷᠣᠨᠳᠣᠬᠢ ᠨᠡᠪᠲᠡᠷᠡᠬᠦ ᠵᠠᠮ᠂ | ᠳᠥᠷᠪᠡᠨ ᠶᠡᠭᠡ ᠭᠠᠷᠬᠤ ᠵᠠᠮ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠤᠬᠠᠭᠤᠯᠭ᠎ᠠ ᠶᠢᠨ ᠡᠷᠴᠢᠮ ᠢ | ᠭᠤᠤᠯᠳᠠᠯᠭ᠎ᠠ ᠲᠠᠢ ᠨᠡᠮᠡᠭᠳᠡᠭᠦᠯᠦᠨ᠎ᠡ᠃ ᠡᠭᠦᠨ ᠤ ᠬᠠᠮᠲᠤ ᠪᠦᠬᠦ ᠰᠢᠶᠠᠨ ᠤ ᠬᠡᠪᠴᠢᠶᠡᠨ ᠳᠤ ᠪᠡᠯᠴᠢᠭᠡᠷᠯᠡᠭᠦᠯᠬᠦ ᠶᠢ | ᠴᠠᠭᠠᠵᠠᠯᠠᠬᠤ ᠠᠵᠢᠯ ᠤᠨ ᠰᠢᠮᠳᠠᠭᠤᠯᠤᠨ ᠪᠠᠶᠢᠴᠠᠭᠠᠯᠲᠠ ᠬᠢᠵᠦ᠂ ᠡᠯ᠎ᠡ ᠰᠢᠶᠠᠩ ᠪᠠᠯᠭᠠᠰᠤᠨ ᠤ ᠮᠠᠯ ᠲᠡᠵᠢᠭᠡᠬᠦ ᠲᠣᠮᠣ | ᠡᠷᠦᠬᠡ ᠳᠤ ᠤᠬᠠᠭᠤᠯᠭ᠎ᠠ ᠬᠥᠮᠦᠵᠢᠯ ᠬᠢᠵᠦ᠂ ᠲᠡᠭᠦᠨ ᠲᠠᠢ ᠠᠮᠠᠯᠠᠯᠲᠠ ᠶᠢᠨ ᠪᠢᠴᠢᠭ ᠲᠣᠭᠲᠠᠵᠤ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃ | ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠢᠳᠡᠪᠬᠢᠲᠡᠢ ᠲᠦᠯᠬᠢᠨ ᠠᠬᠢᠭᠤᠯᠵᠤ᠂ ︽ | ᠰᠡᠷᠭᠡᠶᠢᠯᠡᠬᠦ ᠪᠠᠷ ᠭᠤᠤᠯ ᠪᠣᠯᠭᠠᠨ᠂ ᠢᠳᠡᠪᠬᠢᠲᠡᠶ ᠪᠠᠷ ᠤᠰᠠᠳᠬᠠᠬᠤ︾ ᠣᠢ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠠᠵᠢᠯ ᠤᠨ ᠴᠢᠭᠯᠡᠯᠲᠡ ᠶᠢ ᠪᠠᠷᠢᠮᠲᠠᠯᠠᠬᠤ ᠬᠡᠷᠡᠭᠲᠡᠶ᠃ ᠨᠢᠭᠡ ᠳᠤ᠂ ᠷᠠᠳᠢᠣ᠋ ᠨᠡᠪᠲᠡᠷᠡᠭᠦᠯᠭᠡ ᠲᠧᠯᠸᠢᠰ | ᠲᠠᠷᠬᠠᠭᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠤᠬᠠᠭᠤᠯᠭ᠎ᠠ ᠶᠢᠨ ᠲᠡᠷᠭᠡ᠂ ᠤᠷᠢᠶ᠎ᠠ ᠯᠣᠽᠦ᠋ᠩ᠂ | ᠠᠶᠢᠯ ᠡᠷᠦᠬᠡ ᠳᠤ ᠬᠦᠷᠬᠦ ᠵᠡᠷᠭᠡ ᠬᠡᠯᠪᠡᠷᠢ ᠪᠠᠷ ᠭᠠᠯ ᠰᠡᠷᠭᠡᠶᠢᠯᠡᠬᠦ ᠬᠤᠭᠤᠴᠠᠭᠠᠨ ᠳᠤ ᠤᠬᠠᠭᠤᠯᠭ᠎ᠠ ᠶᠢᠨ ᠠᠵᠢᠯ ᠢ | ᠢᠳᠡᠪᠬᠢᠲᠡᠢ ᠥᠷᠨᠢᠭᠦᠯᠬᠦ ᠬᠡᠷᠡᠭᠲᠡᠶ᠃ ᠬᠤᠶᠠᠷ ᠲᠤ᠂ ᠪᠦᠬᠦ ᠰᠢᠶᠠᠨ ᠤ ᠡᠯ᠎ᠡ ᠨᠢᠭᠡᠴᠡ ᠬᠠᠮᠲᠤᠷᠠᠨ ᠬᠥᠳᠡᠯᠦᠯᠴᠡᠵᠦ᠂ | ᠭᠠᠯ ᠰᠡᠷᠭᠡᠶᠢᠯᠡᠬᠦ ᠬᠠᠷᠢᠭᠤᠴᠠᠯᠭᠠᠲᠤ ᠣᠷᠣᠨ ᠢ ᠬᠤᠪᠢᠶᠠᠷᠢᠯᠠᠵᠤ᠂ ᠭᠠᠯ ᠰᠡᠷᠭᠡᠶᠢᠯᠡᠬᠦ ᠴᠢᠬᠤᠯᠠ ᠴᠠᠭ ᠮᠥᠴᠡ ᠳᠤ | ᠭᠠᠯ ᠰᠡᠷᠭᠡᠶᠢᠯᠡᠬᠦ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠭᠤᠷᠪᠠ ᠳᠤ᠂ ᠤᠯᠤᠰ ᠤᠨ ᠨᠡᠶᠢᠲᠡ ᠶᠢᠨ | ᠠᠰᠠᠷᠠᠮᠵᠢ ᠶᠢᠨ ᠣᠶ ᠶᠢᠨ ᠠᠮᠢ ᠠᠬᠤᠶ ᠶᠢᠨ ᠦᠷ᠎ᠡ ᠠᠰᠢᠭ ᠤᠨ ᠨᠦᠬᠦᠪᠦᠷᠢ ᠶᠢᠨ ᠲᠥᠷᠥᠯ ᠵᠦᠢᠯ ᠢ ᠡᠬᠢᠯᠡᠭᠦᠯᠬᠦ | ᠠᠰᠢᠭᠲᠠᠶ ᠲᠣᠬᠢᠶᠠᠯ ᠢ ᠠᠰᠢᠭᠯᠠᠨ ᠪᠢᠳᠡ ᠭᠤᠤᠯᠳᠠᠯᠭ᠎ᠠ ᠲᠠᠢ ᠨᠡᠶᠢᠲᠡ ᠶᠢᠨ ᠠᠰᠠᠷᠠᠮᠵᠢ ᠶᠢᠨ ᠰᠢᠭᠤᠶᠢᠲᠤ ᠣᠷᠣᠨ ᠳᠤ | ᠲᠤᠰᠬᠠᠶ ᠲᠤᠰᠢᠶᠠᠯᠲᠤ ᠣᠶ ᠬᠠᠮᠠᠭᠠᠯᠠᠭᠴᠢ ᠲᠣᠬᠢᠷᠠᠭᠤᠯᠵᠤ᠂ ᠬᠠᠷᠠᠭᠠᠯᠵᠠᠯ ᠢ ᠨᠢ ᠨᠠᠶᠢᠳᠠᠪᠤᠷᠢᠵᠢᠭᠤᠯᠵᠠᠶ᠃ ᠣᠢ | ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠥᠷᠨᠢᠯᠲᠡ ᠶᠢ ᠬᠦᠴᠦᠲᠡᠶ ᠠᠬᠢᠭᠤᠯᠵᠤ᠂ ᠲᠣᠭᠤᠷᠢᠨ | ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠭᠠᠯ ᠤᠨ ᠠᠶᠤᠯ ᠢ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ | ᠳᠡᠭᠡᠭᠰᠢᠯᠡᠭᠦᠯᠵᠦ᠂ ᠣᠢ ᠰᠢᠭᠤᠶ ᠶᠢᠨ ᠡᠬᠢ ᠪᠠᠶᠠᠯᠢᠭ ᠢ ᠬᠠᠮᠠᠭᠠᠯᠠᠵᠤ᠂ ᠬᠠᠷᠢᠶᠠᠲᠤ ᠣᠷᠣᠨ ᠤ ᠠᠮᠤᠷ ᠲᠣᠭᠲᠠᠭᠤᠨ ᠢ | ᠬᠠᠮᠠᠭᠠᠯᠠᠪᠠ᠃ ᠳᠥᠷᠪᠡ ᠳᠤ᠂ ᠭᠠᠯ ᠰᠡᠷᠭᠡᠢᠯᠡᠬᠦ ᠵᠠᠩᠭᠢᠯᠠᠭ᠎ᠠ ᠶᠢᠨ ᠤᠯᠠᠷᠢᠯ ᠪᠣᠯᠤᠨ ᠣᠨᠴᠠᠭᠠᠶ ᠭᠠᠯ ᠰᠡᠷᠭᠡᠢᠯᠡᠬᠦ | ᠡᠳᠦᠷ ᠪᠢᠳᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠬᠠᠮᠢᠶᠠᠷᠤᠯᠲᠠ ᠪᠠᠨ ᠴᠢᠩᠭᠠᠳᠬᠠᠵᠤ᠂ ᠭᠠᠯ ᠰᠡᠷᠭᠡᠶᠢᠯᠡᠬᠦ ᠲᠣᠭᠤᠷᠢᠨ | ᠬᠠᠮᠠᠭᠠᠯᠠᠯᠲᠠ ᠶᠢ ᠴᠢᠩᠭᠠᠳᠬᠠᠪᠠ᠃ ᠤᠯᠠᠮᠵᠢᠯᠠᠯᠲᠤ ᠲᠠᠬᠢᠯᠭ᠎ᠠ ᠶᠢᠨ ᠡᠳᠦᠷ᠂ ᠣᠢ ᠰᠢᠭᠤᠶ ᠶᠢᠨ ᠰᠢᠰᠲ᠋ᠧᠮ ᠤᠨ ᠪᠦᠬᠦ | ᠺᠠᠳ᠋ᠷ ᠠᠵᠢᠯᠲᠠᠨ ᠠᠵᠢᠯᠴᠢᠨ ᠲᠤᠭᠤᠶᠢᠯᠠᠩ ᠬᠤᠪᠢᠶᠠᠵᠤ᠂ ᠰᠢᠶᠠᠨ ᠤ ᠬᠤᠲᠠ ᠶᠢᠨ ᠡᠷᠭᠢᠨ ᠲᠣᠭᠤᠷᠢᠨ ᠤ | ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠬᠤ ᠢᠨᠵᠧᠨᠧᠷᠢᠩ ᠤᠨ ᠬᠡᠰᠡᠭ ᠤᠨ ᠡᠯ᠎ᠡ ᠵᠠᠮ ᠤᠨ | ᠠᠭᠤᠯᠵᠠᠷ ᠦᠨᠣᠷᠣᠵᠤ ᠭᠠᠷᠬᠤ ᠠᠮᠠ ᠳᠤ ᠬᠠᠷᠠᠭᠤᠯ ᠵᠣᠭᠰᠤᠬᠤ᠂ ᠲᠣᠭᠤᠷᠢᠨ ᠪᠠᠶᠢᠴᠠᠭᠠᠬᠤ ᠠᠵᠢᠯ ᠬᠢᠵᠦ᠂ | ᠭᠤᠤᠯᠳᠠᠯᠭ᠎ᠠ ᠨᠢ ᠢᠨᠵᠧᠨᠧᠷᠢᠩ ᠤᠨ ᠭᠠᠵᠠᠷ ᠲᠤ ᠣᠷᠣᠬᠤ ᠲᠡᠷᠭᠡ ᠬᠥᠰᠬᠡ ᠶᠢ ᠵᠢᠭᠰᠠᠭᠠᠨ ᠪᠠᠶᠢᠴᠠᠭᠠᠨ᠎ᠠ᠃ | ᠣᠢ ᠰᠢᠭᠤᠶ ᠡᠪᠡᠰᠦᠲᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠤᠯᠤᠰ ᠤᠨ ᠣᠶ ᠰᠢᠭᠤᠶ ᠶᠢᠨ ᠬᠢᠨᠠᠨ ᠪᠠᠶᠢᠴᠠᠭᠠᠯᠲᠠ ᠪᠣᠯᠤᠨ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠬᠠᠷᠢᠭᠤ ᠲᠤᠰᠬᠠᠯ ᠤᠨ ᠶᠣᠰᠣᠭᠠᠷ ᠮᠠᠨ ᠤ ᠲᠣᠪᠴᠢᠶᠠᠨ ᠤ | ᠲᠤᠬᠠᠶ ᠶᠢᠨ ᠭᠠᠵᠠᠷ ᠤᠨ ᠬᠠᠶᠢᠨ ᠬᠡᠮᠵᠢᠯᠲᠡ ᠪᠠᠷ ᠳᠠᠮᠵᠢᠨ 59 ᠣᠶᠢᠲᠤ ᠭᠠᠵᠠᠷ ᠢ ᠬᠠᠤᠯᠢ ᠪᠤᠰᠤ ᠪᠠᠷ ᠡᠵᠡᠯᠡᠨ | ᠬᠡᠷᠡᠭᠯᠡᠭᠰᠡᠨ᠂ 7 ᠡᠪᠡᠰᠦᠲᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ᠂ ᠡᠳᠦᠭᠡ ᠬᠤᠯᠪᠣᠭᠳᠠᠯ ᠪᠦᠬᠦᠢ | ᠬᠠᠷᠢᠭᠤᠴᠠᠯᠭᠠᠲᠠᠨ ᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠰᠢᠢᠳᠪᠤᠷᠢᠯᠡᠵᠦ᠂ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠨᠢ ᠬᠢᠨᠠᠨ ᠵᠥᠪᠰᠢᠶᠡᠷᠡᠭᠦᠯᠦᠭᠰᠡᠨ ᠦᠭᠡᠢ ᠪᠤᠶᠤ ᠬᠢᠨᠠᠨ ᠵᠦᠪᠰᠢᠶᠡᠷᠡᠭᠦᠯᠦᠭᠰᠡᠨ | ᠦᠭᠡᠢ ᠠᠴᠠ ᠪᠣᠯᠵᠤ ᠣᠢ ᠰᠢᠭᠤᠢ ᠡᠪᠡᠰᠦᠲᠦ ᠭᠠᠵᠠᠷ ᠢ ᠡᠵᠡᠯᠡᠨ ᠬᠡᠷᠡᠭᠯᠡᠭᠰᠡᠨ ᠪᠠᠶᠢᠳᠠᠯ ᠶᠣᠰᠣᠭᠠᠷ᠂ ᠵᠠᠰᠠᠭ | ᠵᠠᠬᠢᠷᠭᠠᠨ ᠤ ᠰᠢᠢᠳᠬᠡᠯ ᠥᠭᠴᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ | ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠵᠦ᠂ ᠡᠭᠦᠨ ᠤ ᠬᠠᠮᠲᠤ | ᠬᠠᠷᠢᠭᠤᠴᠠᠯᠭ᠎ᠠ ᠡᠭᠦᠷᠭᠡᠯᠡᠭᠴᠢ ᠶᠢ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠪᠠᠷᠢᠯᠭ᠎ᠠ ᠵᠢᠨᠵᠦ᠋ᠢᠯ ᠢ ᠨᠢ | ᠨᠤᠷᠠᠭᠠᠯᠭᠠᠵᠤ᠂ ᠬᠤᠭᠤᠴᠠᠭ᠎ᠠ ᠬᠢᠵᠠᠭᠠᠷᠯᠠᠨ ᠤᠷᠭᠤᠮᠠᠯ ᠬᠤᠴᠢᠯᠭ᠎ᠠ ᠶᠢ ᠨᠢ ᠰᠡᠷᠭᠦᠭᠡᠨ᠎ᠡ᠃ | ᠰᠤᠷᠪᠤᠯᠵᠢᠯᠠᠭᠴᠢ᠄ ᠡᠨᠡ ᠵᠢᠯ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠶᠠᠮᠠᠷ ᠶᠠᠮᠠᠷ | ᠰᠢᠨ᠎ᠡ ᠡᠭᠦᠳᠦᠯᠲᠡ ᠪᠠᠶᠢᠬᠤ ᠪᠣᠶ︖ | ᠵᠢᠶᠠ ᠴᠢᠶᠠᠩ᠄ ᠪᠣᠳᠠ ᠶᠢ ᠲᠡᠭᠰᠢ ᠲᠠᠭᠠᠷᠢᠨ ᠪᠣᠶᠢᠵᠢᠭᠤᠯᠬᠤ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠶᠡᠬᠡᠪᠡᠷ ᠳᠥᠯᠭᠢᠨ ᠠᠬᠢᠭᠤᠯᠵᠤ᠂ ᠮᠠᠨ ᠤ ᠰᠢᠶᠠᠨ ᠤ ᠪᠤᠲᠠᠯᠢᠭ ᠬᠠᠷᠭᠠᠨ᠎ᠠ ᠪᠣᠯᠤᠨ ᠬᠡᠰᠡᠭ | ᠭᠠᠵᠠᠷ ᠤᠨ ᠲᠤᠷᠤᠭ ᠮᠣᠳᠣ ᠬᠦᠨᠳᠦ ᠨᠣᠴᠢᠲᠠᠶ ᠮᠠᠭᠤᠲᠠᠭᠰᠠᠨ ᠪᠣᠳᠠᠲᠤ ᠪᠠᠶᠢᠳᠠᠯ ᠳᠤ ᠴᠢᠭᠯᠡᠭᠦᠯᠦᠨ ᠬᠠᠷᠭᠠᠨ᠎ᠠ ᠶᠢ | ᠲᠡᠭᠰᠢ ᠲᠠᠭᠠᠷᠢᠨ ᠪᠣᠶᠢᠵᠢᠭᠤᠯᠬᠤ ᠲᠥᠷᠥᠯ ᠵᠦᠢᠯ ᠪᠠ ᠬᠠᠷᠭᠠᠨ᠎ᠠ ᠶᠢᠨ ᠡᠪᠡᠰᠦ ᠪᠣᠷᠳᠤᠭ᠎ᠠ ᠪᠣᠯᠪᠠᠰᠤᠷᠠᠭᠤᠯᠬᠤ | ᠲᠥᠷᠥᠯ ᠵᠦᠢᠯ ᠢ ᠢᠳᠡᠪᠬᠢᠲᠡᠢ ᠴᠢᠷᠮᠠᠶᠢᠨ ᠣᠯᠵᠤ᠂ ᠪᠤᠲᠠ ᠶᠢ ᠲᠡᠭᠰᠢ ᠲᠠᠭᠠᠷᠢᠭᠰᠠᠨ ᠦᠯᠡᠳᠡᠭᠰᠡᠨ ᠪᠣᠳᠠᠰ ᠢ | ᠶᠡᠷᠦᠩᠬᠡᠶᠢᠯᠡᠨ ᠠᠰᠢᠭᠯᠠᠬᠤ ᠪᠠᠷ ᠳᠠᠮᠵᠢᠨ ᠮᠠᠯ ᠠᠵᠤ ᠠᠬᠤᠢ ᠶᠢᠨ ᠲᠡᠵᠢᠭᠡᠯ ᠪᠣᠷᠳᠤᠭ᠎ᠠ ᠪᠣᠯᠤᠨ ᠠᠮᠢᠳᠤ ᠪᠣᠳᠠᠰ ᠤᠨ | ᠮᠥᠬᠦᠯᠢᠭᠲᠦ ᠲᠦᠯᠡᠰᠢ ᠦᠢᠯᠡᠳᠪᠦᠷᠢᠯᠡᠵᠦ᠂ ᠡᠷᠭᠢᠯᠳᠦᠭᠦᠯᠦᠨ ᠠᠰᠢᠭᠯᠠᠨ᠎ᠠ᠃ ᠣᠷᠴᠢᠨ ᠲᠣᠭᠤᠷᠢᠨ ᠤ ᠪᠣᠬᠢᠷᠲᠤᠯ ᠢ | ᠪᠠᠭᠠᠰᠬᠠᠵᠤ᠂ ᠣᠢ ᠰᠢᠭᠤᠶ ᠶᠢᠨ ᠦᠢᠯᠡᠰ ᠤᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠵᠦ᠂ 10 ᠲᠦᠮᠡᠨ ᠮᠦ | ᠲᠡᠭᠰᠢ ᠲᠠᠭᠠᠷᠢᠨ ᠪᠣᠶᠢᠵᠢᠭᠤᠯᠬᠤ ᠪᠠᠷ ᠲᠥᠯᠥᠪᠯᠡᠵᠦ᠂ 1000 ᠲᠦᠮᠡᠨ ᠲᠥᠭᠦᠷᠢᠭ ᠤᠨ ᠪᠡᠯᠡ ᠣᠷᠤᠭᠤᠯᠤᠨ᠎ᠠ᠃ | ᠡᠭᠦᠨ ᠤ ᠬᠠᠮᠲᠤ ᠭᠠᠵᠠᠷ ᠰᠢᠷᠣᠶ ᠶᠢᠨ ᠡᠷᠭᠢᠯᠲᠡ ᠵᠡᠷᠭᠡ ᠪᠠᠷ ᠳᠠᠮᠵᠢᠭᠤᠯᠤᠨ ᠮᠠᠯᠴᠢᠨ ᠲᠠᠷᠢᠶᠠᠴᠢᠨ ᠤ ᠠᠵᠤ | ᠠᠬᠤᠢ ᠶᠢᠨ ᠣᠷᠣᠯᠭ᠎ᠠ ᠶᠢ ᠨᠡᠮᠡᠭᠳᠡᠭᠦᠯᠵᠦ᠂ ᠵᠢᠯ ᠪᠦᠷᠢ ᠮᠦ ᠪᠦᠷᠢ 5 ᠲᠥᠭᠦᠷᠢᠭ ᠤᠨ ᠲᠦᠷᠢᠶᠡᠰᠦᠨ ᠵᠠᠷᠤᠳᠠᠯ ᠢᠶᠠᠷ | ᠪᠣᠳᠣᠪᠠᠯ᠂ ᠵᠢᠯ ᠪᠦᠷᠢ 150 ᠲᠦᠮᠡᠨ ᠲᠦᠭᠦᠷᠢᠭ ᠤᠨ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ | ᠨᠡᠮᠡᠭᠳᠡᠭᠦᠯᠵᠦ ᠪᠣᠯᠤᠨ᠎ᠠ᠃ | ᠰᠢᠷᠭᠤᠯᠵᠢᠨ ᠣᠶ ᠰᠢᠭᠤᠶ ᠶᠢᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠮᠠᠨ ᠤ ᠰᠢᠶᠠᠨ ᠠᠩᠬ᠎ᠠ | ᠤᠳᠠᠭ᠎ᠠ 3 ᠲᠦᠮᠡᠨ ᠮᠦ ᠣᠶᠢᠵᠢᠭᠤᠯᠬᠤ ᠪᠠᠷ ᠴᠢᠷᠮᠠᠶᠢᠨ ᠣᠯᠵᠤ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ | ᠴᠢᠨᠠᠷᠵᠢᠭᠰᠠᠨ ᠬᠥᠭᠵᠢᠯᠲᠡ ᠶᠢᠨ ᠰᠡᠳᠬᠢᠮᠵᠢ ᠶᠣᠰᠣᠭᠠᠷ᠂ ᠮᠠᠨ ᠤ ᠰᠢᠶᠠᠨ ᠤ ᠣᠢ ᠰᠢᠭᠤᠶ ᠶᠢᠨ ᠠᠵᠤ ᠠᠬᠤᠢ ᠶᠢᠨ | ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠳᠡᠭᠡᠭᠰᠢᠯᠡᠭᠦᠯᠵᠦ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠮᠠᠨ ᠤ ᠰᠢᠶᠠᠨ ᠤ ᠠᠭᠤᠷ | ᠠᠮᠢᠰᠬᠤᠯ ᠤᠨ ᠨᠥᠬᠦᠴᠡᠯ ᠳᠤ ᠲᠣᠬᠢᠷᠠᠬᠤ ᠠᠭᠤᠯᠠᠨ ᠬᠦᠢᠯᠡᠰᠦ ᠪᠠ ᠬᠠᠷᠭᠠᠨ᠎ᠠ ᠶᠢ ᠰᠤᠩᠭᠤᠵᠤ᠂ ᠲᠠᠷᠢᠬᠤ | ᠭᠠᠵᠠᠷ ᠨᠢ ᠭᠤᠤᠯᠳᠠᠭᠤ ᠶᠠᠳᠠᠭᠤ ᠬᠦᠴᠢᠷᠳᠡᠯᠲᠡᠶ ᠲᠣᠰᠬᠤᠨ ᠢ ᠰᠣᠩᠭᠤᠨ᠎ᠠ᠃ ᠲᠥᠷᠦᠯ ᠵᠦᠢᠯ ᠤᠨ ᠶᠡᠷᠦᠩᠬᠡᠢ ᠪᠡᠯᠡ | ᠣᠷᠣᠭᠤᠯᠤᠯᠲᠠ 900 ᠲᠦᠮᠡᠨ ᠲᠥᠭᠦᠷᠢᠭ᠃ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠵᠣᠬᠢᠶᠠᠨ | ᠪᠠᠶᠢᠭᠤᠯᠤᠯᠲᠠ ᠶᠢᠨ ᠬᠦᠴᠦᠨ ᠢ ᠠᠰᠢᠭᠯᠠᠨ ᠮᠠᠨ ᠤ ᠰᠢᠶᠠᠨ ᠤ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠳᠤ | ᠰᠢᠨ᠎ᠡ ᠬᠥᠳᠡᠯᠭᠡᠬᠦ ᠬᠦᠴᠦᠨ ᠬᠠᠩᠭᠠᠨ᠎ᠠ᠃ | ᠰᠤᠷᠪᠤᠯᠵᠢᠯᠠᠭᠴᠢ᠄ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠥᠷᠨᠢᠭᠦᠯᠬᠦ ᠶᠠᠪᠤᠴᠠ ᠳᠤ᠂ ᠶᠡᠷᠦᠩᠬᠡᠶ | ᠱᠦᠵᠢ ᠰᠢ ᠶᠢᠨ ᠫᠢᠩ ᠤᠨ ᠳᠤᠷᠠᠳᠤᠭᠰᠠᠨ ︽ᠠᠮᠢ ᠠᠬᠤᠶ ᠪᠠᠷ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠬᠤ︾ | ᠪᠠᠶᠢᠯᠳᠤᠬᠤ ᠪᠣᠳᠣᠯᠭ᠎ᠠ ᠶᠢ ᠬᠡᠷᠬᠢᠨ ᠨᠠᠶᠢᠳᠠᠪᠤᠷᠢᠵᠢᠭᠤᠯᠬᠤ ᠪᠣᠶ︖ | ᠵᠢᠶᠠ ᠴᠢᠶᠠᠩ᠄ ᠣᠶᠢᠷ᠎ᠠ ᠶᠢᠨ ᠵᠢᠯ ᠳᠤ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ | ᠶᠠᠷᠢᠭᠰᠠᠨ ᠶᠠᠷᠢᠶ᠎ᠠ ᠪᠣᠯᠤᠨ 70 ᠵᠢᠯ ᠤᠨ ᠣᠶ ᠶᠢᠨ ᠪᠢᠴᠢᠭᠡᠰᠦ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ | ᠬᠥᠭᠵᠢᠯᠲᠡ᠂ ᠠᠮᠢ ᠠᠬᠤᠶ ᠪᠠ ᠠᠷᠠᠳ ᠤᠨ ᠠᠮᠢᠳᠤᠷᠠᠯ ᠤᠨ ᠭᠤᠷᠪᠠᠨ ᠬᠤᠷᠢᠭ᠎ᠠ ᠱᠤᠭᠤᠮ ᠢ ᠪᠠᠲᠤ ᠰᠠᠬᠢᠵᠤ᠂ ᠠᠮᠢ | ᠠᠬᠤᠶ ᠶᠢ ᠬᠠᠮᠠᠭᠠᠯᠠᠨ ᠰᠡᠷᠭᠦᠭᠡᠬᠦ ᠡᠷᠴᠢᠮ ᠢᠶᠠᠨ ᠴᠢᠩᠭᠠᠷᠠᠭᠤᠯᠵᠤ᠂ ᠭᠤᠤᠯᠳᠠᠯᠭ᠎ᠠ ᠲᠠᠢ ᠠᠮᠢ ᠠᠬᠤᠶ ᠶᠢᠨ | ᠢᠨᠵᠧᠨᠧᠷᠢᠩ ᠢ ᠤᠷᠢᠳᠠᠪᠠᠷ ᠲᠣᠬᠢᠷᠠᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ | ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠨᠥᠬᠦᠪᠥᠷᠢ ᠶᠢᠨ ᠬᠦᠷᠢᠶ᠎ᠡ | ᠬᠡᠪᠴᠢᠶ᠎ᠡ ᠶᠢ ᠥᠷᠭᠡᠳᠬᠡᠵᠦ᠂ ︽ᠭᠤᠷᠪᠠᠨ ᠵᠦᠢᠯ ᠤᠨ ᠲᠥᠷᠥ ᠶᠢᠨ ᠪᠣᠳᠣᠯᠭ᠎ᠠ ᠶᠢ ᠪᠦᠷᠬᠦᠭᠦᠯᠵᠦ᠂ ᠬᠤᠶᠠᠷ | ᠵᠦᠢᠯ ᠤᠨ ᠴᠠᠯᠢᠩ ᠢᠶᠠᠷ ᠦᠨᠳᠦᠰᠦᠨ ᠵᠦᠢᠯ ᠢ ᠪᠠᠲᠤᠯᠠᠬᠤ︾ ᠠᠮᠢ ᠠᠬᠤᠶ ᠶᠢᠨ ᠶᠠᠳᠠᠭᠤ ᠶᠢ ᠲᠡᠳᠬᠦᠬᠦ | ᠰᠡᠳᠬᠢᠮᠵᠢ ᠶᠢ ᠳᠤᠷᠠᠳᠤᠨ ᠭᠠᠷᠭᠠᠵᠤ᠂ ︽ᠨᠢᠭᠡ ᠳᠠᠶᠢᠯᠠᠯᠳᠤᠭᠠᠨ ᠤ ᠲᠠᠯᠠᠪᠤᠷ ᠳᠡᠭᠡᠷ᠎ᠡ︾ ᠠᠮᠢ ᠠᠬᠤᠶ ᠶᠢᠨ | ᠬᠠᠮᠠᠭᠠᠯᠠᠯᠲᠠ ᠵᠠᠰᠠᠯᠲᠠ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠬᠤᠶᠠᠷ | ᠰᠢᠪᠲᠤᠯᠤᠯᠲᠠ ᠶᠢᠨ ᠳᠠᠶᠢᠯᠠᠯᠳᠤᠭᠠᠨ︾ ᠤ ᠢᠯᠠᠯᠲᠠ ᠶᠢ ᠤᠯᠬᠤ ᠪᠠᠷ ᠴᠢᠷᠮᠠᠶᠢᠨ᠎ᠠ᠃ ᠭᠤᠷᠪᠠᠨ ᠵᠦᠢᠯ ᠤᠨ | ᠲᠥᠷᠥ ᠶᠢᠨ ᠪᠣᠳᠣᠯᠭ᠎ᠠ ᠶᠢ ᠪᠦᠷᠬᠦᠭᠦᠯᠬᠦ᠄ ᠨᠢᠭᠡ ᠳᠤ᠂ ᠣᠶ ᠰᠢᠭᠤᠶ ᠶᠢᠨ ᠠᠮᠢ ᠠᠬᠤᠶ ᠶᠢᠨ ᠦᠷ ᠡ ᠠᠰᠢᠭ ᠤᠨ | ᠨᠥᠬᠦᠪᠥᠷᠢ ᠥᠭᠭᠦᠨ᠎ᠡ᠃ 2019 ᠣᠨ ᠳᠤ ᠪᠥᠬᠦ ᠰᠢᠶᠠᠨ ᠤ ᠨᠡᠶᠢᠲᠡ ᠶᠢᠨ ᠠᠰᠠᠷᠠᠮᠵᠢ ᠶᠢᠨ ᠣᠶ ᠶᠢᠨ | ᠨᠥᠬᠦᠪᠥᠷᠢ ᠨᠢ 6311 ᠶᠠᠳᠠᠭᠤ ᠬᠦᠴᠢᠷᠳᠡᠯᠲᠡᠢ ᠡᠷᠦᠬᠡ ᠳᠤ ᠬᠤᠯᠪᠣᠭᠳᠠᠵᠤ᠂ 178.92673 ᠲᠦᠮᠡᠨ | ᠲᠥᠭᠦᠷᠢᠭ ᠤᠨ ᠨᠥᠬᠦᠪᠥᠷᠢ ᠮᠥᠩᠭᠦ ᠲᠠᠷᠬᠠᠭᠠᠪᠠ᠃ ᠬᠤᠶᠠᠷ ᠲᠤ᠂ ᠲᠦᠷᠦᠬᠦᠦ ᠨᠢᠭᠡ ᠡᠭᠡᠯᠵᠢ ᠶᠢᠨ ᠲᠠᠷᠢᠶᠠᠯᠠᠬᠤ ᠶᠢ | ᠵᠣᠭᠰᠣᠭᠠᠵᠤ ᠤᠢ ᠰᠢᠭᠤᠶ ᠶᠢ ᠰᠡᠷᠭᠦᠭᠡᠬᠦ ᠨᠦᠬᠦᠪᠦᠷᠢ ᠪᠡᠯᠡ ᠮᠥᠩᠭᠦ᠃ ᠪᠦᠬᠦ ᠰᠢᠶᠠᠨ ᠢᠶᠠᠷ ᠢᠶᠠᠨ ᠲᠠᠷᠢᠶᠠᠯᠠᠬᠤ ᠪᠠᠨ | ᠵᠣᠭᠰᠣᠭᠠᠵᠤ ᠣᠢ ᠮᠣᠳᠣ ᠲᠠᠷᠢᠬᠤ ᠲᠠᠯᠠᠪᠠᠢ ᠶᠢ 42.25 ᠲᠦᠮᠡᠨ ᠮᠦ ᠳᠤ ᠪᠠᠬᠢᠵᠢᠭᠦᠯᠵᠦ᠂ ᠡᠭᠦᠨ ᠳᠤ ᠲᠠᠩᠰᠠ | ᠪᠠ ᠺᠠᠷᠲ ᠲᠠᠢ ᠶᠠᠳᠠᠭᠤ ᠬᠦᠴᠢᠷᠳᠡᠯᠲᠡᠶ 4940 ᠡᠷᠦᠬᠡ᠂ 9568 ᠶᠠᠳᠠᠭᠤ ᠬᠦᠴᠢᠷᠳᠡᠯᠲᠡᠶ ᠡᠷᠦᠬᠡ | ᠬᠤᠯᠪᠣᠭᠳᠠᠵᠤ᠂ ᠬᠥᠮᠦᠨ ᠳᠤᠮᠳᠠᠴᠢ ᠶᠢᠨ ᠵᠢᠯ ᠳᠤ 380 ᠲᠥᠭᠦᠷᠢᠭ ᠤᠨ ᠨᠥᠬᠦᠪᠥᠷᠢ ᠭᠥᠷᠳᠡᠪᠡ᠃ ᠭᠤᠷᠪᠠ ᠳᠤ᠂ | ᠰᠢᠨ᠎ᠡ ᠨᠢᠭᠡᠨ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ ᠨᠦᠬᠦᠪᠦᠷᠢ᠃ ᠰᠢᠨ᠎ᠡ ᠨᠢᠭᠡ | ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ ᠲᠦᠷᠦᠯ ᠵᠦᠢᠯ ᠢ ᠬᠡᠷᠡᠭᠵᠢᠭᠦᠯᠬᠦ ᠳᠤᠮᠳᠠ᠂ | ᠮᠠᠨ ᠤ ᠰᠢᠶᠠᠨ ᠲᠠᠷᠢᠶᠠᠨ ᠭᠠᠵᠠᠷ ᠲᠠᠢ ᠪᠣᠯᠪᠠᠴᠤ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠵᠠᠷᠢᠮ ᠳᠠᠩᠰᠠᠯᠠᠵᠤ | ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠳᠤ ᠭᠤᠤᠯᠳᠠᠯᠭ᠎ᠠ ᠲᠠᠢ ᠪᠠᠷ ᠬᠦᠩᠭᠡᠯᠡᠯᠲᠡ ᠲᠠᠢ ᠪᠣᠳᠤᠯᠭ᠎ᠠ ᠠᠪᠤᠪᠠ᠃ | ᠪᠦᠬᠦ ᠰᠢᠶᠠᠨ ᠢᠶᠠᠷ ᠢᠶᠠᠨ ᠨᠡᠶᠢᠳᠡ 3.37 ᠲᠦᠮᠡᠨ ᠮᠦ ᠰᠢᠨ᠎ᠡ ᠨᠢᠭᠡ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ | ᠤᠢ ᠰᠢᠭᠤᠶ ᠶᠢ ᠰᠡᠷᠭᠦᠭᠡᠬᠦ ᠠᠵᠢᠯ ᠢ ᠬᠡᠷᠡᠭᠵᠢᠭᠦᠯᠪᠡ᠃ ᠡᠭᠦᠨ ᠳᠤ᠂ ᠳᠠᠩᠰᠠ ᠡᠪᠬᠡᠮᠡᠯ ᠪᠠᠶᠢᠭᠤᠯᠤᠨ ᠺᠠᠷᠲ | ᠠᠪᠤᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ 2.93 ᠲᠦᠮᠡᠨ ᠮᠥ ᠲᠠᠷᠢᠶᠠᠨ ᠭᠠᠵᠠᠷ ᠢ ᠵᠢᠭᠰᠠᠭᠠᠨ ᠣᠷᠣᠭᠤᠯᠵᠤ | ᠂ 1156 ᠡᠷᠦᠬᠡ᠂ 2831 ᠬᠥᠮᠦᠨ ᠳᠤ ᠬᠤᠯᠪᠣᠭᠳᠠᠵᠤ᠂ ᠮᠥ ᠪᠦᠷᠢ ᠳᠤ 1500 ᠲᠥᠭᠦᠷᠢᠭ ᠤᠨ ᠠᠰᠢᠭ | ᠭᠥᠷᠳᠡᠪᠡ᠃ | ᠬᠤᠶᠠᠷ ᠵᠦᠢᠯ ᠤᠨ ᠴᠠᠯᠢᠩ ᠤᠨ ᠪᠠᠲᠤᠯᠭ᠎ᠠ᠄ ᠵᠢᠯ ᠪᠦᠷᠢ 700 ᠭᠠᠷᠤᠶ ᠶᠠᠳᠠᠭᠤ ᠬᠦᠴᠢᠷᠳᠡᠯᠲᠡᠶ ᠬᠥᠮᠦᠨ | ᠠᠮᠠ ᠨᠡᠶᠢᠲᠡ ᠶᠢᠨ ᠠᠰᠠᠷᠠᠮᠵᠢ ᠶᠢᠨ ᠣᠶ ᠰᠢᠭᠤᠶ ᠶᠢᠨ ᠬᠠᠮᠠᠭᠠᠯᠠᠭᠴᠢᠳ ᠤᠨ ᠡᠩᠨᠡᠭᠡᠨ ᠳᠤ ᠣᠷᠣᠵᠠᠶ᠃ ᠬᠠᠮᠢᠶᠠᠷᠴᠤ | ᠬᠠᠮᠠᠭᠠᠯᠠᠬᠤ ᠲᠠᠯᠠᠪᠠᠢ ᠶᠢᠨ ᠬᠥᠮᠦᠨ ᠪᠦᠷᠢ ᠶᠢᠨ ᠳᠤᠮᠳᠠᠴᠢ ᠵᠢᠯ ᠤᠨ ᠴᠠᠯᠢᠩ 6000 ᠲᠥᠭᠦᠷᠢᠭ ᠣᠷ ᠴᠢᠮ ᠢᠶᠠᠷ | ᠣᠷᠴᠢᠮ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠤᠯᠤᠰ ᠤᠨ ᠠᠮᠢ ᠠᠬᠤᠶ ᠶᠢᠨ ᠣᠶ | ᠬᠠᠮᠠᠭᠠᠯᠠᠭᠴᠢ ᠶᠢᠨ ᠬᠥᠮᠦᠨ ᠳᠤᠮᠳᠠᠴᠢ ᠶᠢᠨ ᠵᠢᠯ ᠤᠨ ᠴᠠᠯᠢᠩ ᠨᠢ 1 ᠲᠦᠮᠡᠨ ᠲᠥᠭᠦᠷᠢᠭ ᠪᠠᠶᠢᠵᠤ᠂ ᠣᠲᠣ | ᠪᠣᠯᠲᠠᠯ᠎ᠠ ᠨᠡᠶᠢᠲᠡ 400 ᠠᠮᠢ ᠠᠬᠤᠶ ᠶᠢᠨ ᠣᠶ ᠬᠠᠮᠠᠭᠠᠯᠠᠭᠴᠢ ᠤᠷᠢᠵᠤ ᠬᠡᠷᠡᠭᠯᠡᠪᠡ᠃ ᠭᠤᠣᠯᠳᠠᠯᠭ᠎ᠠ ᠲᠠᠢ ᠣᠷᠣᠨ | ᠪᠦᠰᠡ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠥᠶ᠎ᠡ ᠳᠤ᠂ ᠳᠠᠭᠠᠭᠠᠴᠢᠯᠠᠯᠲᠠ ᠣᠯᠤᠭᠰᠠᠨ | ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢ ᠡᠩ ᠲᠡᠷᠢᠭᠦᠨ ᠳᠤ ᠣᠶᠢᠷ᠎ᠠ ᠬᠠᠪᠢ ᠶᠢᠨ ᠳᠠᠩᠰᠠ ᠡᠪᠬᠡᠮᠡᠯ | ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠬᠦᠯᠦᠰᠦᠯᠡᠬᠦ ᠶᠢ ᠱᠠᠭᠠᠷᠳᠠᠵᠤ᠂ ᠳᠠᠩᠰᠠ | ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠬᠦᠴᠦ ᠶᠠᠪᠤᠭᠰᠠᠨ ᠣᠷᠣᠯᠭ᠎ᠠ ᠶᠢᠨ | ᠢᠷᠡᠯᠲᠡ ᠶᠢ ᠥᠷᠭᠡᠳᠬᠡᠵᠦ᠂ ᠭᠡᠷ ᠪᠦᠯᠢ ᠶᠢᠨ ᠶᠡᠷᠦᠩᠬᠡᠶ ᠣᠷᠣᠯᠭ᠎ᠠ ᠶᠢ ᠨᠡᠮᠡᠭᠳᠡᠭᠦᠯᠪᠡ᠃ | ᠰᠤᠷᠪᠤᠯᠵᠢᠯᠠᠭᠴᠢ᠄ ᠬᠤᠶᠢᠰᠢᠳᠠ ᠶᠢᠨ ᠨᠢᠭᠡ ᠬᠤᠭᠤᠴᠠᠭᠠᠨ ᠳᠤ ᠮᠠᠨ ᠤ ᠰᠢᠶᠠᠨ ᠤ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠲᠤᠬᠠᠶ ᠶᠠᠮᠠᠷ ᠶᠠᠮᠠᠷ ᠰᠠᠨᠠᠭᠤᠯᠭ᠎ᠠ ᠪᠠᠶᠢᠬᠤ ᠪᠣᠶ︖ | ᠵᠢᠶᠠ ᠴᠢᠶᠠᠩ᠄ ᠪᠢᠳᠡ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠳᠣᠤᠷᠠᠬᠢ ᠠᠵᠢᠯ ᠤᠳ ᠢ | ᠰᠠᠶᠢᠲᠤᠷ ᠠᠳᠬᠤᠬᠤ ᠬᠡᠷᠡᠭᠲᠡᠶ᠃ ᠨᠢᠭᠡ ᠳᠤ᠂ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ ᠢ ᠦᠷᠬᠦᠯᠵᠢᠯᠡᠨ ᠰᠠᠶᠢᠲᠤᠷ ᠠᠳᠬᠤᠨ᠎ᠠ᠃ ᠪᠡᠭᠡᠵᠢᠩ ᠲᠢᠶᠠᠨᠵᠢᠨ ᠤ ᠰᠠᠯᠬᠢ | ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠰᠢᠨ᠎ᠡ ᠨᠢᠭᠡᠨ ᠡᠭᠡᠯᠵᠢ ᠶᠢᠨ | ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ ᠢᠨᠵᠧᠨᠧᠷᠢᠩ᠂ ᠲᠠᠷᠢᠶᠠᠯᠠᠬᠤ ᠶᠢ ᠵᠣᠭᠰᠣᠭᠠᠵᠤ ᠤᠢ | ᠰᠢᠭᠤᠶ ᠶᠢ ᠰᠡᠷᠭᠦᠭᠡᠬᠦ ᠦᠷ᠎ᠡ ᠪᠦᠲᠦᠭᠡᠯ ᠢ ᠪᠠᠬᠢᠵᠢᠭᠦᠯᠬᠦ ᠪᠠᠶᠢᠭᠤᠯᠤᠯᠲᠠ ᠶᠢᠨ ᠢᠨᠵᠧᠨᠧᠷᠢᠩ᠂ ᠨᠡᠶᠢᠲᠡ ᠶᠢᠨ | ᠠᠰᠠᠷᠠᠮᠵᠢ ᠶᠢᠨ ᠤᠢ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠪᠠ ᠤᠯᠤᠰ ᠤᠨ ᠣᠶᠢᠵᠢᠭᠤᠯᠬᠤ | ᠲᠤᠷᠰᠢᠯᠲᠠ ᠶᠢᠨ ᠨᠥᠬᠦᠪᠥᠷᠢ ᠥᠭᠬᠦ ᠵᠦᠢᠯᠡᠰ ᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠲᠦᠭᠡᠨ | ᠪᠠᠶᠢᠭᠤᠯᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ | ᠴᠢᠨᠠᠷ ᠪᠣᠯᠤᠨ ᠦᠷ᠎ᠡ ᠠᠰᠢᠭ ᠢ ᠦᠨᠡᠨᠬᠦ ᠪᠠᠲᠤᠯᠠᠨ᠎ᠠ᠃ ᠡᠭᠦᠨ ᠤ ᠬᠠᠮᠲᠤ ᠥᠩᠭᠡᠷᠡᠭᠰᠡᠨ ᠵᠢᠯ ᠤᠳ ᠤᠨ | ᠬᠡᠷᠡᠭᠵᠢᠭᠦᠯᠵᠦ ᠪᠠᠶᠢᠭ᠎ᠠ ᠭᠤᠤᠯᠳᠠᠯᠭ᠎ᠠ ᠲᠠᠢ ᠪᠠᠷᠢᠯᠭ᠎ᠠ ᠳᠤ ︽ᠡᠷᠬᠢᠨ ᠪᠠᠶᠢᠴᠠᠭᠠᠬᠤ︾ ᠠᠷᠭ᠎ᠠ ᠬᠡᠮᠵᠢᠶ᠎ᠡ ᠠᠪᠴᠤ᠂ | ᠳᠤᠲᠠᠭᠳᠠᠯ ᠢᠶᠠᠨ ᠪᠠᠶᠢᠴᠠᠭᠠᠵᠤ ᠳᠤᠲᠠᠭᠤᠳᠠᠯ ᠢᠶᠠᠨ ᠨᠦᠬᠦᠪᠦᠷᠢᠯᠡᠨ᠎ᠡ᠃ | ᠬᠤᠶᠠᠷ ᠲᠤ᠂ ᠣᠷᠣᠨ ᠨᠤᠲᠤᠭ ᠤᠨ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ | ᠰᠠᠶᠢᠲᠤᠷ ᠠᠳᠬᠤᠨ᠎ᠠ᠃ ᠶᠡᠭᠡ ᠵᠠᠮ ᠤᠨ ᠨᠣᠭᠤᠭᠠᠷᠠᠭᠤᠯᠤᠯᠲᠠ᠂ ᠬᠤᠲᠠ ᠪᠠᠯᠭᠠᠰᠤ ᠵᠢᠴᠢ ᠡᠷᠭᠢᠨ ᠲᠣᠭᠤᠷᠢᠨ ᠤ | ᠨᠣᠭᠤᠭᠠᠷᠠᠭᠤᠯᠤᠯᠲᠠ᠂ ᠠᠶᠢᠯ ᠲᠣᠰᠬᠤᠨ ᠤ ᠨᠣᠭᠤᠭᠠᠷᠠᠭᠤᠯᠤᠯᠲᠠ᠂ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠪᠣᠯᠤᠨ ᠮᠤᠨᠢ ᠠᠭᠤᠯᠠ ᠶᠢᠨ ᠠᠷᠤ ᠬᠤᠷᠮᠣᠶ ᠶᠢᠨ ᠠᠮᠢ ᠠᠬᠤᠶ ᠶᠢᠨ | ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃ ᠰᠢᠨ᠎ᠡ ᠶᠢ ᠡᠭᠦᠳᠬᠦ | ᠴᠢᠨᠠᠷᠲᠠᠶ ᠪᠠᠷ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃ ᠢᠯᠠᠩᠭᠤᠶ᠎ᠠ ︽ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ | ᠤᠶᠠᠯᠳᠤᠭᠤᠯᠤᠨᠮᠠᠨ ᠤ ᠰᠢᠶᠠᠨ ᠤ ᠠᠶᠢᠯ ᠲᠣᠰᠬᠤᠨ ᠤ ᠨᠣᠭᠤᠭᠠᠷᠠᠭᠤᠯᠤᠯᠲᠠ ᠶᠢ ᠠᠬᠢᠭᠤᠯᠵᠤ᠂ ᠭᠡᠷ ᠪᠦᠯᠢ ᠶᠢᠨ | ᠠᠵᠤ ᠠᠬᠤᠢ ᠶᠢᠨ ᠣᠢ ᠮᠣᠳᠣ ᠳᠠᠷᠢᠬᠤ ᠶᠢ ᠶᠡᠬᠡᠪᠡᠷ ᠬᠥᠭᠵᠢᠭᠦᠯᠵᠦ᠂ ᠬᠠᠪᠤᠷ ᠨᠣᠭᠤᠭᠠᠨ᠂ ᠵᠤᠨ ᠴᠡᠴᠡᠭ ᠲᠠᠢ᠂ | ᠨᠠᠮᠤᠷ ᠵᠢᠮᠢᠰ ᠲᠠᠢ ᠪᠠᠶᠢᠯᠭᠠᠵᠤ᠂ ᠲᠣᠰᠬᠤᠨ ᠤ ᠲᠥᠷᠢ ᠲᠥᠷᠬᠦ ᠶᠢ ᠲᠦᠢᠯᠪᠤᠷᠢᠲᠠᠶ ᠰᠠᠶᠢᠵᠢᠷᠠᠭᠤᠯᠤᠨ᠎ᠠ᠃ | ᠭᠤᠷᠪᠠ ᠳᠤ᠂ ᠠᠮᠢ ᠠᠬᠤᠢ ᠶᠢᠨ ᠬᠠᠮᠠᠭᠠᠯᠠᠯᠲᠠ ᠶᠢ ᠰᠠᠶᠢᠲᠤᠷ ᠠᠳᠬᠤᠨ᠎ᠠ᠃ ᠠᠮᠢ ᠠᠬᠤᠶ ᠶᠢᠨ | ᠨᠥᠬᠦᠪᠥᠷᠢ ᠶᠢᠨ ᠲᠦᠢᠯ ᠤᠨ ᠣᠨᠣᠪᠴᠢᠲᠠᠶ ᠪᠠᠷ ᠶᠠᠳᠠᠭᠤ ᠶᠢ ᠲᠡᠳᠬᠦᠬᠦ ᠶᠢ ᠭᠤᠤᠯᠳᠠᠯᠭ᠎ᠠ ᠲᠠᠢ ᠪᠠᠲᠤᠯᠠᠭᠰᠠᠨ | ᠰᠠᠭᠤᠷᠢᠨ ᠳᠡᠭᠡᠷ᠎ᠡ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠢᠶᠠᠷᠤᠯᠲᠠ ᠬᠠᠮᠠᠭᠠᠯᠠᠯᠲᠠ ᠶᠢᠨ ᠬᠠᠷᠢᠭᠤᠴᠠᠯᠭ᠎ᠠ ᠪᠠ | ᠲᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠴᠥᠬᠦᠷᠡᠰᠢ ᠦᠭᠡᠢ | ᠠᠳᠬᠤᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠤᠷᠲᠤ ᠬᠤᠭᠤᠴᠠᠭ᠎ᠠ ᠪᠠᠷ | ᠬᠤᠪᠢᠷᠠᠭᠤᠯᠬᠤ ᠦᠭᠡᠢ ᠪᠠᠶᠢᠬᠤ ᠶᠢ ᠲᠣᠳᠣᠷᠬᠠᠶᠢᠯᠠᠵᠤ᠂ ᠮᠠᠯ ᠰᠦᠷᠦᠭ ᠮᠠᠯ ᠤᠨ ᠡᠭᠦᠯᠳᠡᠷ ᠤᠨ ᠪᠦᠲᠦᠴᠡ ᠶᠢᠨ | ᠲᠣᠬᠢᠷᠠᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠲᠠᠷᠠᠬᠠᠢ ᠮᠠᠯᠯᠠᠬᠤ ᠪᠠ ᠬᠤᠯᠠᠭᠠᠶᠢᠯᠠᠨ ᠮᠠᠯᠯᠠᠬᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ︔ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠢᠯᠡᠬᠦ ᠠᠵᠢᠯ ᠢ | ᠴᠢᠩᠭᠠᠳᠬᠠᠵᠤ᠂ ᠭᠠᠯ ᠰᠡᠷᠭᠡᠢᠯᠡᠬᠦ ᠬᠠᠷᠢᠭᠤᠴᠠᠯᠭ ᠠ ᠶᠢ ᠨᠠᠶᠢᠳᠠᠪᠤᠷᠢᠵᠢᠭᠤᠯᠵᠤ᠂ ᠣᠢ ᠰᠢᠭᠤᠢ ᠶᠢᠨ ᠶᠡᠭᠡ ᠭᠠᠯ ᠤᠨ | ᠠᠶᠤᠯ ᠭᠠᠷᠬᠤ ᠦᠭᠡᠢ ᠪᠠᠶᠢᠬᠤ ᠶᠢ ᠪᠠᠲᠤᠯᠠᠨ᠎ᠠ︔ ᠣᠢ ᠰᠢᠭᠤᠶ ᠶᠢᠨ ᠡᠪᠡᠳᠴᠢᠨ ᠬᠤᠷᠣᠬᠠᠶ ᠬᠤᠯᠤᠭᠠᠨ᠎ᠠ ᠶᠢᠨ | ᠬᠥᠨᠥᠭᠡᠯ ᠢ ᠴᠢᠩᠭ᠎ᠠ ᠰᠡᠷᠭᠡᠶᠢᠯᠡᠨ ᠡᠵᠡᠮᠳᠡᠵᠦ᠂ ᠢᠯᠠᠩᠭᠤᠶ᠎ᠠ ᠤᠯᠤᠰ ᠤᠨ ᠣᠢ ᠰᠢᠭᠤᠶ ᠶᠢᠨ ᠡᠪᠡᠳᠴᠢᠨ | ᠬᠤᠷᠣᠬᠠᠶ ᠶᠢᠨ ᠬᠥᠨᠥᠭᠡᠯ ᠢ ᠬᠡᠮᠵᠢᠨ ᠮᠡᠳᠡᠭᠦᠯᠬᠦ ᠴᠡᠭ ᠢ ᠠᠰᠢᠭᠯᠠᠨ ᠬᠠᠪᠤᠷ ᠤᠨ ᠢᠷᠣᠬᠠᠶ ᠶᠢ ᠬᠢᠨᠠᠨ ᠬᠡᠮᠵᠢᠬᠦ | ᠠᠵᠢᠯ ᠢ ᠴᠢᠩᠭᠠᠳᠬᠠᠵᠤ᠂ ᠡᠷᠲᠡ ᠮᠡᠳᠡᠵᠦ᠂ ᠡᠷᠲᠡ ᠰᠡᠷᠭᠡᠶᠢᠯᠡᠨ ᠵᠠᠰᠠᠬᠤ ᠶᠢᠨ ᠬᠠᠮᠲᠤ᠂ ᠤᠯᠤᠰ ᠤᠨ ᠨᠢᠭᠡᠳᠦᠭᠡᠷ | ᠳᠡᠰ ᠤᠨ ᠣᠶ ᠰᠢᠭᠤᠶ ᠶᠢᠨ ᠬᠥᠨᠥᠭᠡᠯᠲᠦ ᠬᠤᠷᠣᠬᠠᠶ ᠠᠮᠧᠷᠢᠺᠠ ᠶᠢᠨ ᠴᠠᠭᠠᠨ ᠡᠷᠪᠡᠬᠡᠶ ᠶᠢᠨ ᠬᠢᠵᠢᠭ ᠪᠠᠶᠢᠴᠠᠭᠠᠬᠤ ᠪᠠ | ᠰᠡᠷᠭᠡᠶᠢᠯᠡᠨ ᠡᠵᠡᠮᠳᠡᠬᠦ ᠡᠷᠴᠢᠮ ᠢ ᠴᠢᠩᠭᠠᠷᠠᠭᠤᠯᠤᠨ᠎ᠠ︔ ᠰᠢᠶᠠᠨ ᠤ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ | ᠶᠣᠰᠣᠭᠠᠷ᠂ ᠲᠠᠯ᠎ᠠ ᠨᠤᠲᠤᠭ ᠤᠨ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠦᠨᠡᠨᠬᠦ | ᠴᠢᠩᠭᠠᠳᠬᠠᠵᠤ᠂ ᠲᠤᠰᠬᠠᠢ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠪᠦᠬᠦ ᠰᠢᠶᠠᠨ ᠤ ᠲᠠᠯ᠎ᠠ ᠨᠤᠲᠤᠭ ᠤᠨ | ᠬᠤᠯᠤᠭᠠᠨ᠎ᠠ ᠶᠢᠨ ᠬᠥᠨᠥᠭᠡᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ᠂ ᠬᠤᠤᠷᠲᠤ ᠥᠭᠶᠥᠭᠡ ᠰᠦᠷᠴᠢᠬᠦ | ᠮᠠᠰᠢᠨ ᠪᠠ ᠡᠭᠴᠡ ᠨᠢᠰᠬᠡᠯ ᠢᠶᠠᠷ ᠰᠦᠷᠴᠢᠨ ᠰᠠᠴᠤᠬᠤ ᠪᠠᠷ ᠳᠠᠮᠵᠢᠭᠤᠯᠤᠨ ᠬᠤᠤᠷᠲᠤ ᠥᠭᠶᠥᠭᠡ ᠰᠦᠷᠴᠢᠨ | ᠰᠠᠴᠤᠵᠤ ᠬᠤᠯᠤᠭᠠᠨ᠎ᠠ ᠶᠢᠨ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠤᠨ ᠬᠢᠵᠢᠭᠲᠦ ᠴᠡᠭ ᠤᠨ ᠣᠷᠣᠨ᠂ | ᠬᠤᠯᠤᠭᠠᠨ᠎ᠠ ᠶᠢᠨ ᠬᠥᠨᠥᠭᠡᠯ ᠥᠨᠳᠥᠷ ᠨᠢᠭᠲᠠᠴᠠᠲᠤ ᠣᠷᠣᠨ ᠳᠤ ᠬᠤᠯᠤᠭᠠᠨ᠎ᠠ ᠤᠰᠠᠳᠬᠠᠬᠤ ᠠᠵᠢᠯ ᠬᠢᠨ᠎ᠠ︔ ᠣᠢ | ᠮᠣᠳᠣᠨ ᠤ ᠭᠠᠵᠠᠷ ᠢ ᠬᠠᠤᠯᠢ ᠠᠴᠠ ᠵᠥᠷᠢᠴᠡᠨ ᠲᠠᠲᠠᠪᠤᠷᠢᠯᠠᠨ ᠡᠵᠡᠯᠡᠬᠦ᠂ ᠣᠢ ᠮᠣᠳᠣ ᠶᠢ ᠳᠤᠷ᠎ᠠ ᠪᠠᠷ ᠢᠶᠠᠨ | ᠣᠭᠲᠣᠯᠬᠤ ᠳᠤ ᠬᠢᠨᠠᠨ ᠪᠠᠶᠢᠴᠠᠭᠠᠵᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨᠬᠦ ᠬᠠᠮᠠᠭᠠᠯᠠᠨ᠎ᠠ᠃ | ᠣᠷᠴᠢᠭᠤᠯᠤᠭᠴᠢ᠄ ᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | | |