5 ᠰᠠᠷ᠎ᠠ ᠶᠢᠨ 28 ᠤ ᠡᠳᠦᠷ᠂ ᠳᠤᠮᠳᠠᠳᠤ ᠤᠯᠤᠰ ᠤᠨ ᠠᠷᠠᠳᠴᠢᠯᠠᠯ ᠢ ᠠᠬᠢᠭᠤᠯᠬᠤ ᠡᠪᠯᠡᠯ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠡᠮ ᠡᠮᠨᠡᠯᠭᠡ ᠡᠷᠡᠭᠦᠯ | ᠬᠠᠮᠠᠭᠠᠯᠠᠯ ᠤᠨ ᠲᠤᠰᠬᠠᠢ ᠵᠥᠪᠯᠡᠯ ᠤᠨ ᠳᠡᠳ᠋ ᠡᠷᠬᠢᠯᠡᠭᠴᠢ ᠴᠢᠨ ᠯᠢ ᠮᠧᠢ ᠥᠪᠥᠷ ᠮᠣᠩᠭᠤᠯ ᠤᠨ ᠪᠠᠢ ᠼᠤᠤ | ᠲᠠᠩ ᠤᠨ ᠴᠢᠨ ᠣᠪᠣᠭᠲᠤ ᠶᠢᠨ ᠬᠢᠲᠠᠳᠡᠮᠨᠡᠯᠭᠡ ᠶᠢᠨ ᠡᠮᠴᠢᠯᠡᠭᠡᠨ ᠤ ᠠᠩᠬᠢ ᠶᠢ ᠳᠠᠭᠠᠭᠤᠯᠤᠨ ᠮᠠᠨ ᠤ ᠰᠢᠶᠠᠨ ᠳᠤ | ᠭᠦᠨᠵᠡᠭᠡᠶᠢᠷᠡᠨ ︽ᠡᠷᠡᠭᠦᠯ ᠡᠩᠬᠡ ᠶᠢᠨ ᠢᠯᠴᠢ︾ ᠠᠵᠢᠯᠯᠠᠭ᠎ᠠ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ | ᠡᠬᠢᠯᠡᠭᠦᠯᠵᠦ᠂ ᠡᠪᠡᠳᠴᠢᠨ ᠠᠴᠠ ᠪᠤᠯᠵᠤ ᠶᠠᠳᠠᠭᠤᠷᠠᠭᠰᠠᠨ᠂ ᠡᠪᠡᠳᠴᠢᠨ ᠠᠴᠠ ᠪᠤᠯᠵᠤ ᠲᠠᠬᠢᠨ ᠶᠠᠳᠠᠭᠤᠷᠠᠭᠰᠠᠨ | ᠶᠠᠳᠠᠭᠤ ᠬᠦᠴᠢᠷᠳᠡᠯᠲᠡᠢ ᠤᠯᠠᠨ ᠲᠦᠮᠡᠨ ᠳᠤ ᠬᠠᠶᠢᠷ᠎ᠠ ᠬᠠᠯᠠᠮᠵᠢ ᠪᠠ ᠡᠷᠡᠭᠦᠯ ᠮᠡᠨᠳᠤ ᠶᠢ ᠬᠦᠷᠭᠡᠵᠡᠢ᠃ | ᠴᠢᠨ ᠯᠢ ᠮᠧᠶ ᠠᠯᠪᠠᠨ ᠵᠢᠷᠤᠮ ᠤᠨ ᠡᠮᠴᠢᠯᠡᠭᠡ ᠬᠢᠬᠦ ᠳᠡᠭᠡᠨ᠂ ᠰᠤᠳᠠᠯ ᠪᠠᠷᠢᠵᠤ ᠡᠪᠡᠳᠴᠢᠨ ᠤ ᠪᠠᠶᠢᠳᠠᠯ ᠢ | ᠣᠶᠢᠯᠭᠠᠭᠰᠠᠨ ᠤ ᠳᠠᠷᠠᠭ᠎ᠠ᠂ ᠠᠳᠠᠯᠢ ᠪᠤᠰᠤ ᠡᠪᠡᠳᠴᠢᠨ ᠤ ᠪᠠᠶᠢᠳᠠᠯ ᠲᠠᠢ ᠡᠪᠡᠳᠴᠢᠲᠡᠨ ᠳᠤ ᠡᠮᠴᠢᠯᠡᠭᠡ ᠬᠢᠵᠦ᠂ | ᠡᠪᠡᠳᠴᠢᠨ ᠤ ᠪᠠᠶᠢᠳᠠᠯ ᠢ ᠵᠠᠳᠠᠯᠬᠤ ᠪᠠ ᠡᠮ ᠬᠡᠷᠡᠭᠯᠡᠬᠦ ᠵᠢᠯᠣᠭᠤᠳᠤᠯᠭ᠎ᠠ ᠬᠢᠵᠡᠢ᠃ ᠲᠡᠷᠡᠴᠢᠯᠡᠨ ᠡᠪᠡᠳᠴᠢᠲᠡᠨ ᠤ | ᠢᠳᠡᠭᠡᠨ ᠤᠮᠳᠠᠭᠠᠨ ᠤ ᠳᠠᠳᠬᠠᠯ᠂ ᠠᠮᠢᠳᠤᠷᠠᠯ ᠤᠨᠲ᠋ᠠᠳᠬᠠᠯ ᠵᠡᠷᠭᠡ ᠲᠠᠯ᠎ᠠ ᠪᠠᠷ ᠵᠦᠶ ᠵᠣᠬᠢᠰᠲᠠᠶ ᠰᠠᠨᠠᠭᠤᠯᠭ᠎ᠠ | ᠭᠠᠷᠭᠠᠵᠤ᠂ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠵᠠᠶ᠃ | ︽ᠥᠨᠥᠳᠦᠷ ᠲᠤᠰᠬᠠᠶ ᠮᠡᠷᠭᠡᠵᠢᠯᠲᠡᠨ ᠮᠠᠨ ᠤ ᠲᠣᠰᠬᠤᠨ ᠳᠤ ᠢᠷᠡᠵᠦ ᠪᠢᠳᠡᠨ ᠤ ᠪᠡᠶ᠎ᠡ ᠶᠢ ᠪᠠᠶᠢᠴᠠᠭᠠᠵᠤ | ᠡᠪᠡᠳᠴᠢᠨ ᠦᠵᠡᠵᠦ ᠪᠠᠶᠢᠨ᠎ᠠ᠂ ᠪᠡᠶ᠎ᠡ ᠶᠢ ᠰᠠᠶᠢᠬᠠᠨ ᠪᠠᠶᠢᠴᠠᠭᠠᠵᠠᠢ᠂ ᠭᠡᠷ ᠤᠨ ᠡᠭᠦᠳᠡᠨ ᠳᠡᠭᠡᠨ ᠡᠪᠡᠳᠴᠢᠨ ᠢᠶᠠᠨ | ᠦᠵᠡᠭᠦᠯᠴᠢᠬᠡᠨᠡ᠃ ᠶᠡᠭᠡ ᠳᠥᠭᠦᠮ ᠪᠠᠶᠢᠨ᠎ᠠ᠃︾ ᠭᠡᠵᠦ ᠡᠪᠡᠳᠴᠢᠲᠡᠨ ᠶᠠᠩ ᠰᠢᠶᠤᠤ ᠶᠢᠩ ᠬᠡᠯᠡᠪᠡ᠃ | ᠣᠨᠴᠠ ᠬᠦᠴᠢᠷᠳᠡᠯᠲᠡᠶ ᠬᠦᠨᠳᠦ ᠡᠪᠡᠳᠴᠢᠲᠡᠨ᠂ ᠤᠳᠠᠭᠠᠨ ᠴᠢᠨᠠᠷᠲᠠᠶ ᠡᠪᠡᠳᠴᠢᠲᠡᠨ ᠳᠤ ᠠᠮᠤᠷ ᠲᠦᠪᠰᠢᠨ | ᠡᠷᠡᠭᠦᠯ ᠮᠡᠨᠳᠦ ᠵᠢᠨᠣᠨᠣᠰᠢᠯᠠᠨ ᠡᠮᠨᠡᠬᠦ ᠦᠢᠯᠡᠴᠢᠯᠡᠭᠡ ᠬᠠᠩᠭᠠᠬᠤ ᠠᠴᠠ ᠭᠠᠳᠠᠨ᠎ᠠ᠂ ᠴᠢᠨ ᠯᠢ ᠮᠧᠶ ᠪᠠᠰᠠ | ᠦᠨᠳᠦᠰᠦᠨ ᠱᠠᠲᠤᠨ ᠤ ᠡᠮᠨᠡᠯᠭᠡ ᠶᠢᠨ ᠬᠤᠷᠢᠶ᠎ᠠ ᠲᠠᠢ ᠣᠷᠳᠣ ᠬᠤᠭᠤᠴᠠᠭ᠎ᠠ ᠪᠠᠷ ᠬᠠᠪᠰᠤᠷᠤᠯᠴᠠᠬᠤ ᠬᠠᠷᠢᠴᠠᠭ᠎ᠠ | ᠪᠠᠶᠢᠭᠤᠯᠵᠤ᠂ ᠶᠠᠳᠠᠭᠤ ᠬᠦᠴᠢᠷᠳᠡᠯᠲᠡᠶ ᠬᠦᠨᠳᠦ ᠡᠪᠡᠳᠴᠢᠲᠡᠨ ᠳᠤ ᠲᠣᠭᠲᠠᠮᠠᠯ ᠬᠤᠭᠤᠴᠠᠭ ᠠ ᠲᠠᠢ ᠠᠰᠠᠭᠤᠨ | ᠰᠤᠷᠪᠤᠯᠵᠢᠯᠠᠬᠤ ᠲᠠᠩᠰᠠ ᠡᠪᠬᠡᠮᠡᠯ ᠪᠠᠶᠢᠭᠤᠯᠵᠤ ᠥᠭᠴᠡᠶ᠃ ᠰᠦᠯᠵᠢᠶᠡᠨ ᠳᠡᠭᠡᠷ᠎ᠡ ᠰᠦᠢᠳᠬᠡᠯ ᠬᠤᠷᠢᠶᠠᠬᠤ | ᠦᠭᠡᠢ ᠪᠠᠷ ᠠᠯᠪᠠᠨ ᠵᠢᠷᠤᠮ ᠤᠨ ᠡᠮᠴᠢᠯᠡᠭᠡ ᠬᠢᠬᠦ᠂ ᠳᠠᠬᠢᠨ ᠡᠮᠨᠡᠭᠦᠯᠬᠦ ᠪᠠ ᠰᠦᠯᠵᠢᠶᠡᠨ ᠭᠠᠳᠠᠨ᠎ᠠ ᠰᠦᠢᠳᠬᠡᠯ | ᠬᠤᠷᠢᠶᠠᠬᠤ ᠦᠭᠡᠢ ᠪᠠᠷ ᠡᠮ ᠬᠦᠷᠭᠡᠬᠦ ᠵᠠᠭᠪᠤᠷ ᠢ ᠠᠪᠴᠤ᠂ ᠡᠪᠡᠳᠴᠢᠲᠡᠨ ᠢ ᠬᠠᠪᠰᠤᠷᠤᠨ ᠬᠦᠴᠢᠷ ᠢ ᠲᠤᠭᠤᠯᠤᠨ | ᠡᠪᠡᠳᠴᠢᠨ ᠠᠴᠠ ᠪᠣᠯᠵᠤ ᠶᠠᠳᠠᠭᠤᠷᠠᠬᠤ᠂ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ ᠬᠦᠴᠢᠷᠳᠡᠯᠲᠡᠶ ᠣᠯᠠᠨ | ᠲᠦᠮᠡᠨ ᠢ ᠶᠠᠳᠠᠭᠤ ᠬᠦᠴᠢᠷᠳᠡᠯᠲᠡᠶ ᠪᠠᠶᠢᠳᠠᠯ ᠠᠴᠠ ᠭᠠᠷᠭᠠᠵᠤ᠂ ᠶᠠᠳᠠᠭᠤ ᠬᠦᠴᠢᠷᠳᠡᠯᠲᠡᠶ ᠭᠡᠷ ᠪᠦᠯᠢ ᠶᠢᠨ | ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠲᠡᠳᠡᠨ ᠳᠤ ᠨᠠᠩ ᠣᠯᠠᠨ ᠵᠣᠯ ᠵᠢᠷᠭᠠᠯ ᠤᠨ ᠲᠥᠷᠥᠭᠳᠡᠯ ᠪᠠ | ᠬᠦᠷᠲᠡᠮᠵᠢ ᠶᠢᠨ ᠲᠥᠷᠥᠭᠳᠡᠯ ᠣᠯᠭᠤᠪᠠ᠃ | ︽ᠡᠨᠡ ᠤᠳᠠᠭ᠎ᠠ ᠭᠤᠤᠯᠳᠠᠭᠤ ᠡᠪᠡᠳᠴᠢᠨ ᠠᠴᠠ ᠪᠣᠯᠵᠣ ᠶᠠᠳᠠᠭᠤᠷᠠᠭᠰᠠᠨ᠂ ᠡᠪᠡᠳᠴᠢᠨ ᠠᠴᠠ ᠪᠣᠯᠵᠣ ᠳᠠᠬᠢᠨ | ᠶᠠᠳᠠᠭᠤᠷᠠᠭᠰᠠᠨ ᠪᠤᠶᠤ ᠤᠳᠠᠭᠠᠨ ᠴᠢᠨᠠᠷᠲᠠᠶ ᠡᠪᠡᠳᠴᠢᠨ ᠳᠤ ᠨᠡᠷᠪᠡᠭᠳᠡᠭᠰᠡᠨ ᠣᠨᠴᠠ ᠬᠦᠴᠢᠷᠳᠡᠯᠲᠡᠶ ᠬᠡᠷ ᠪᠦᠯᠢ ᠶᠢ | ᠲᠤᠰᠠᠯᠠᠵᠤ ᠪᠠᠶᠢᠨ᠎ᠠ᠃ ᠡᠨᠡ ᠤᠳᠠᠭᠠᠨ ᠤ ᠢᠷᠡᠭᠰᠡᠨ ᠭᠤᠣᠯ ᠵᠣᠷᠢᠯᠭ᠎ᠠ ᠨᠢ ᠲᠡᠳᠡᠨ ᠢ ᠬᠠᠪᠰᠤᠷᠴᠤ ᠡᠪᠡᠳᠴᠢᠨ | ᠡᠮᠬᠡᠭ ᠢ ᠨᠢ ᠦᠨᠡᠨ ᠬᠦ ᠬᠢᠵᠠᠭᠠᠷᠯᠠᠬᠤ ᠶᠢᠨ ᠲᠥᠯᠥᠭᠡ ᠶᠤᠮ᠃ ᠬᠠᠮᠤᠭ ᠰᠠᠶᠢᠨ ᠨᠢ ᠤᠳᠠᠭᠠᠨ ᠴᠢᠨᠠᠷᠲᠠᠢ | ᠡᠪᠡᠳᠴᠢᠨ ᠤ ᠬᠤᠣᠷᠯᠠᠯ ᠪᠠ ᠨᠥᠯᠥᠭᠡ ᠠᠴᠠ ᠠᠩᠭᠢᠵᠢᠷᠠᠵᠤ᠂ ᠳᠠᠷᠠᠭ᠎ᠠ ᠨᠢ ᠲᠡᠳᠡᠨ ᠢ ᠬᠡᠪ ᠤᠨ ᠠᠮᠢᠳᠤᠷᠠᠯ ᠶᠢ ᠨᠢ | ᠰᠡᠷᠭᠦᠭᠡᠨ᠎ᠡ᠃ ᠮᠠᠨ ᠤ ᠡᠨᠡ ᠤᠳᠠᠭᠠᠨ ᠤ ᠠᠪᠤᠷᠠᠨ ᠲᠤᠰᠠᠯᠠᠯᠲᠠ ᠪᠣᠯ ᠨᠢᠭᠡᠨ ᠱᠠᠳᠤ ᠦᠶ᠎ᠡ ᠶᠢᠨ ᠪᠢᠰᠢ᠂ ᠤᠷᠳᠤ | ᠬᠤᠭᠤᠴᠠᠭᠠᠨ ᠤ ᠬᠢ ᠶᠤᠮ᠂ ᠮᠦᠨ ᠴᠤ ᠵᠠᠯᠭᠠᠭᠠᠳᠦᠷᠬᠦᠯᠵᠢᠯᠡᠨ ᠠᠩᠬᠠᠷᠬᠤ ᠪᠣᠯᠤᠨ᠎ᠠ︾ ᠭᠡᠵᠦ ᠳᠤᠮᠳᠠᠳᠤ | ᠤᠯᠤᠰ ᠤᠨ ᠠᠷᠠᠳᠴᠢᠯᠠᠯ ᠢ ᠠᠬᠢᠭᠤᠯᠬᠤ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠷᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠡᠮ ᠡᠮᠨᠡᠯᠭᠡ ᠡᠷᠡᠭᠦᠯ ᠬᠠᠮᠠᠭᠠᠯᠠᠯ ᠤᠨ ᠲᠤᠰᠬᠠᠢ ᠵᠥᠪᠯᠡᠯ ᠤᠨ ᠳᠡᠳ᠋ | ᠡᠷᠬᠢᠯᠡᠭᠴᠢ ᠴᠢᠨ ᠯᠢ ᠮᠧᠢ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠪᠡ᠃ | ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ᠂ ᠠᠷᠠᠳᠴᠢᠯᠠᠯ ᠢ ᠠᠬᠢᠭᠤᠯᠬᠤ ᠡᠪᠯᠡᠯ ᠤᠨ | ᠤᠯᠠᠭᠠᠨᠴᠠᠪ ᠤᠨ ᠠᠵᠢᠯ ᠤᠨ ᠵᠥᠪᠯᠡᠯ ᠤᠨ ᠡᠷᠬᠢᠯᠡᠭᠴᠢ ᠸᠠᠩ ᠰᠢᠨ ᠢᠦᠶ᠂ ᠰᠢᠶᠠᠨ ᠤ ᠨᠠᠮ ᠤᠨ ᠬᠤᠷᠢᠶᠠᠨ ᠤ ᠳᠡᠳ᠋ | ᠱᠦᠵᠢ᠂ ᠰᠢᠶᠠᠨ ᠤ ᠳᠠᠷᠤᠭ᠎ᠠ ᠼᠦᠢ ᠢᠦᠶ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢᠨ ᠲᠤᠬᠠᠢ ᠶᠢᠨ | ᠲᠠᠯᠠᠪᠠᠢ ᠳᠤ ᠬᠦᠷᠴᠤ ᠴᠢᠨ ᠯᠢ ᠮᠧᠶ ᠫᠷᠦᠹᠧᠰᠰᠤᠷ ᠪᠣᠯᠤᠨ ᠶᠠᠳᠠᠭᠤ ᠬᠦᠴᠢᠷᠳᠡᠯᠲᠡᠶ ᠡᠪᠡᠳᠴᠢᠲᠡᠨ ᠢ ᠪᠣᠯᠭᠤᠭᠠᠨ | ᠲᠣᠬᠤᠨᠢᠭᠤᠯᠪᠠ᠃ | ᠸᠠᠩ ᠰᠢᠨ ᠢᠦᠶ᠂ ᠴᠢᠨ ᠯᠢ ᠮᠧᠶ ᠨᠡᠷ ᠤᠨ ᠰᠢᠯᠢᠳᠡᠭ ᠡᠮ ᠡᠮᠨᠡᠯᠭᠡ ᠶᠢᠨ ᠡᠬᠢ ᠪᠠᠶᠠᠯᠢᠭ ᠢᠶᠠᠨ ᠣᠯᠠᠨ | ᠲᠦᠮᠡᠨ ᠳᠤ ᠬᠦᠷᠭᠡᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠡᠮ ᠡᠮᠨᠡᠯᠭᠡ ᠶᠢᠨ ᠠᠰᠠᠭᠤᠳᠠᠯ ᠢ | ᠰᠢᠢᠳᠪᠦᠷᠢᠯᠡᠵᠦ᠂ ᠨᠤᠲᠤᠭ ᠤᠨ ᠠᠬ᠎ᠠ ᠳᠡᠭᠦᠦ ᠨᠡᠷ ᠲᠤ ᠦᠨᠡᠨ ᠪᠣᠳᠠᠲᠠᠢ ᠡᠷᠡᠭᠦᠯ ᠮᠡᠨᠳᠦ ᠶᠢᠨ ᠦᠢᠯᠡᠴᠢᠯᠡᠭᠡ | ᠬᠦᠷᠲᠡᠭᠡᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ | ᠸᠠᠩ ᠰᠢᠨ ᠢᠦᠢ᠂ ᠡᠪᠡᠳᠴᠢᠨ ᠠᠴᠠ ᠪᠤᠯᠵᠤ ᠶᠠᠳᠠᠭᠤᠷᠠᠬᠤ᠂ ᠡᠪᠡᠳᠴᠢᠨ ᠠᠴᠠ ᠪᠤᠯᠵᠤ ᠲᠠᠬᠢᠨ ᠶᠠᠳᠠᠭᠤᠷᠠᠬᠤ | ᠪᠣᠯ ᠬᠦᠳᠡᠭᠡ ᠲᠣᠰᠬᠤᠨ ᠤ ᠪᠠᠶᠢᠩᠭᠤ ᠲᠣᠬᠢᠶᠠᠯᠳᠤᠳᠠᠭ ᠦᠵᠡᠭᠳᠡᠯ ᠪᠣᠯᠤᠨ᠎ᠠ᠃ ᠡᠪᠡᠳᠴᠢᠨ ᠦᠵᠡᠭᠦᠯᠬᠦ ᠳᠤ | ᠬᠦᠴᠢᠷᠲᠡᠶ᠂ ᠡᠪᠡᠳᠴᠢᠨ ᠦᠵᠡᠭᠦᠯᠬᠦ ᠳᠤ ᠦᠨᠡᠲᠡᠶ ᠪᠠᠶᠢᠬᠤ ᠪᠣᠯ ᠤᠳᠠᠵᠤ ᠪᠠᠶᠢᠭ᠎ᠠ ᠨᠡᠶᠢᠭᠡᠮ ᠤᠨ ᠠᠰᠠᠭᠤᠳᠠᠯ ᠮᠥᠨ | ᠃ ᠲᠣᠰᠬᠤᠨ ᠤ ᠠᠷᠠᠳ᠂ ᠢᠯᠠᠩᠭᠤᠶ᠎ᠠ ᠶᠠᠳᠠᠭᠤ ᠬᠦᠴᠢᠷᠳᠡᠯᠲᠡᠶ ᠡᠷᠦᠬᠡ ᠳᠤ ᠠᠪᠴᠤ ᠬᠡᠯᠡᠪᠡᠯ᠂ ᠡᠶᠢᠮᠦᠷᠬᠦᠤ ︽ | ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ︾ ᠠᠷᠭ᠎ᠠ ᠮᠠᠶ᠋ᠢᠭ ᠨᠢ ᠲᠦᠢᠯ ᠤᠨ ᠴᠢᠬᠤᠯᠠ ᠶᠡᠭᠡ ᠪᠣᠳᠠᠲᠤ ᠠᠴᠢ | ᠬᠤᠯᠪᠣᠭᠳᠠᠯ ᠲᠠᠢ ᠪᠠᠶᠢᠵᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠦᠢᠯᠡᠳᠦᠯ ᠦᠵᠡᠭᠦᠯᠬᠦ ᠨᠢ ᠮᠠᠰᠢ ᠶᠡᠭᠡ | ᠶᠤᠮ ᠭᠡᠵᠦ ᠵᠢᠭᠠᠵᠤ ᠭᠠᠷᠭᠠᠪᠡ᠃ | ᠳᠤᠮᠳᠠᠳᠤ ᠤᠯᠤᠰ ᠦᠨᠠᠷᠠᠳᠴᠢᠯᠠᠯ ᠢ ᠠᠬᠢᠭᠤᠯᠬᠤ ᠡᠪᠯᠡᠯ ᠤᠨ ᠥᠪᠥᠷ ᠮᠣᠩᠭᠤᠯ ᠤᠨ ᠬᠤᠷᠢᠶ᠎ᠡ ᠡᠷᠡᠭᠦᠯ | ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠳᠡᠭᠡᠲᠤ ᠬᠡᠮᠵᠢᠶ᠎ᠡ ᠪᠠᠷ ᠴᠢᠬᠤᠯᠠᠴᠢᠯᠠᠵᠤ᠂ ᠭᠡᠰᠢᠭᠦᠳ ᠤᠨ ᠲᠤᠰ | ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠬᠤ ᠪᠠᠷ ᠳᠠᠮᠵᠢᠭᠤᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠠᠵᠢᠯ ᠳᠤ ᠢᠳᠡᠪᠬᠢᠲᠡᠢ ᠣᠷᠣᠯᠴᠠᠵᠤ᠂ ᠤᠤᠯ ᠤᠨ ᠪᠠᠶᠢᠭᠰᠠᠨ ᠠᠪᠤᠷᠠᠨ ᠲᠤᠰᠠᠯᠠᠯᠲᠠ ᠶᠢᠨ ᠰᠠᠭᠤᠷᠢᠨ | ᠳᠡᠭᠡᠷ᠎ᠡ ᠡᠪᠡᠳᠴᠢᠨ ᠠᠴᠠ ᠪᠣᠯᠵᠤ ᠶᠠᠳᠠᠭᠤᠷᠠᠭᠰᠠᠨ ᠵᠡᠷᠭᠡ ᠭᠡᠷ ᠪᠦᠯᠢ ᠶᠢᠨ ᠡᠮ ᠡᠮᠨᠡᠯᠭᠡ ᠶᠢᠨ ᠠᠪᠤᠷᠠᠨ | ᠲᠤᠰᠠᠯᠠᠯᠲᠠ ᠶᠢ ᠨᠡᠮᠡᠭᠳᠡᠭᠦᠯᠵᠦ᠂ ᠬᠠᠪᠰᠤᠷᠤᠨ ᠲᠡᠳᠬᠦᠬᠦ ᠶᠢ ᠪᠣᠳᠠᠲᠠᠶᠢᠵᠢᠭᠤᠯᠵᠤ᠂ ᠬᠦᠴᠦᠯᠡᠬᠦ ᠨᠢ ᠨᠠᠷᠢᠯᠢᠭ | ᠣᠨᠤᠴᠢᠲᠠᠢ ᠪᠠᠶᠢᠵᠤ᠂ ᠪᠣᠳᠠᠲᠤ ᠦᠷ᠎ᠡ ᠪᠦᠲᠦᠮᠵᠢ ᠨᠢ ᠢᠯᠡᠳᠲᠡ ᠪᠣᠯᠵᠤ᠂ ᠬᠥᠳᠡᠭᠡ ᠲᠣᠰᠬᠤᠨ ᠤ ᠣᠨᠴᠠᠭᠠᠶ | ᠬᠦᠴᠢᠷᠳᠡᠯᠲᠡᠶ ᠣᠯᠠᠨ ᠲᠦᠮᠡᠨ ᠳᠤ ᠴᠠᠭ ᠲᠤᠬᠠᠶ ᠳᠤᠨᠢ ᠪᠦᠲᠦᠮᠵᠢᠲᠡᠶ ᠡᠮᠴᠢᠯᠡᠭᠡᠨ ᠤ ᠦᠢᠯᠡᠴᠢᠯᠡᠭᠡ ᠬᠠᠩᠭᠠᠵᠤ᠂ | ᠡᠪᠡᠳᠴᠢᠨ ᠠᠴᠠ ᠪᠣᠯᠵᠣ ᠶᠠᠳᠠᠭᠤᠷᠠᠬᠤ᠂ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ ᠦᠵᠡᠭᠳᠡᠯ ᠭᠠᠷᠬᠤ ᠶᠢ | ᠦᠨᠳᠦᠰᠦᠨ ᠠᠴᠠ ᠨᠢ ᠪᠦᠲᠦᠮᠵᠢᠲᠡᠶ ᠬᠤᠷᠢᠭᠯᠠᠵᠤ ᠴᠢᠳᠠᠭᠰᠠᠨ ᠪᠠᠶᠢᠨ᠎ᠠ᠃ | ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ | ᠣᠷᠴᠢᠭᠤᠯᠤᠭᠴᠢ᠄ ᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ |