ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠳᠤᠮᠳᠠ᠂ ᠮᠠᠨ ᠤ ᠰᠢᠶᠠᠨ | ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠰᠢᠨ᠎ᠡ ᠲᠣᠭᠲᠠᠴᠠ ᠶᠢ | ᠢᠳᠡᠪᠬᠢᠲᠡᠢ ᠰᠦᠪᠡᠭᠴᠢᠯᠡᠵᠦ᠂ ︽ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ︾ ᠢ ᠶᠠᠳᠠᠭᠤ ᠬᠦᠴᠢᠷᠳᠡᠯᠲᠡᠢ | ᠲᠣᠰᠬᠤᠨ ᠳᠤ ᠪᠠᠶᠢᠭᠤᠯᠵᠤ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠭᠡᠷ ᠤᠨ ᠢᠶᠠᠨ ᠡᠭᠦᠳᠡᠨ ᠳᠤ ᠠᠵᠢᠯ | ᠤᠯᠬᠤ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠲᠣᠰᠬᠤᠨ ᠤ ᠠᠷᠠᠳ ᠢ ᠭᠡᠷ ᠪᠦᠯᠢ ᠪᠠᠷ ᠨᠢ | ᠬᠠᠷᠠᠭᠠᠯᠵᠠᠬᠤ᠂ ᠬᠥᠳᠡᠭᠡ ᠠᠵᠤ ᠠᠬᠤᠢ ᠡᠷᠬᠢᠯᠡᠬᠦ᠂ ᠬᠥᠯᠥᠰᠥᠨ ᠠᠵᠢᠯ ᠬᠢᠬᠦ ︽ᠭᠤᠷᠪᠠ ᠶᠢ ᠰᠠᠭᠠᠲᠠᠭᠠᠬᠤ ᠦᠭᠡᠢ︾ | ᠪᠠᠶᠢᠬᠤ ᠶᠢ ᠪᠡᠶᠡᠯᠡᠭᠦᠯᠪᠡ᠃ | ᠬᠤᠸᠠᠳᠧ ᠰᠢᠶᠠᠨ ᠤ ᠾᠧ ᠫᠢᠩ ᠲᠣᠰᠬᠤᠨ ᠤ ᠬᠤᠪᠴᠠᠰᠤ ᠬᠤᠨᠠᠷ ᠢᠶᠠᠷ ᠶᠠᠳᠠᠭᠤ ᠶᠢ ᠲᠡᠳᠬᠦᠬᠦ ᠲᠠᠰᠤᠭ ᠲᠤ | ᠬᠦᠷᠬᠦ ᠳᠤ᠂ ᠦᠢᠯᠡᠳᠪᠤᠷᠢ ᠶᠢᠨ ᠲᠠᠰᠤᠭ ᠤᠨ ᠦᠢᠯᠡᠳᠪᠤᠷᠢᠯᠡᠯ ᠶᠠᠭ ᠶᠠᠭᠠᠷᠠᠯᠲᠠᠶ ᠪᠠᠶᠢᠵᠤ᠂ ᠠᠵᠢᠯᠴᠢᠳ ᠥᠲᠥᠨ | ᠨᠣᠣᠰᠣᠲᠤ ᠬᠤᠪᠴᠠᠰᠤᠨ ᠤ ᠵᠠᠬᠢᠶᠠᠯᠠᠯᠭ᠎ᠠ ᠶᠢᠨ ᠦᠢᠯᠡᠳᠬᠦᠨ ᠢ ᠬᠢᠵᠦ ᠶᠠᠭᠠᠷᠠᠨ᠎ᠠ᠃ ᠡᠨᠡᠬᠦ ᠶᠠᠳᠠᠭᠤ ᠶᠢ ᠲᠡᠳᠬᠦᠬᠦ | ᠲᠠᠰᠤᠭ ᠲᠤ 36 ᠠᠵᠢᠯᠴᠢᠨ ᠲᠠᠢ᠂ ᠣᠯᠠᠩᠬᠢ ᠨᠢ ᠲᠤᠬᠠᠶ ᠶᠢᠨ ᠭᠠᠵᠠᠷ ᠤᠨ ᠳᠠᠩᠰᠠᠯᠠᠵᠤ ᠺᠠᠷᠲᠯᠠᠭᠰᠠᠨ ᠶᠠᠳᠠᠭᠤ | ᠬᠦᠴᠢᠷᠳᠡᠯᠲᠡᠶ ᠡᠷᠦᠬᠡ ᠪᠣᠯᠤᠨ᠎ᠠ᠃ ︽ᠶᠠᠳᠠᠭᠤ ᠶᠢ ᠲᠡᠳᠬᠦᠬᠦ ᠦᠢᠯᠡᠳᠪᠤᠷᠢ ᠶᠢᠨ ᠲᠠᠰᠤᠭ︾ ᠤᠨ | ᠪᠠᠶᠢᠭᠤᠯᠤᠭᠳᠠᠭᠰᠠᠨ ᠠᠴᠠ ᠪᠣᠯᠵᠣ᠂ ᠵᠢᠶᠠ ᠫᠸᠢ ᠷᠦᠩ ᠮᠡᠲᠦ ᠶᠢᠨ ᠶᠠᠳᠠᠭᠤ ᠬᠦᠴᠢᠷᠳᠡᠯᠲᠡᠶ ᠡᠷᠦᠬᠡ ᠬᠡᠷ ᠤᠨ | ᠡᠭᠦᠳᠡᠨ ᠳᠤ ᠪᠠᠨ ᠠᠵᠢᠯ ᠣᠯᠵᠤ᠂ ᠴᠠᠯᠢᠩ ᠣᠯᠵᠤ ᠳᠡᠶᠢᠯᠬᠦ ᠪᠠᠷ ᠪᠠᠷᠠᠬᠤ ᠥᠬᠡᠶ᠂ ᠪᠠᠰᠠ ᠬᠡᠷ ᠤᠨ ᠬᠥᠮᠦᠰ ᠢᠶᠠᠨ | ᠬᠠᠷᠠᠭᠠᠯᠵᠠᠵᠤ᠂ ︽ᠵᠣᠭᠤᠰ ᠣᠯᠵᠤ ᠬᠡᠷ ᠢᠶᠠᠨ ᠬᠠᠷᠠᠭᠠᠯᠵᠠᠬᠤ ᠬᠤᠶᠠᠭᠤᠯᠠ ᠶᠢ ᠰᠠᠭᠠᠲᠠᠭᠠᠬᠤ ᠥᠬᠡᠶ︾ ᠪᠠᠶᠢᠬᠤ ᠶᠢ | ᠪᠡᠶᠡᠯᠡᠭᠦᠯᠪᠡ᠃ | ︽ᠪᠢᠳᠡ ᠡᠨᠡ ᠦᠢᠯᠡᠳᠪᠤᠷᠢ ᠶᠢᠨ ᠲᠠᠰᠤᠭ ᠲᠤ ᠠᠵᠢᠯᠯᠠᠭᠠᠳ ᠶᠡᠭᠡ ᠰᠠᠶᠢᠬᠠᠨ ᠪᠠᠶᠢᠨ᠎ᠠ᠂ ᠬᠡᠷ ᠤᠨ ᠲᠠᠷᠢᠶᠠᠨ | ᠠᠵᠢᠯ ᠢᠶᠠᠨ ᠴᠤ ᠰᠠᠭᠠᠲᠠᠭᠠᠬᠤ ᠥᠬᠡᠶ᠂ ᠪᠠᠰᠠ ᠰᠠᠷ᠎ᠠ ᠰᠠᠷ᠎ᠠ ᠬᠤᠶᠠᠷ ᠮᠢᠩᠭ᠎ᠠ ᠭᠠᠷᠤᠶ ᠲᠥᠭᠦᠷᠢᠭ ᠣᠯᠴᠢᠬᠠᠨ᠎ᠠ᠂ | ᠡᠨᠡ ᠨᠢ ᠴᠥᠮ ᠡᠯ᠎ᠡ ᠱᠠᠲᠤᠨ ᠤ ᠤᠳᠤᠷᠢᠳᠤᠯᠭ᠎ᠠ᠂ ᠲᠣᠰᠬᠤᠨ ᠤ ᠺᠠᠳ᠋ᠷ᠂ ᠲᠣᠰᠬᠤᠨ ᠳᠤ ᠰᠠᠭᠤᠭ᠎ᠠ ᠨᠢᠭᠡᠳᠦᠭᠡᠷ | ᠱᠦᠵᠢ ᠪᠢᠳᠡᠨ ᠢ ᠰᠡᠳᠬᠢᠯ ᠳᠡᠭᠡᠨ ᠪᠣᠳᠤᠭᠰᠠᠨ ᠠᠴᠠ ᠪᠢᠳᠡ ᠰᠠᠶ᠋ᠢ ᠵᠣᠭᠤᠰ ᠮᠥᠩᠬᠦ ᠣᠯᠵᠤ ᠪᠠᠶᠢᠨ᠎ᠠ︾ ᠭᠡᠵᠦ | ᠶᠠᠳᠠᠭᠤ ᠬᠦᠴᠢᠷᠳᠡᠯᠲᠡᠶ ᠡᠷᠦᠬᠡ ᠶᠢᠨ ᠵᠢᠶᠠ ᠫᠸᠢ ᠷᠦᠩ ᠪᠠᠶᠠᠷᠲᠠᠶ ᠪᠠᠷ ᠬᠡᠯᠡᠪᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠡᠬᠢᠯᠡᠭᠰᠡᠨ ᠠᠴᠠ ᠨᠠᠰᠢ᠂ ᠮᠠᠨ ᠤ | ᠰᠢᠶᠠᠨᠲ᠋ᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ ᠶᠢᠨ ᠦᠢᠯᠡᠰ ᠪᠤᠰᠬᠠᠬᠤ᠂ ᠠᠵᠢᠯ ᠣᠯᠭᠤᠯᠲᠠ ᠪᠠᠷ | ᠶᠠᠳᠠᠭᠤ ᠶᠢ ᠲᠡᠳᠬᠦᠬᠦ ᠠᠵᠢᠯ ᠢ ᠶᠡᠬᠡᠪᠡᠷ ᠠᠬᠢᠭᠤᠯᠵᠤ᠂ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ | ᠠᠬᠤᠶᠢᠯᠠᠯ ᠢ ᠶᠠᠳᠠᠭᠤ ᠬᠦᠴᠢᠷᠳᠡᠯᠲᠡᠢ ᠲᠣᠰᠬᠤᠨ ᠳᠤ ᠣᠷᠣᠬᠤ ᠶᠢ ᠢᠳᠡᠪᠬᠢᠲᠡᠢ ᠬᠦᠳᠦᠯᠦᠨ ᠵᠢᠯᠣᠭᠤᠳᠴᠤ᠂ ᠡᠯ᠎ᠡ | ᠪᠠᠯᠭᠠᠰᠤ ᠰᠢᠶᠠᠩ᠂ ᠡᠯ᠎ᠡ ᠶᠠᠳᠠᠭᠤ ᠬᠦᠴᠢᠷᠳᠡᠯᠲᠡᠢ ᠲᠣᠰᠬᠤᠨ ᠢ ᠬᠦᠳᠦᠯᠥᠨ ᠵᠢᠯᠣᠭᠤᠳᠴᠤ ᠠᠵᠢᠯ ᠣᠯᠭᠤᠯᠲᠠ ᠪᠠᠷ | ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠢ ᠪᠠᠶᠢᠭᠤᠯᠵᠤ᠂ ︽ᠠᠵᠤ ᠠᠬᠤᠶᠢᠯᠠᠯ + ᠦᠢᠯᠡᠳᠪᠦᠷᠢ ᠶᠢᠨ | ᠲᠠᠰᠤᠭ + ᠶᠠᠳᠠᠭᠤ ᠬᠦᠴᠢᠷᠳᠡᠯᠲᠡᠢ ᠡᠷᠦᠬᠡ︾ ᠪᠤᠶᠤ ︽ᠠᠵᠤ ᠠᠬᠤᠶᠢᠯᠠᠯ + ᠵᠠᠬᠢᠶᠠᠯᠠᠭ᠎ᠠ ᠶᠢᠨ ᠬᠠᠭᠤᠳᠠᠰᠤ + | ᠶᠠᠳᠠᠭᠤ ᠬᠦᠴᠢᠷᠳᠡᠯᠲᠡᠢ ᠡᠷᠦᠬᠡ︾ ᠶᠢᠨ ᠵᠠᠭᠪᠤᠷ ᠢᠶᠠᠷ ᠶᠠᠳᠠᠭᠤ ᠬᠦᠴᠢᠷᠳᠡᠯᠲᠡᠢ ᠤᠯᠠᠨ ᠲᠦᠮᠡᠨ᠂ ᠭᠡᠷ ᠲᠡᠭᠡᠨ | ᠬᠤᠴᠣᠷᠤᠭᠰᠠᠨ ᠡᠮᠡᠭᠲᠡᠶᠢᠴᠦᠳ ᠲᠤ ᠠᠵᠢᠯ ᠤᠨ ᠪᠠᠶᠢᠷᠢ ᠬᠠᠩᠭᠠᠵᠤ᠂ ᠬᠥᠳᠡᠭᠡ ᠲᠣᠰᠬᠤᠨ ᠤ ᠲᠠᠩᠰᠠ ᠪᠠ | ᠺᠠᠷᠲ ᠲᠠᠢ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠤ ᠲᠤᠬᠠᠢ ᠶᠢᠨ ᠭᠠᠵᠠᠷ ᠲᠠᠭᠠᠨ ᠠᠵᠢᠯ ᠤᠯᠬᠤ ᠶᠢ | ᠠᠬᠢᠭᠤᠯᠵᠤ᠂ ᠶᠠᠳᠠᠭᠤ ᠬᠦᠴᠢᠷᠳᠡᠯᠲᠡᠢ ᠤᠯᠠᠨ ᠴᠢᠨᠡᠭᠡᠯᠢᠭᠵᠢᠬᠦ ᠠᠯᠬᠤᠴᠠ ᠶᠢ ᠲᠦᠷᠭᠡᠳᠬᠡᠪᠡ᠃ | ᠶᠠᠳᠠᠭᠤ ᠶᠢ ᠲᠡᠳᠬᠦᠬᠦ ᠦᠢᠯᠡᠳᠪᠤᠷᠢ ᠶᠢᠨ ᠲᠠᠰᠤᠭ ᠨᠢ ᠴᠠᠬᠢᠭᠤᠷᠲᠤ ᠲᠡᠮᠦᠷ ᠪᠣᠭᠤᠳᠠᠯᠯᠠᠬᠤ ᠤᠭᠤᠲᠠ᠂ | ᠬᠤᠪᠴᠠᠰᠤ ᠦᠢᠯᠡᠳᠪᠤᠷᠢᠯᠡᠬᠦ᠂ ᠳᠠᠩᠰᠠ ᠡᠪᠬᠡᠮᠡᠯ ᠤᠨ ᠬᠠᠶᠢᠷᠴᠠᠭ ᠢ ᠬᠢᠬᠦ ᠵᠡᠷᠭᠡ ᠠᠵᠢᠯ ᠲᠥᠷᠥᠯ ᠢ ᠬᠠᠮᠤᠷᠴᠤ᠂ | ᠠᠵᠢᠯ ᠤᠨ ᠳᠡᠰ ᠳᠠᠷᠠᠭ᠎ᠠ ᠨᠢ ᠳᠥᠭᠦᠮᠬᠡᠨ᠂ ᠲᠣᠰᠬᠤᠨ ᠤ ᠠᠷᠠᠳ ᠣᠬᠤᠷ ᠬᠤᠭᠤᠴᠠᠭᠠᠨ ᠤ ᠪᠣᠯᠪᠠᠰᠤᠷᠠᠯ | ᠬᠦᠷᠲᠡᠳᠡᠭ ᠯᠡ ᠶᠤᠮ ᠪᠣᠯ ᠳᠠᠷᠤᠶ ᠠᠵᠢᠯ ᠤᠨ ᠪᠠᠶᠢᠷᠢ ᠳᠤ ᠭᠠᠷᠴᠤ ᠪᠣᠯᠤᠨ᠎ᠠ᠃ ᠶᠠᠳᠠᠭᠤ ᠶᠢ ᠲᠡᠳᠬᠦᠬᠦ | ᠦᠢᠯᠡᠳᠪᠤᠷᠢ ᠶᠢᠨ ᠲᠠᠰᠤᠭ ᠲᠤ᠂ ᠲᠣᠰᠬᠤᠨ ᠤ ᠠᠷᠠᠳ ᠦᠢᠯᠡᠳᠴᠤ ᠬᠢᠭᠰᠡᠨ ᠶᠠᠭᠤᠮᠠᠨ ᠤ ᠪᠠᠨ ᠲᠤᠭ᠎ᠠ ᠪᠠᠷ | ᠬᠥᠯᠥᠰᠥ ᠣᠯᠭᠤᠮᠵᠢ ᠠᠪᠴᠤ᠂ ᠰᠠᠷ᠎ᠠ ᠪᠦᠷᠢ 1000 ᠲᠥᠭᠦᠷᠢᠭ ᠠᠴᠠ 2000 ᠲᠥᠭᠦᠷᠢᠭ ᠤᠨ ᠴᠠᠯᠢᠩ ᠣᠯᠵᠤ | ᠪᠣᠯᠤᠨ᠎ᠠ᠂ ᠴᠠᠭ ᠨᠢ ᠴᠢᠯᠦᠭᠡᠲᠡᠢ ᠪᠠᠶᠢᠵᠤ᠂ ᠨᠢᠭᠡ ᠲᠠᠯ᠎ᠠ ᠪᠠᠷ ᠭᠡᠷ ᠪᠦᠯᠢ ᠪᠠᠨ ᠬᠠᠷᠠᠭᠠᠯᠵᠠᠬᠤ ᠶᠢᠨ ᠳᠠᠭᠠᠤ | ᠦᠢᠯᠡᠳᠪᠦᠷᠢ ᠶᠢᠨ ᠲᠠᠰᠤᠭ ᠲᠤ ᠣᠴᠢᠵᠤ ᠠᠵᠢᠯᠯᠠᠵᠣ᠂ ︽ᠵᠣᠭᠤᠰ ᠣᠯᠬᠤ ᠪᠣᠯᠣᠨ ᠭᠡᠷ ᠢᠶᠠᠨ ᠬᠠᠷᠠᠭᠠᠯᠵᠠᠬᠤ ᠶᠢ | ᠰᠠᠭᠠᠲᠠᠭᠠᠬᠤ ᠦᠭᠡᠢ︾᠂ ︽ᠶᠠᠭᠠᠷᠠᠤ ᠦᠶ᠎ᠡ ᠳᠤ ᠲᠠᠷᠢᠶᠠᠨ ᠠᠵᠢᠯ ᠢᠶᠠᠨ ᠬᠢᠵᠦ᠂ ᠰᠤᠯᠠ ᠰᠡᠯᠡᠭᠦᠦ ᠴᠠᠭ ᠲᠤ | ᠬᠦᠯᠦᠰᠦᠨ ᠠᠵᠢᠯ ᠬᠢᠬᠦ︾ ᠨᠢ ᠠᠭᠠᠵᠢᠮ ᠢᠶᠠᠷ ᠲᠤᠬᠠᠢ ᠶᠢᠨ ᠭᠠᠵᠠᠷ ᠤᠨ ᠤᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠤᠨ ᠰᠢᠨ᠎ᠡ ᠬᠡᠪ ᠪᠠᠶᠢᠳᠠᠯ ᠪᠣᠯᠤᠭᠰᠠᠨ ᠪᠠᠶᠢᠨ᠎ᠠ᠃ | ᠣᠲᠣ ᠪᠣᠯᠲᠠᠯ᠎ᠠ᠂ ᠬᠤᠸᠠᠳᠧ ᠰᠢᠶᠠᠨ ᠨᠢᠭᠡᠨᠲᠡ 56 ᠶᠠᠳᠠᠭᠤ ᠠᠴᠠ ᠠᠩᠭᠢᠵᠢᠷᠠᠭᠤᠯᠬᠤ ᠦᠢᠯᠡᠳᠪᠤᠷᠢ ᠶᠢᠨ | ᠲᠠᠰᠤᠭ ᠢ ᠪᠠᠶᠢᠭᠤᠯᠤᠭᠰᠠᠨ ᠪᠥᠭᠡᠳ ᠠᠰᠢᠭᠯᠠᠯᠲᠠ ᠳᠤ ᠣᠷᠣᠭᠤᠯᠵᠤ᠂ 928 ᠶᠠᠳᠠᠭᠤ ᠬᠦᠴᠢᠷᠳᠡᠯᠲᠡᠶ ᠬᠥᠮᠦᠨ | ᠠᠮᠠ ᠶᠢ ᠰᠢᠭᠤᠳ ᠳᠠᠶᠢᠴᠢᠯᠠᠵᠤ᠂ ᠬᠥᠮᠦᠨ ᠳᠤᠮᠳᠠᠴᠢ ᠶᠢᠨ ᠴᠡᠪᠡᠷ ᠣᠷᠣᠯᠭ᠎ᠠ ᠨᠢ ᠠᠳᠠᠭ ᠪᠠᠭ᠎ᠠ ᠳᠠᠭᠠᠨ 2 ᠲᠦᠮᠡᠨ | ᠲᠦᠭᠦᠷᠢᠭ ᠠᠴᠠ ᠳᠡᠭᠡᠭᠰᠢ ᠪᠠᠶᠢᠵᠤ᠂ ᠶᠠᠳᠠᠭᠤ ᠬᠦᠴᠢᠷᠳᠡᠯᠲᠡᠶ ᠬᠡᠷ ᠪᠦᠯᠢ ᠦᠨᠳᠦᠰᠦᠨ ᠳᠡᠭᠡᠨ ︽ᠨᠢᠭᠡ ᠬᠥᠮᠦᠨ | ᠠᠵᠢᠯ ᠬᠢᠵᠦ᠂ ᠪᠥᠬᠦ ᠬᠡᠷ ᠢᠶᠠᠷ ᠢᠶᠠᠨ ᠶᠠᠳᠠᠭᠤ ᠠᠴᠠ ᠠᠩᠭᠢᠵᠢᠷᠠᠬᠤ︾ ᠶᠢ ᠪᠡᠶᠡᠯᠡᠭᠦᠯᠵᠦ ᠪᠠᠶᠢᠨ᠎ᠠ᠃ ︽ᠠᠵᠢᠯ ᠤᠨ | ᠪᠠᠶᠢᠷᠢ ᠳᠤ ᠬᠦᠷᠭᠡᠵᠦ᠂ ᠣᠶᠢᠷ᠎ᠠ ᠬᠠᠪᠢ ᠳᠠᠭᠠᠨ ᠠᠵᠢᠯ ᠣᠯᠭᠤᠬᠤ︾ ᠶᠠᠳᠠᠭᠤ ᠶᠢ ᠲᠡᠳᠬᠦᠬᠦ ᠦᠢᠯᠡᠳᠪᠤᠷᠢ ᠶᠢᠨ | ᠲᠠᠰᠤᠭ ᠲᠤ ᠠᠵᠢᠯ ᠣᠯᠭᠤᠬᠤ ᠵᠠᠭᠪᠤᠷ ᠨᠢ ᠶᠠᠳᠠᠭᠤ ᠬᠦᠴᠢᠷᠳᠡᠯᠲᠡᠶ ᠣᠯᠠᠨ ᠲᠦᠮᠡᠨ ᠢ ᠠᠵᠤ ᠦᠢᠯᠡᠰ ᠤᠨ | ᠠᠵᠢᠯᠴᠢᠨ ᠪᠣᠯᠭᠠᠨ ᠬᠤᠪᠢᠷᠠᠭᠤᠯᠬᠤ ᠨᠢ ᠣᠲᠣ ᠨᠢᠭᠡᠨᠲᠡ ᠬᠤᠸᠠᠳᠧ ᠰᠢᠶᠠᠨ ᠤ ᠨᠠᠷᠢᠯᠢᠭ ᠣᠨᠣᠴᠠᠲᠠᠶ ᠪᠠᠷ | ᠶᠠᠳᠠᠭᠤ ᠶᠢ ᠲᠡᠳᠬᠦᠬᠦ ᠠᠵᠢᠯ ᠤᠨ ᠴᠢᠬᠤᠯᠠ ᠠᠴᠢᠶᠠᠯᠠᠪᠤᠷᠢ ᠪᠣᠯᠵᠠᠶ᠃ | | ᠣᠷᠴᠢᠭᠤᠯᠤᠭᠴᠢ᠄ ᠭᠡᠷᠡᠯ | |