ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠮᠠᠨ ᠤ ᠰᠢᠶᠠᠨ ᠤ ᠳᠡᠪᠡᠭᠡᠲᠤ ᠰᠢᠶᠠᠩ ᠳᠤ ᠭᠦᠨᠵᠡᠭᠡᠶᠢᠷᠡᠨ ᠶᠠᠳᠠᠭᠤ ᠡᠴᠠ‌ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-05-08
   5 ᠰᠠᠷ᠎ᠠ ᠶᠢᠨ 7 ᠤ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠳᠡᠪᠡᠭᠡᠲᠤ ᠰᠢᠶᠠᠩ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠬᠤᠤ ᠰᠢᠶᠤᠤ ᠭᠤᠸᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
   ᠸᠠᠩ ᠪᠢᠩ ᠨᠡᠷ ᠡᠩ ᠲᠡᠷᠢᠭᠦᠨ ᠳᠤ ᠳᠡᠪᠡᠭᠡᠲᠤ ᠰᠢᠶᠠᠩ ᠤᠨ ᠪᠠ ᠱᠢ ᠴᠢᠩ ᠢᠦᠢ ᠮᠢᠨ ᠲᠣᠰᠬᠤᠨ ᠳᠤ ᠬᠦᠷᠴᠦ ᠬᠡᠰᠡᠭ ᠶᠠᠳᠠᠭᠤ ᠬᠦᠴᠢᠷᠳᠡᠯᠲᠡᠢ ᠪᠤᠰᠤ ᠡᠷᠦᠬᠡ ᠪᠠᠷ ᠲᠣᠭᠤᠷᠢᠨ ᠦᠵᠡᠭᠰᠡᠨ ᠪᠥᠭᠡᠳ ᠲᠡᠳᠡᠨ ᠲᠠᠢ ᠳᠣᠲᠣᠨᠣ ᠪᠠᠷ ᠶᠠᠷᠢᠯᠴᠠᠵᠤ ᠂ ᠲᠡᠳᠠᠨ ᠤ ᠪᠡᠶ᠎ᠡ ᠮᠠᠬᠠᠪᠣᠳ ᠤᠨ ᠪᠠᠶᠢᠳᠠᠯ᠂ ᠭᠡᠷ ᠪᠦᠯᠢ ᠶᠢᠨ ᠪᠦᠷᠢᠯᠳᠦᠬᠦᠨ᠂ ᠣᠷᠣᠯᠭ᠎ᠠ ᠶᠢᠨ ᠢᠷᠡᠯᠲᠡ ᠵᠢᠴᠢ ᠦᠢᠯᠡᠳᠪᠤᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠪᠠ᠃ ᠳᠠᠷᠠᠭ᠎ᠠ ᠨᠢ ᠪᠤᠮᠪᠠᠲᠤ᠂ ᠳ᠋ᠠ ᠵᠢᠩ ᠭᠸᠦ ᠲᠣᠰᠬᠤᠨ ᠳᠤ ᠶᠠᠳᠠᠭᠤ ᠬᠦᠴᠢᠷᠳᠡᠯᠲᠡᠶ ᠡᠷᠦᠬᠡ ᠪᠠᠷ ᠰᠤᠷᠪᠤᠯᠵᠢᠯᠠᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠪᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠠᠶᠢᠳᠠᠯ ᠢ ᠤᠶᠢᠯᠠᠭᠠᠨ ᠪᠠᠶᠢᠴᠠᠭᠠᠵᠤ ︽ᠬᠥᠮᠥᠷᠭᠡ ᠶᠢ ᠴᠡᠪᠡᠷᠯᠡᠬᠦ︾ ᠠᠵᠢᠯ ᠢ ᠥᠷᠨᠢᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠪᠠ᠃
   ᠸᠠᠩ ᠪᠢᠩ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ︽ᠬᠥᠮᠥᠷᠭᠡ ᠶᠢ ᠴᠡᠪᠡᠷᠯᠡᠬᠦ︾ ᠠᠵᠢᠯ ᠢ ᠰᠠᠶᠢᠲᠤᠷ ᠬᠢᠬᠦ ᠬᠡᠷᠡᠭᠲᠡᠶ᠃ ᠨᠢᠭᠡᠳᠦᠭᠡᠷ ᠱᠦᠵᠢ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠲᠠᠢ ᠤᠶᠠᠯᠳᠤᠭᠤᠯᠤᠨ ᠶᠠᠳᠠᠭᠤ ᠬᠦᠴᠢᠷᠳᠡᠯᠲᠡᠢ ᠡᠷᠦᠬᠡ ᠶᠢᠨ ᠪᠣᠳᠠᠲᠠᠶ ᠪᠠᠶᠢᠳᠠᠯ ᠢ ᠵᠠᠳᠠᠯᠤᠨ ᠰᠢᠨᠵᠢᠯᠡᠵᠦ ᠰᠤᠳᠤᠯᠤᠨ ᠮᠠᠭᠠᠳᠯᠠᠵᠤ᠂ ᠬᠠᠪᠰᠤᠷᠤᠨ ᠲᠡᠳᠬᠦᠵᠦ ᠪᠠᠶᠢᠭ᠎ᠠ ᠡᠷᠦᠬᠡ ᠨᠢᠭᠡᠪᠦᠷᠢ ᠶᠢᠨ ᠪᠠᠶᠢᠳᠠᠯ ᠢ ᠴᠥᠮ ᠲᠣᠪ ᠲᠣᠳᠣᠷᠬᠠᠶ ᠮᠡᠳᠡᠬᠦ ᠬᠡᠷᠡᠭᠲᠡᠶ᠃ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠳ ᠡᠯ᠎ᠡ ᠵᠦᠢᠯ ᠤᠨ ᠬᠦᠰᠦᠨᠦᠭᠲᠦ ᠲᠠᠭᠯᠠᠬᠤ ᠲᠥᠷᠥ ᠶᠢᠨ ᠪᠣᠳᠤᠯᠭ᠎ᠠ ᠶᠢ ᠰᠠᠶᠢᠲᠤᠷ ᠰᠤᠳᠤᠯᠵᠤ᠂ ᠪᠢᠴᠢᠭ ᠮᠠᠲ᠋ᠧᠷᠢᠶᠠᠯ ᠦᠵᠡᠵᠦ᠂ ᠡᠯ᠎ᠡ ᠵᠦᠢᠯ ᠤᠨ ᠳᠠᠩᠰᠠ ᠡᠪᠬᠡᠮᠡᠯ ᠤᠨ ᠲᠤᠭ᠎ᠠ ᠪᠠᠷᠢᠮᠲᠠ ᠶᠢᠨ ᠯᠣᠭᠢᠭ ᠤᠨ ᠵᠦᠶ ᠵᠣᠬᠢᠰᠲᠠᠶ᠂ ᠦᠨᠡᠨ ᠪᠣᠳᠠᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠦᠴᠢᠷᠳᠡᠯᠲᠡᠶ ᠣᠯᠠᠨ ᠲᠦᠮᠡᠨ ᠤ ᠪᠣᠳᠣᠵᠤ ᠬᠦᠰᠡᠵᠦ  ᠪᠠᠶᠢᠭ᠎ᠠ ᠵᠦᠢᠯ᠂ ᠱᠠᠭᠠᠷᠳᠠᠵᠤ ᠪᠠᠶᠢᠭ᠎ᠠ ᠬᠡᠷᠡᠭᠴᠡᠭᠡ ᠶᠢ ᠴᠠᠭ ᠲᠤᠬᠠᠶ ᠳᠤᠨᠢ ᠣᠶᠢᠯᠠᠭᠠᠵᠤ᠂ ᠣᠶᠤᠨ ᠴᠢᠳᠠᠯ ᠢᠶᠠᠨ ᠠᠷᠠᠳ ᠲᠦᠮᠡᠨ ᠳᠤ ᠦᠢᠯᠡᠴᠢᠯᠡᠬᠦ ᠳᠡᠭᠡᠷ᠎ᠡ ᠲᠥᠪᠯᠡᠷᠡᠭᠦᠯᠵᠦ᠂ ᠬᠦᠴᠢᠷᠳᠡᠯᠲᠡᠶ ᠣᠯᠠᠨ ᠲᠦᠮᠡᠨ ᠤ ᠢᠳᠡᠵᠦ ᠡᠮᠦᠰᠬᠦ ᠶᠠᠪᠤᠵᠤ ᠰᠠᠭᠤᠬᠤ ᠵᠡᠷᠭᠡ ᠠᠰᠠᠭᠤᠳᠠᠯ ᠢ ᠰᠠᠶᠢᠲᠤᠷ ᠰᠢᠢᠳᠪᠤᠷᠢᠯᠡᠬᠦ ᠳᠡᠭᠡᠷ᠎ᠡ ᠬᠦᠴᠦ ᠪᠠᠨ ᠬᠡᠷᠡᠭᠯᠡᠬᠦ ᠬᠡᠷᠡᠭᠲᠡᠶ᠃ ᠬᠦᠴᠢᠷᠳᠡᠯᠲᠡᠢ ᠤᠯᠠᠨ ᠲᠦᠮᠡᠨ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠴᠢᠨᠡᠭᠡᠯᠢᠭᠵᠢᠬᠦ ᠵᠠᠮ ᠳᠤ ᠨᠢᠭᠡ ᠡᠷᠦᠬᠡ ᠴᠦ ᠬᠤᠴᠤᠷᠤᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃
   ᠸᠠᠩ ᠪᠢᠩ ᠴᠢᠬᠤᠯᠠᠴᠢᠯᠠᠭᠰᠠᠨ ᠨᠢ᠂ ᠶᠠᠳᠠᠭᠤ ᠶᠢ ᠲᠡᠳᠬᠦᠬᠦ ᠳᠤ ᠨᠠᠷᠢᠯᠢᠭ ᠣᠨᠣᠴᠠᠲᠠᠶ ᠪᠠᠶᠢᠵᠤ᠂ ᠶᠠᠳᠠᠭᠤ ᠬᠦᠴᠢᠷᠳᠡᠯᠲᠡᠢ ᠡᠷᠦᠬᠡ ᠨᠢᠭᠡᠪᠦᠷᠢ ᠶᠢᠨ ᠶᠠᠳᠠᠭᠤᠷᠠᠬᠤ ᠬᠡᠮ ᠰᠣᠭᠤᠭ ᠢ ᠭᠦᠢᠴᠡᠳ ᠣᠶᠢᠯᠠᠭᠠᠵᠤ᠂ ᠡᠷᠦᠬᠡ ᠪᠦᠷᠢ ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠠᠷᠢᠯᠢᠭ ᠣᠨᠣᠴᠠᠲᠠᠶ ᠪᠠᠷ ᠶᠠᠳᠠᠭᠤ ᠡᠴᠠ‌ᠠᠩᠭᠢᠵᠢᠷᠠᠭᠤᠯᠬᠤ ᠬᠡᠷᠡᠭᠲᠡᠶ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢᠨ ᠦᠷᠭᠦᠯᠵᠢᠯᠡᠬᠦ ᠴᠢᠨᠠᠷ᠂ ᠣᠷᠳᠣ ᠬᠤᠭᠤᠴᠠᠭᠠᠲᠤ ᠴᠢᠨᠠᠷ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠳᠤ ᠲᠠᠰᠤᠷᠠᠯᠲᠠ ᠥᠬᠡᠶ ᠰᠢᠨ᠎ᠡ ᠶᠢ ᠡᠭᠦᠳᠴᠤ᠂ ᠶᠠᠳᠠᠭᠤ ᠶᠢ ᠲᠡᠳᠬᠦᠬᠦ ᠠᠵᠤ ᠦᠢᠯᠡᠰ ᠢ ᠪᠤᠵᠠᠭᠠᠶᠢᠷᠠᠭᠤᠯᠤᠨ︽ᠴᠢᠰᠤ ᠪᠦᠲᠦᠭᠡᠬᠦ︾ ᠴᠢᠳᠠᠮᠵᠢ ᠶᠢ ᠴᠢᠩᠭᠠᠳᠬᠠᠵᠤ᠂ ᠶᠠᠳᠠᠭᠤ ᠶᠢ ᠲᠡᠳᠬᠦᠭᠰᠡᠨ ᠦᠷ᠎ᠡ ᠪᠦᠲᠦᠭᠡᠯ ᠢ ᠪᠠᠬᠢᠵᠢᠭᠦᠯᠦᠨ ᠶᠠᠳᠠᠭᠤ ᠠᠴᠠ ᠠᠩᠭᠢᠵᠢᠷᠠᠭᠤᠯᠵᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠶ᠃ ᠶᠠᠳᠠᠭᠤ ᠶᠢ ᠲᠡᠳᠬᠦᠬᠦ ᠳᠤ ᠤᠷᠢᠳᠠᠪᠠᠷ ᠡᠷᠴᠢ ᠵᠣᠷᠢᠭ ᠢ ᠨᠢ ᠲᠡᠳᠬᠦᠵᠦ᠂ ︽ᠡᠷᠴᠢ ᠵᠣᠷᠢᠭ ᠢ ᠲᠡᠳᠬᠦᠬᠦ︾ ᠳᠡᠭᠡᠷ᠎ᠡ ᠬᠦᠴᠦ ᠣᠷᠣᠭᠤᠯᠵᠤ᠂ ᠬᠥᠮᠦᠨ ᠨᠡᠶᠢᠭᠡᠮ ᠤᠨ ᠬᠠᠯᠠᠮᠵᠢᠯᠠᠯ ᠢᠶᠠᠷ ᠶᠠᠳᠠᠭᠤ ᠬᠦᠴᠢᠷᠳᠡᠯᠲᠡᠢ ᠡᠷᠦᠬᠡ ᠶᠢ ᠬᠠᠪᠰᠤᠷᠤᠨ ᠲᠡᠳᠬᠦᠵᠤ ᠪᠠᠶᠢᠭᠠᠳ ᠢᠲᠡᠭᠡᠯ ᠵᠣᠷᠢᠭ ᠢ ᠨᠢ ᠬᠦᠪᠴᠢᠯᠡᠵᠦ᠂ ᠪᠡᠶ᠎ᠡ ᠪᠠᠨ ᠳᠠᠭᠠᠭᠠᠵᠤ ᠦᠢᠯᠡᠰ ᠪᠤᠰᠬᠠᠵᠤ᠂ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠶᠢ ᠵᠣᠷᠢᠭᠵᠢᠭᠤᠯᠬᠤ ᠬᠡᠷᠡᠭᠲᠡᠢ ᠭᠡᠪᠡ᠃
   ᠸᠠᠩ ᠪᠢᠩ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ ᠤᠳ ᠬᠤᠲᠠ ᠬᠥᠳᠡᠭᠡ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠣᠷᠭᠠᠨᠢᠭ ᠢᠶᠠᠷ ᠤᠶᠠᠯᠳᠤᠭᠤᠯᠵᠤ᠂ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠲᠣᠰᠬᠤᠨ ᠤ ᠠᠷᠠᠳ ᠤᠨ ᠠᠵᠤ  ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠵᠦ ᠦᠢᠯᠡᠳᠪᠤᠷᠢᠯᠡᠯ ᠢ ᠬᠥᠭᠵᠢᠭᠦᠯᠬᠦ᠂ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠤᠬᠠᠭᠤᠯᠬᠤ ᠵᠢᠴᠢ ᠬᠥᠳᠡᠭᠡ ᠲᠣᠰᠬᠤᠨ ᠤ ᠰᠠᠭᠤᠷᠢᠰᠢᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠬᠠᠰᠢᠶᠠᠯᠠᠨ ᠲᠡᠵᠢᠭᠡᠬᠦ᠂ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠵᠡᠷᠭᠡ ᠲᠠᠢ ᠤᠶᠠᠯᠳᠤᠭᠤᠯᠬᠤ ᠬᠡᠷᠡᠭᠲᠡᠶ︔ ᠥᠷᠭᠡᠨ ᠤᠯᠠᠨ ᠺᠠᠳ᠋ᠷ ᠤᠯᠠᠨ ᠲᠦᠮᠡᠨ ᠢ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠴᠤ ᠪᠠᠶᠢᠭᠠᠳ ᠬᠤᠳᠠ ᠬᠥᠳᠡᠭᠡ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠳᠤ ᠣᠷᠣᠯᠴᠠᠭᠤᠯᠵᠤ᠂ ᠰᠠᠶᠢᠨ ᠳᠠᠳᠬᠠᠯ ᠲᠠᠢ ᠪᠣᠯᠭᠠᠵᠤ᠂ ᠰᠠᠶᠢᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠶ︔ ᠬᠥᠳᠡᠭᠡ ᠲᠣᠰᠬᠤᠨ ᠤ ᠵᠠᠮ᠂ ᠠᠶᠢᠯ ᠲᠣᠰᠬᠤᠨ ᠵᠡᠷᠭᠡ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠬᠤᠯᠪᠣᠭᠠᠯᠠᠨ ᠬᠦᠳᠡᠯᠤᠯᠴᠡᠬᠦ᠂ ᠠᠯᠬᠤᠮ ᠳᠠᠷᠠᠭ᠎ᠠ ᠲᠠᠢ ᠠᠬᠢᠯᠲᠠ ᠶᠢ ᠠᠬᠢᠭᠤᠯᠵᠤ᠂ ᠠᠮᠢ ᠠᠬᠤᠢ ᠣᠷᠣᠰᠢᠨ ᠰᠠᠭᠤᠷᠢᠰᠢᠬᠤ ᠳᠤ  ᠲᠣᠬᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠰᠠᠶᠢᠲᠤᠷ ᠪᠦᠳᠦᠭᠡᠨ ᠪᠠᠶᠢᠭᠤᠯᠬᠤ ᠬᠡᠷᠡᠭᠲᠡᠢ ᠭᠡᠵᠦ ᠭᠡᠪᠡ᠃                                           ᠣᠷᠴᠢᠭᠤᠯᠤᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2