5 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ | ᠪᠦᠦ ᠭᠠᠩ ᠮᠠᠨ ᠤ ᠰᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠳᠡᠳ᠋ ᠳᠠᠷᠤᠭ᠎ᠠ | ᠯᠸᠢ ᠷᠤ᠋ ᠰᠢᠨ᠂ ᠮᠠᠨ ᠤ ᠰᠢᠶᠠᠨ ᠤ ᠤᠳᠤᠷᠢᠳᠤᠯᠭ᠎ᠠ ᠸᠠᠩ ᠪᠢᠩ᠂ ᠼᠦᠢ ᠢᠦᠶ ᠯᠠᠶ᠂ ᠵᠣᠣ ᠯᠦᠩ ᠹᠸᠢ᠂ ᠬᠤᠤ | ᠰᠢᠶᠤᠤ ᠭᠤᠸᠠᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | | ᠪᠦᠦ ᠭᠠᠩ ᠨᠠᠷ ᠤᠷᠢᠳ ᠬᠤᠵᠢᠳ ᠮᠠᠨ ᠤ ᠰᠢᠶᠠᠨ ᠤ ᠴᠠᠭᠠᠨ ᠠᠮᠠᠰᠠᠷ ᠲᠣᠰᠬᠤᠨ᠂ ᠶᠠᠩ ᠵᠢᠶᠠ ᠳ᠋ᠢ | ᠲᠣᠰᠬᠤᠨ ᠳᠤ ᠭᠦᠨᠵᠡᠭᠡᠶᠢᠷᠡᠨ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠮᠠᠨ ᠤ ᠰᠢᠶᠠᠨ ᠤ ᠲᠥᠪ ᠤᠨ ᠲᠣᠭᠤᠷᠢᠨ | ᠪᠠᠶᠢᠴᠠᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠪᠣᠯᠤᠨ ᠣᠷᠣᠨ | ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ | | ᠴᠠᠭᠠᠨ ᠠᠮᠠᠰᠠᠷ ᠲᠣᠰᠬᠤᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠪᠦᠦ ᠭᠠᠩ᠂ ᠮᠠᠨ ᠤ ᠰᠢᠶᠠᠨ ᠤ | ᠴᠠᠭᠠᠨ ᠠᠮᠠᠰᠠᠷ ᠲᠣᠰᠬᠤᠨ ᠤ ᠬᠠᠮᠢᠶ᠎ᠠ ᠪᠦᠬᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠮᠠᠰᠢ | ᠰᠠᠶᠢᠨ ᠪᠠᠶᠢᠨ᠎ᠠ᠂ ᠳᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ | ᠠᠳᠬᠤᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠵᠦ᠂ ᠠᠷᠠᠳ ᠤᠨ ᠲᠥᠯᠥᠭᠡ | ᠠᠷᠠᠳ ᠲᠤ ᠠᠰᠢᠭ ᠬᠦᠷᠲᠡᠭᠡᠬᠦ ᠶᠡᠭᠡ ᠶᠠᠪᠤᠳᠠᠯ ᠢ ᠦᠨᠡᠨ ᠬᠦ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | ᠶᠠᠩ ᠵᠢᠶᠠ ᠳ᠋ᠢ ᠲᠣᠰᠬᠤᠨ ᠳᠤ᠂ ᠪᠦᠦ ᠭᠠᠩ ᠶᠠᠳᠠᠭᠤ ᠬᠦᠴᠢᠷᠳᠡᠯᠲᠡᠶ ᠡᠷᠦᠬᠡ ᠵᠠᠩ ᠢᠦᠶ ᠲᠠᠢ ᠳᠣᠲᠣᠨᠣ ᠪᠠᠷ | ᠶᠠᠷᠢᠯᠴᠠᠵᠤ᠂ ᠲᠡᠳᠡᠨ ᠤ ᠦᠢᠯᠡᠳᠪᠤᠷᠢᠯᠡᠯ ᠠᠮᠢᠳᠤᠷᠠᠯ ᠤᠨ ᠪᠠᠶᠢᠳᠠᠯ ᠪᠣᠯᠤᠨ ᠣᠷᠣᠨ ᠰᠠᠭᠤᠴᠠ ᠶᠢᠨ ᠠᠮᠤᠷ | ᠲᠦᠪᠰᠢᠨ ᠤ ᠪᠠᠲᠤᠯᠠᠭ᠎ᠠ ᠶᠢᠨ ᠪᠠᠶᠢᠳᠠᠯ ᠢ ᠠᠰᠠᠭᠤᠨ ᠯᠠᠪᠯᠠᠵᠠᠶ᠃ ᠡᠭᠦᠨ ᠤ ᠬᠠᠮᠲᠤ᠂ ᠶᠠᠳᠠᠭᠤ ᠬᠦᠴᠢᠷᠳᠡᠯᠲᠡᠶ | ᠡᠷᠦᠬᠡ ᠶᠢᠨ ᠬᠡᠷ ᠪᠠᠶᠢᠰᠢᠩ ᠤᠨ ᠶᠠᠰᠤ ᠴᠢᠨᠠᠷ ᠤᠨ ᠬᠢᠨᠠᠨ ᠲᠣᠭᠲᠠᠭᠠᠭᠰᠠᠨᠪᠢᠴᠢᠭ ᠢ ᠨᠠᠷᠢᠨ ᠪᠠᠶᠢᠴᠠᠭᠠᠨ ᠦᠵᠡᠪᠡ᠃ | ᠪᠦᠦ ᠭᠠᠩ ᠱᠠᠭᠠᠷᠳᠠᠭᠰᠠᠨ ᠨᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠬᠥᠳᠡᠭᠡ ᠲᠣᠰᠬᠤᠨ ᠤ ᠣᠷᠣᠨ | ᠰᠠᠭᠤᠴᠠ ᠶᠢᠨ ᠠᠮᠤᠷ ᠲᠦᠪᠰᠢᠨ ᠢ ᠴᠢᠩᠭ᠎ᠠ ᠠᠩᠬᠠᠷᠴᠤ᠂ ᠠᠰᠠᠭᠤᠳᠠᠯ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ | ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠣᠷᠣᠨ ᠰᠠᠭᠤᠴᠠ ᠶᠢᠨ ᠠᠮᠤᠷ ᠲᠦᠪᠰᠢᠨ ᠤ | ᠠᠰᠠᠭᠤᠳᠠᠯ ᠢ ᠪᠥᠬᠦ ᠲᠠᠯ᠎ᠠ ᠪᠠᠷ ᠰᠢᠢᠳᠪᠤᠷᠢᠯᠡᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠢ ᠠᠮᠤᠷ ᠲᠦᠪᠰᠢᠨ | ᠬᠡᠷ ᠣᠷᠣᠨ ᠲᠠᠢ ᠪᠠᠶᠢᠯᠭᠠᠬᠤ ᠬᠡᠷᠡᠭᠲᠡᠶ ᠭᠡᠪᠡ᠃ | ᠣᠷᠴᠢᠭᠤᠯᠤᠭᠴᠢ᠄ ᠭᠡᠷᠡᠯ | |