ᠥᠪᠡᠷᠲᠡᠭᠡᠨ ᠵᠠᠰᠠᠬᠤ ᠣᠷᠣᠨ 2020 ᠣᠨ ᠤ ᠥᠪᠡᠷᠲᠡᠭᠡᠨ ᠵᠠᠰᠠᠬᠤ ᠣᠷᠣᠨ ᠤ ᠣᠶᠤᠨ ᠤ ᠪᠣᠯᠪᠠᠰᠤᠨ ᠤ ᠵᠥᠪᠯᠡᠯ ᠤᠨ ᠬᠤᠷᠠᠯ ᠵᠢᠴᠢ ᠣᠯᠠᠨ ᠲᠦᠮᠡᠨᠴᠢ ᠴᠢᠨᠠᠷᠲᠠᠶ ᠪᠣᠯᠪᠠᠰᠤᠨ ᠥᠪᠥᠷ ᠮᠣᠩᠭᠤᠯ ᠢ ᠪᠠᠶᠢᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-05-07
   ᠲᠥᠪ ᠤᠨ ᠪᠣᠯᠪᠠᠰᠤᠨ ᠤ ᠵᠥᠪᠯᠡᠯ ᠤᠨ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠯᠪᠠᠰᠤᠨ ᠥᠪᠥᠷ ᠮᠣᠩᠭᠤᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠲᠦᠯᠦᠭᠡ᠂ 5 ᠰᠠᠷ᠎ᠠ ᠶᠢᠨ 6 ᠤ ᠡᠳᠦᠷ᠂ ᠮᠠᠨ ᠤ ᠰᠢᠶᠠᠨ ᠺᠠᠳ᠋ᠷᠴᠤᠳ ᠢ ᠵᠣᠬᠢᠶᠠᠨ ᠪᠠᠶᠢᠭᠤᠯᠵᠤ᠂ 2020 ᠣᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠤ ᠵᠥᠪᠯᠡᠯ ᠤᠨ ᠬᠤᠷᠠᠯ ᠵᠢᠴᠢ ᠣᠯᠠᠨ‌‍ᠲ᠋ᠦ᠋ᠮᠡᠨᠴᠢ ᠴᠢᠨᠠᠷᠲᠠᠶ ᠪᠣᠯᠪᠠᠰᠤᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠲᠧᠯᠸᠢᠰ ᠳ᠋ᠢᠶᠠᠩᠬᠤᠸᠠ ᠬᠤᠷᠠᠯ ᠳᠤ ᠣᠷᠤᠯᠴᠠᠪᠠ᠃
   ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠼᠦᠢ ᠢᠦᠶ ᠯᠠᠶ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠼᠦᠢ ᠯᠢᠩ᠂ ᠰᠢᠶᠠᠨ ᠤ ᠳᠡᠳ᠋ ᠳᠠᠷᠤᠭ᠎ᠠ ᠦ᠋ ᠴᠢᠯᠠᠭᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠵᠧᠩ ᠵᠧᠤ ᠴᠢ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮᠧᠨ ᠱᠧᠨ ᠰᠢᠶᠠ ᠵᠢᠴᠢ ᠣᠶᠤᠨ ᠤ ᠪᠣᠯᠪᠠᠰᠤᠨ ᠤ ᠵᠥᠪᠯᠡᠯ ᠤᠨ ᠪᠦᠷᠢᠯᠳᠦᠭᠦᠨ‌ᠨᠢᠭᠡᠴᠡ ᠶᠢᠨ ᠭᠤᠤᠯ ᠬᠠᠷᠢᠭᠤᠴᠠᠯᠭᠠᠲᠠᠨ ᠸᠢᠳᠢᠤ᠋  ᠬᠤᠷᠠᠯ ᠳᠤ ᠣᠷᠣᠯᠴᠠᠪᠠ᠃
   ᠬᠤᠷᠠᠯ ᠠᠴᠠ ︽ᠣᠯᠠᠨ ᠲᠦᠮᠡᠨᠴᠢ ᠴᠢᠨᠠᠷᠲᠠᠶ ᠪᠣᠯᠪᠠᠰᠤᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠲᠤᠬᠠᠶ ᠠᠵᠢᠯᠯᠠᠭᠠᠨ ᠤ ᠲᠥᠰᠦᠯ︾ ᠪᠣᠯᠤᠨ ︽ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠬᠡᠷᠡᠭᠵᠢᠭᠦᠯᠬᠦ ᠬᠥᠲᠥᠯᠪᠦᠷᠢ︾ ᠵᠡᠷᠭᠡ ᠢᠵᠢ ᠪᠥᠷᠢᠳᠦᠭᠰᠡᠨ ᠪᠢᠴᠢᠭ ᠮᠠᠲ᠋ᠧᠷᠢᠶᠠᠯ ᠢ ᠭᠦᠨᠵᠡᠭᠡᠶ ᠲᠠᠶᠢᠯᠤᠮᠵᠢ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠠᠷᠤᠭ᠎ᠠ ᠪᠠᠶ ᠢᠦᠶ ᠭᠠᠩ ᠴᠢᠬᠤᠯᠠ ᠶᠠᠷᠢᠶ᠎ᠠ ᠲᠠᠯᠪᠢᠪᠠ᠃
    ᠬᠤᠷᠠᠯ ᠠᠴᠠ᠂ ᠣᠯᠠᠨ ᠲᠦᠮᠡᠨᠴᠢ ᠴᠢᠨᠠᠷᠲᠠᠶ ᠪᠣᠯᠪᠠᠰᠤᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠢ ᠥᠷᠨᠢᠭᠦᠯᠬᠦ ᠪᠠᠷ ᠳᠠᠮᠵᠢᠭᠤᠯᠤᠨ‌‍ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠤᠯᠠᠮ ᠨᠢᠭᠡ  ᠠᠯᠬᠤᠮ ᠠᠬᠢᠭᠤᠯᠵᠤ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠬᠤ ᠶᠢ ᠠᠬᠢᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠦᠵᠡᠯ ᠰᠠᠨᠠᠭ᠎ᠠ ᠶᠣᠰᠣ ᠮᠣᠷᠠᠯ ᠤᠨ ᠬᠡᠪ ᠴᠢᠨᠠᠷ ᠪᠠ ᠪᠣᠯᠪᠠᠰᠤᠨ ᠤ ᠬᠡᠪ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠬᠥᠲᠥᠯᠦᠨ ᠵᠢᠯᠣᠭᠤᠳᠬᠤ ᠪᠠ ᠵᠣᠷᠢᠭᠵᠢᠭᠤᠯᠵᠤ᠂ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠪᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃
   ᠬᠤᠷᠠᠯ ᠠᠴᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢᠶᠠᠷ ᠠᠴᠢᠶᠠᠯᠠᠪᠤᠷᠢ ᠪᠣᠯᠭᠠᠵᠤ᠂ ᠠᠷᠠᠳ ᠢᠷᠭᠡᠳ ᠤᠨ ᠰᠠᠶᠢᠨ ᠰᠠᠶᠢᠬᠠᠨ ᠦᠢᠯᠡ ᠠᠵᠢᠯᠯᠠᠭ᠎ᠠ ᠶᠢᠨ ᠳᠠᠳᠬᠠᠯ ᠢ ᠬᠥᠮᠦᠵᠢᠭᠦᠯᠵᠦ᠂ ᠰᠠᠶᠢᠨ ᠰᠠᠶᠢᠬᠠᠨ ᠵᠠᠩ ᠳᠠᠳᠬᠠᠯ ᠢ ᠬᠥᠮᠦᠵᠢᠭᠦᠯᠵᠦ᠂ ᠦᠢᠯᠡᠴᠢᠯᠡᠭᠡᠨ ᠤ ᠴᠢᠨᠠᠷ ᠢ ᠲᠤᠪᠤᠶᠢᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠥᠷᠭᠡᠨ ᠢᠶᠠᠷ ᠣᠷᠣᠯᠴᠠᠵᠤ᠂ ︽ᠪᠣᠯᠪᠠᠰᠤᠨ ᠢ ᠡᠷᠬᠢᠮᠯᠡᠬᠦ᠂ ᠡᠷᠡᠭᠦᠯ ᠬᠠᠮᠠᠭᠠᠯᠠᠯ ᠢ ᠡᠷᠬᠢᠮᠯᠡᠬᠦ᠂ ᠨᠡᠶᠢᠲᠡ ᠶᠢᠨ ᠶᠣᠰᠣ ᠮᠣᠷᠠᠯ ᠢ ᠡᠷᠬᠢᠮᠯᠡᠬᠦ︾ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃
    ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ᠂ ︽ᠵᠢᠷᠭᠤᠭᠠᠨ ᠶᠡᠭᠡ ᠡᠭᠦᠳᠦᠨ ᠪᠠᠶᠢᠭᠤᠯᠤᠯᠲᠠ︾ ᠪᠠ ᠣᠯᠠᠨ ᠲᠦᠮᠡᠨᠴᠢ ᠴᠢᠨᠠᠷᠲᠠᠶ ᠪᠣᠯᠪᠠᠰᠤᠨ ᠥᠪᠥᠷ ᠮᠣᠩᠭᠤᠯ ᠭᠤᠷᠪᠠ ᠶᠢ ᠨᠢᠭᠡ ᠴᠣᠭᠴᠠᠵᠢᠭᠤᠯᠤᠨ12 ᠲᠥᠷᠥᠯ ᠤᠨ ᠭᠤᠤᠯᠳᠠᠯᠭ᠎ᠠ ᠲᠠᠢ ᠬᠠᠮᠲᠤᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠠᠷᠪᠠᠨ ᠶᠡᠭᠡ ᠠᠵᠢᠯᠯᠠᠭ᠎ᠠ︾ ᠪᠠ ᠪᠣᠯᠪᠠᠰᠤᠨ ᠤ  ᠦᠢᠯᠡᠳᠦᠯᠭᠡ ᠶᠢᠨ ᠡᠯ᠎ᠡ ᠵᠦᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠴᠢᠩᠭᠠᠳᠬᠠᠵᠤ᠂ ᠪᠣᠯᠪᠠᠰᠤᠨ ᠢ ᠥᠪᠥᠷ ᠮᠣᠩᠭᠤᠯ ᠤᠨ ᠴᠤᠭ ᠰᠦᠯᠳᠡ ᠪᠠ ᠳᠦᠷᠢ ᠲᠥᠷᠬᠦ ᠪᠣᠯᠭᠠᠬᠤ ᠬᠡᠷᠡᠭᠲᠡᠶ ᠭᠡᠪᠡ᠃                                                      ᠣᠷᠴᠢᠭᠤᠯᠤᠭᠴᠢ᠄ ᠭᠡᠷᠡᠯ    
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2