ᠡᠷᠴᠢ ᠵᠣᠷᠢᠭ᠂ ᠣᠶᠤᠨ ᠤᠬᠠᠭᠠᠨ ᠢᠶᠠᠷ ᠲᠡᠳᠬᠦᠵᠦ ᠠᠷᠠᠳ ᠤᠨ ᠬᠡᠪ ᠰᠤᠷᠲᠠᠯ ᠢ ᠳᠡᠭᠡᠭᠰᠢᠯᠡᠭᠦᠯᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2020-05-08
   ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠦᠵᠡᠯ ᠰᠠᠨᠠᠭ᠎ᠠ ᠶᠣᠰᠣ ᠮᠣᠷᠠᠯ ᠤᠨ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠠᠳᠠᠭᠤ ᠶᠢ ᠲᠡᠳᠬᠦᠬᠦ ᠢᠲᠡᠭᠡᠯ ᠵᠣᠷᠢᠭ ᠢ ᠲᠡᠳᠬᠦᠬᠦ ᠰᠢᠨ᠎ᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ︽ᠬᠠᠮᠢᠭ᠎ᠠ ᠠᠰᠢᠭ ᠭᠥᠷᠳᠡᠬᠦ ᠪᠣᠶ︖ ᠬᠠᠮᠢᠭ᠎ᠠ ᠠᠴᠠ ᠢᠷᠡᠬᠦ ᠪᠣᠶ︾ ᠭᠡᠳᠡᠭ ᠢ ᠦᠨᠡᠨ ᠬᠦ ᠣᠶᠢᠯᠠᠭᠠᠭᠤᠯᠬᠤ ᠪᠠᠷ ᠤᠢᠢᠷ᠎ᠠ ᠶᠢᠨ ᠡᠳᠦᠷ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠡ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠵᠢᠴᠢ ᠰᠢᠶᠠᠨ ᠤ ᠤᠯᠠᠭᠠᠨᠮᠥ᠋ᠴᠢᠷ ᠤᠷᠢᠳ ᠬᠤᠵᠢᠳ ᠭᠦᠨ ᠤᠯᠠᠭᠠᠨᠬᠤᠳᠳᠤᠭ ᠰᠢᠶᠠᠩ᠂ ᠴᠢ ᠬᠤᠤ ᠪᠠᠯᠭᠠᠰᠤᠨ ᠳᠤ ︽ᠬᠤᠶᠠᠷ ᠢ ᠰᠢᠢᠳᠪᠤᠷᠢᠯᠡᠬᠦ ᠬᠤᠶᠠᠷ ᠢ ᠲᠡᠳᠬᠦᠬᠦ︾ ᠲᠣᠰᠬᠤᠨ ᠳᠤ ᠬᠦᠷᠴᠦ ᠤᠳᠬ᠎ᠠ ᠤᠷᠠᠯᠢᠭ ᠤᠨ ᠬᠦᠷᠭᠡᠬᠦ ᠲᠥᠷᠦ ᠶᠢᠨ ᠪᠤᠳᠤᠯᠭ᠎ᠠ ᠤᠬᠠᠭᠤᠯᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠡᠢ᠃      ᠠᠵᠢᠯᠯᠠᠭ᠎ᠠ ᠶᠢᠨ ᠳᠤᠮᠳᠠ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠨᠡᠶᠢᠭᠡᠮ ᠤᠨ ᠠᠪᠤᠷᠠᠨ ᠲᠤᠰᠠᠯᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ᠂ ᠶᠠᠮᠠᠷ ᠬᠡᠷ ᠪᠦᠯᠢ ᠨᠢ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠵᠤ ᠪᠣᠯᠬᠤ᠂ ᠭᠤᠶᠤᠴᠢᠯᠠᠭᠴᠢ ᠶᠢᠨ ᠬᠡᠷ ᠪᠦᠯᠢ ᠶᠢᠨ ᠣᠷᠣᠯᠭ᠎ᠠ ᠶᠢᠨ ᠲᠣᠭᠠᠴᠠᠭ᠎ᠠ ᠬᠢᠬᠦ ᠠᠷᠭ᠎ᠠ᠂ ᠣᠨᠴᠠ ᠬᠦᠴᠢᠷᠳᠡᠯᠲᠡᠶ ᠬᠥᠮᠦᠰ ᠢ ᠮᠠᠭᠠᠳᠯᠠᠨ ᠲᠣᠭᠲᠠᠭᠠᠬᠤ ᠠᠷᠭ᠎ᠠ᠂ ᠲᠦᠷ ᠴᠠᠭ ᠤᠨ ᠠᠪᠤᠷᠠᠨ ᠲᠤᠰᠠᠯᠠᠬᠤ ᠡᠲᠡᠭᠡᠳ ᠵᠢᠴᠢ ᠪᠠᠷᠢᠮᠵᠢᠶ᠎ᠠ᠂ ᠵᠡᠮᠳᠡᠭᠴᠦᠳ ᠲᠤ ᠨᠥᠬᠦᠪᠥᠷᠢ ᠥᠭᠬᠦ ᠵᠢᠴᠢ ᠥᠨᠥᠴᠢᠨ ᠬᠡᠤᠬᠡᠳ ᠢ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ᠂ ᠥᠨᠳᠥᠷ ᠨᠠᠰᠤᠨ ᠤ ᠨᠥᠬᠦᠪᠥᠷᠢ ᠵᠢᠴᠢ ᠬᠦᠴᠢᠷᠳᠡᠯᠲᠡᠶ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠠᠰᠠᠷᠠᠨ ᠰᠤᠪᠢᠯᠠᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠵᠤ ᠶᠠᠳᠠᠭᠤ ᠶᠢ ᠲᠡᠳᠬᠦᠬᠦ ᠦᠨᠳᠦᠰᠦᠨ ᠵᠦᠢᠯ ᠢ ᠪᠠᠲᠤᠯᠠᠬᠤ ᠲᠥᠷᠥ ᠶᠢᠨ ᠪᠣᠳᠣᠯᠭ᠎ᠠ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠪᠠ︔ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ᠂ ᠠᠵᠤ ᠦᠢᠯᠡᠰ ᠤᠨ ᠬᠠᠪᠰᠤᠷᠤᠨ ᠲᠡᠳᠬᠦᠬᠦ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠲᠡᠵᠢᠭᠡᠨ ᠦᠷᠡᠵᠢᠭᠦᠯᠬᠦ ᠮᠡᠷᠭᠡᠵᠢᠯ ᠵᠡᠷᠭᠡ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠭᠦᠨᠵᠡᠭᠡᠶ ᠲᠠᠶᠢᠯᠤᠮᠵᠢ ᠬᠢᠭᠰᠡᠨ ᠪᠥᠭᠡᠳ ᠲᠣᠰᠬᠤᠨ ᠤ ᠠᠷᠠᠳ ᠤᠨ ᠳᠤᠷᠠᠳᠤᠭᠰᠠᠨ ᠰᠡᠵᠢᠭᠯᠡᠯ ᠳᠤ ᠬᠠᠷᠢᠭᠤᠯᠲᠠ ᠥᠭᠴᠡᠶ᠃     ᠡᠭᠦᠨ ᠤ ᠬᠠᠮᠲᠤ᠂ ᠰᠢᠶᠠᠨ ᠤ ᠤᠯᠠᠭᠠᠨᠮᠥ᠋ᠴᠢᠷ ᠤᠨ ᠲᠣᠭᠯᠠᠭᠴᠢᠳ ᠪᠠᠰᠠ ᠶᠠᠳᠠᠭᠤ ᠶᠢ ᠲᠡᠳᠬᠦᠬᠦ ᠲᠥᠷᠥ ᠶᠢᠨ ᠪᠣᠳᠤᠯᠭ᠎ᠠ ᠶᠢ ᠤᠳᠬ᠎ᠠ ᠤᠷᠠᠯᠢᠭ ᠤᠨ ᠫᠷᠤᠭ᠍ᠷᠠᠮ ᠳᠤ ᠠᠭᠤᠰᠬᠠᠵᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠭᠠᠷᠭᠠᠵᠠᠶ᠃ ︽ᠦᠵᠡᠰᠬᠦᠯᠡᠩᠲᠦ ᠰᠠᠶᠢᠬᠠᠨ ᠮᠢᠨᠤ ᠨᠤᠲᠤᠭ︾᠂ ᠬᠤᠶᠠᠷ ᠬᠥᠮᠦᠨ ᠤ ᠡᠯᠭᠦᠴᠡᠭᠡ ᠳᠠᠭᠤᠤ ︽ᠰᠢᠨ᠎ᠡ ᠬᠥᠳᠡᠭᠡ ᠲᠣᠰᠬᠤᠨ ᠰᠢᠨ᠎ᠡ ᠳᠦᠷᠰᠦ ᠪᠠᠶᠢᠳᠠᠯ︾᠂ ︽ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠰᠠᠶᠢᠨ︾ ᠵᠡᠷᠭᠡ ᠲᠣᠭᠯᠠᠯᠲᠠ ᠨᠢ ᠠᠭᠤᠯᠭ᠎ᠠ ᠪᠠᠷ ᠡᠯᠪᠡᠭ ᠪᠠᠶᠠᠯᠢᠭ ᠪᠣᠯᠵᠤ ᠤᠯᠠᠮᠵᠢᠯᠠᠯᠲᠤ ᠳᠠᠭᠤᠤ ᠪᠥᠵᠢᠭ ᠲᠠᠢ ᠪᠥᠭᠡᠳ ᠪᠠᠰᠠ ᠬᠤᠶᠠᠷ ᠬᠥᠮᠦᠨ ᠤ ᠬᠤᠤᠰᠯᠠᠯ ᠳᠠᠭᠤᠤ᠂ ᠮᠣᠷᠢᠨ ᠬᠤᠭᠤᠷ ᠤᠨ ᠬᠦᠭᠵᠢᠮ ᠵᠡᠷᠭᠡ  ᠨᠡᠶᠢᠲᠡ ᠳᠤ ᠲᠠᠭᠠᠯᠠᠭᠳᠠᠬᠤ ᠲᠣᠭᠯᠠᠯᠲᠠ ᠶᠢᠨ ᠬᠡᠯᠪᠡᠷᠢ ᠨᠢ ᠮᠠᠯᠴᠢᠨ ᠲᠠᠷᠢᠶᠠᠴᠢᠨ ᠤ  ᠲᠠᠭᠠᠰᠢᠶᠠᠯ ᠢ  ᠬᠦᠷᠲᠡᠭᠰᠡᠨ ᠪᠠᠶᠢᠨ᠎ᠠ᠃     ᠨᠢᠭᠡ ᠲᠠᠯᠠᠪᠠᠢ ᠰᠦᠷ ᠳᠠᠯᠠᠶᠢᠴᠠᠲᠠᠢ ᠤᠬᠠᠭᠤᠯᠤᠨ ᠲᠠᠶᠢᠯᠪᠤᠷᠢᠯᠠᠯ ᠪᠣᠯᠣᠨ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠪᠠᠷ ︽ᠬᠤᠶᠠᠷ ᠢ ᠰᠢᠢᠳᠪᠦᠷᠢᠯᠡᠵᠦ ᠬᠤᠶᠠᠷ ᠢ ᠲᠡᠳᠬᠦᠬᠦ︾ ᠲᠣᠰᠬᠤᠨ ᠡᠷᠦᠬᠡ ᠳᠤ ᠬᠦᠷᠴᠦ ᠤᠳᠬ᠎ᠠ ᠤᠷᠠᠯᠢᠭ ᠬᠦᠷᠭᠡᠬᠦ ᠲᠥᠷᠦ ᠶᠢᠨ ᠪᠤᠲᠤᠯᠭ᠎ᠠ ᠶᠢᠨ ᠦᠢᠯᠡᠴᠢᠯᠡᠭᠡᠨ ᠤ ᠠᠵᠢᠯᠯᠠᠭ᠎ᠠ ᠨᠢ ᠨᠢᠭᠡ ᠵᠦᠢᠯ ᠤᠨ ᠬᠦᠴᠦᠷᠬᠡᠭ ᠶᠡᠭᠡ ᠬᠦᠳᠡᠯᠭᠡᠬᠦ ᠬᠦᠴᠦᠨ ᠪᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ ᠤ ᠰᠡᠳᠬᠢᠯ ᠢ ᠳᠤᠭᠲᠤᠯᠤᠭᠤᠯᠵᠤ᠂ ᠤᠯᠠᠨ ᠢᠶᠠᠷ ᠢᠶᠠᠨ ᠪᠠᠰᠠ ᠨᠢᠭᠡ ᠤᠳᠠᠭᠠᠨ ᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠤᠶᠤᠨ ᠰᠠᠨᠠᠭᠠᠨ ᠤ ᠬᠦᠴᠦᠨ ᠢ ᠨᠢᠭᠲᠠᠷᠠᠭᠤᠯᠵᠤ᠂ ᠲᠣᠰᠬᠤᠨ ᠤ ᠠᠷᠠᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠤᠨ ᠲᠤᠬᠠᠢ ᠬᠠᠨᠤᠮᠵᠢ ᠶᠢᠨ ᠬᠡᠮᠵᠢᠶ᠎ᠡ ᠪᠣᠯᠤᠨ ᠮᠡᠳᠡᠷᠡᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠣᠰᠬᠤᠨ ᠤ ᠠᠷᠠᠳ ᠤᠨ ᠶᠠᠳᠠᠭᠤ ᠠᠴᠠ ᠠᠩᠭᠢᠵᠢᠷᠠᠵᠤ ᠴᠢᠨᠡᠭᠡᠯᠢᠭᠵᠢᠬᠦ ᠢᠲᠡᠭᠡᠯ ᠵᠣᠷᠢᠭ ᠢ ᠪᠠᠲᠤᠳᠬᠠᠵᠠᠢ᠃                                                          ᠣᠷᠴᠢᠭᠤᠯᠤᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2