6 ᠰᠠᠷ᠎ᠠ ᠶᠢᠨ 8 ᠤ ᠡᠳᠦᠷ᠂ ᠮᠠᠨ ᠤ ᠰᠢᠶᠠᠨ 2020 ᠣᠨ ᠤ ᠰᠢᠶᠠᠩ ᠪᠠᠯᠭᠠᠰᠤᠨ ᠤ ᠭᠠᠵᠠᠷ ᠰᠢᠷᠣᠶ ᠶᠢ | ᠠᠰᠢᠭᠯᠠᠬᠤ ᠶᠡᠷᠦᠩᠬᠡᠶ ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠨ ᠨᠠᠶᠢᠷᠠᠭᠤᠯᠬᠤ ᠲᠥᠰᠦᠯ ᠤᠨ ᠬᠠᠷᠢᠭᠤ | ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ᠃ ᠬᠤᠸᠠᠳᠧ ᠰᠢᠶᠠᠨ ᠤ 2020 ᠣᠨ ᠤ ᠰᠢᠶᠠᠩ ᠪᠠᠯᠭᠠᠰᠤᠨ ᠤ | ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠨ ᠨᠠᠶᠢᠷᠠᠭᠤᠯᠬᠤ ᠲᠥᠰᠦᠯ ᠢ | ᠰᠤᠳᠤᠯᠤᠨ ᠶᠠᠷᠢᠯᠴᠠᠵᠤ᠂ ᠰᠢᠶᠠᠩ ᠪᠠᠯᠭᠠᠰᠤᠨ ᠤ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠶᠢ | ᠨᠥᠬᠦᠪᠥᠷᠢᠯᠡᠨ ᠲᠡᠭᠦᠯᠳᠡᠷᠵᠢᠭᠦᠯᠪᠡ᠃ | | ᠬᠤᠷᠠᠯ ᠠᠴᠠ 2020 ᠣᠨ ᠤ ᠰᠢᠶᠠᠩ ᠪᠠᠯᠭᠠᠰᠤᠨ ᠤ ᠭᠠᠵᠠᠷ ᠰᠢᠷᠣᠶ ᠶᠢ ᠠᠰᠢᠭᠯᠠᠬᠤ ᠶᠡᠷᠦᠩᠬᠡᠶ | ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠨ ᠨᠠᠶᠢᠷᠠᠭᠤᠯᠬᠤ ᠲᠥᠰᠦᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ | ᠂ ᠬᠤᠷᠠᠯ ᠳᠤ ᠣᠷᠣᠯᠴᠠᠭᠰᠠᠳ ᠮᠠᠨ ᠤ ᠰᠢᠶᠠᠨ ᠤ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠳᠤ | ᠵᠠᠰᠠᠪᠤᠷᠢ ᠣᠷᠣᠭᠤᠯᠤᠨ ᠨᠠᠶᠢᠷᠠᠭᠤᠯᠬᠤ ᠲᠥᠰᠦᠯ ᠤᠨ ᠲᠤᠬᠠᠶ ᠶᠠᠷᠢᠶ᠎ᠠ ᠲᠠᠯᠪᠢᠵᠤ᠂ ᠣᠷᠣᠰᠢᠵᠤ ᠪᠠᠶᠢᠭ᠎ᠠ ᠠᠰᠠᠭᠤᠳᠠᠯ | ᠵᠢᠴᠢ ᠬᠦᠴᠢᠷᠳᠡᠯ ᠢ ᠵᠠᠳᠠᠯᠵᠠᠶ᠃ ᠲᠡᠷᠡᠴᠢᠯᠡᠨ ᠬᠤᠯᠪᠣᠭᠳᠠᠯ ᠪᠦᠬᠦᠢ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ | ᠲᠤᠬᠠᠶ ᠰᠤᠳᠤᠯᠤᠨ ᠶᠠᠷᠢᠯᠴᠠᠪᠠ᠃ | | ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠵᠢᠭᠠᠵᠤ ᠭᠠᠷᠭᠠᠭᠰᠠᠨ ᠨᠢ᠂ ᠭᠠᠵᠠᠷ ᠰᠢᠷᠣᠶ ᠠᠰᠢᠭᠯᠠᠬᠤ | ᠶᠡᠷᠦᠩᠬᠡᠶ ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠨ ᠲᠣᠬᠢᠷᠠᠭᠤᠯᠤᠯᠲᠠ ᠬᠢᠬᠦ ᠪᠣᠯ ᠪᠦᠬᠦ ᠰᠢᠶᠠᠨ ᠤ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠬᠤ ᠨᠢᠭᠡ ᠵᠦᠢᠯ ᠤᠨ ᠴᠢᠬᠤᠯᠠ ᠠᠵᠢᠯ ᠪᠣᠯᠬᠤ | ᠪᠥᠭᠡᠳ ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨᠠᠰᠢᠭᠯᠠᠬᠤ᠂ ᠬᠤᠲᠠᠬᠥ᠋ᠳᠡᠭᠡ ᠶᠢᠨ | ᠬᠡᠷᠡᠭᠯᠡᠬᠦ ᠭᠠᠵᠠᠷ ᠤᠨ ᠪᠦᠲᠦᠴᠡ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠬᠦ᠂ ᠪᠤᠳᠠᠲᠤ ᠴᠣᠭᠴᠠ ᠶᠢᠨ ᠠᠵᠤ | ᠠᠬᠤᠶ ᠶᠢ ᠪᠤᠶᠢᠵᠢᠭᠤᠯᠤᠨ ᠬᠦᠴᠦᠷᠬᠡᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠬᠠᠮᠢᠶ᠎ᠠ | ᠪᠦᠬᠦᠢ ᠰᠠᠯᠠᠭ᠎ᠠ ᠮᠥᠴᠢᠷ ᠤᠳ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭᠠᠲᠤ ᠤᠬᠠᠮᠰᠠᠷ᠂ ᠪᠦᠬᠦ | ᠲᠠᠯ᠎ᠠ ᠶᠢᠨ ᠤᠬᠠᠮᠰᠠᠷ᠂ ᠬᠥᠭᠵᠢᠯᠲᠡ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠭᠠᠵᠠᠷ ᠰᠢᠷᠣᠢ ᠶᠢ | ᠠᠰᠢᠭᠯᠠᠬᠤ ᠶᠡᠷᠦᠩᠬᠡᠢ ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠨ ᠨᠠᠶᠢᠷᠠᠭᠤᠯᠬᠤ ᠲᠥᠰᠦᠯ ᠢ ᠰᠢᠨᠵᠢᠯᠡᠬᠦ | ᠤᠬᠠᠭᠠᠨᠴᠢ ᠪᠠᠷ ᠲᠤᠬᠢᠷᠠᠭᠤᠯᠤᠨ ᠲᠡᠭᠦᠯᠳᠡᠷᠵᠢᠭᠦᠯᠵᠦ᠂ ᠴᠢᠬᠤᠯᠠ ᠶᠡᠭᠡ ᠲᠥᠷᠥᠯ ᠵᠦᠢᠯ ᠤᠨ ᠳᠤᠮᠳᠠ | ᠲᠦᠯᠦᠪᠵᠢᠭᠦᠯᠭᠡ ᠨᠢ ᠵᠣᠬᠢᠰ ᠦᠭᠡᠢ᠂ ᠪᠠᠶᠢᠷᠢᠰᠢᠯ ᠨᠢ ᠵᠣᠬᠢᠴᠠᠯᠳᠤᠬᠤ ᠦᠭᠡᠢ ᠪᠠᠶᠢᠳᠠᠯ ᠣᠷᠣᠰᠢᠵᠤ ᠪᠠᠶᠢᠪᠠᠯ᠂ | ᠪᠦᠬᠦ ᠲᠠᠯ᠎ᠠ ᠪᠠᠷ ᠡᠮᠬᠢᠯᠡᠵᠦ᠂ ᠪᠠᠶᠢᠷᠢᠯᠠᠭᠤᠯᠤᠯᠲᠠ ᠪᠠᠨ ᠳᠠᠬᠢᠨ ᠵᠢᠷᠤᠮᠵᠢᠭᠤᠯᠬᠤ ᠶᠢᠨ ᠬᠠᠮᠲᠤ᠂ ᠴᠠᠭ | ᠬᠤᠭᠤᠴᠠᠭᠠᠨ ᠤ ᠵᠠᠩᠭᠢᠶᠠᠰᠤ ᠶᠢ ᠡᠵᠡᠮᠰᠢᠵᠦ᠂ ᠴᠠᠭ ᠤᠨ ᠬᠡᠪᠴᠢᠶᠡᠨ ᠳᠣᠲᠣᠷ᠎ᠠ ᠠᠬᠢᠴᠠ ᠪᠠᠨ ᠲᠦᠷᠭᠡᠳᠬᠡᠵᠦ | ᠮᠠᠨ ᠤ ᠰᠢᠶᠠᠨ ᠤ ᠭᠠᠵᠠᠷ ᠰᠢᠷᠣᠶ ᠠᠰᠢᠭᠯᠠᠬᠤ ᠶᠡᠷᠦᠩᠬᠡᠢ ᠲᠥᠯᠥᠪᠵᠢᠭᠦᠯᠭᠡ ᠶᠢ ᠦᠨᠡᠯᠡᠨ ᠵᠢᠱᠢᠭᠰᠡᠨ ᠮᠡᠳᠡᠭᠦᠯᠦᠯᠲᠡ | ᠵᠢᠴᠢ ᠲᠥᠰᠦᠯ ᠤᠨ ᠦᠷ᠎ᠡ ᠪᠦᠲᠦᠭᠡᠯ ᠢ ᠲᠣᠬᠢᠷᠠᠭᠤᠯᠤᠨ ᠲᠡᠭᠦᠯᠳᠡᠷᠵᠢᠭᠦᠯᠵᠦ᠂ ᠭᠠᠵᠠᠷ ᠰᠢᠷᠣᠶ ᠶᠢᠨ ᠡᠬᠢ | ᠪᠠᠶᠠᠯᠢᠭ ᠤᠨ ᠵᠣᠬᠢᠰᠲᠠᠶ ᠲᠣᠬᠢᠷᠠᠭᠤᠯᠤᠯᠲᠠ ᠶᠢ ᠠᠬᠢᠭᠤᠯᠵᠤ᠂ ᠪᠦᠬᠦ ᠰᠢᠶᠠᠨ ᠤ ᠭᠠᠵᠠᠷ ᠰᠢᠷᠣᠶ ᠶᠢᠨ | ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠬᠦ ᠬᠡᠷᠡᠭᠲᠡᠢ ᠭᠡᠪᠡ᠃ | ᠰᠢᠶᠠᠨ ᠤ ᠤᠳᠤᠷᠢᠳᠤᠯᠭ᠎ᠠ ᠼᠦᠢ ᠢᠦᠢ ᠯᠠᠢ᠂ ᠵᠤᠤ ᠯᠦᠩ ᠹᠸᠢ᠂ ᠬᠤᠤ ᠰᠢᠶᠤᠤ ᠭᠤᠸᠠᠩ᠂ ᠵᠠᠩ ᠭᠦᠸᠧ ᠷᠦᠩ | ᠂ ᠰᠢᠤᠸᠠᠢ ᠶᠦᠩ᠂ ᠦ᠋ ᠴᠢᠯᠠᠭᠤ ᠵᠢᠴᠢ ᠡᠯ᠎ᠡ ᠰᠢᠶᠠᠩ ᠪᠠᠯᠭᠠᠰᠤ᠂ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ | ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ᠂ ᠤᠢ ᠰᠢᠭᠤᠢ ᠡᠪᠡᠰᠦ ᠪᠡᠯᠴᠢᠭᠡᠷ᠂ ᠤᠰᠤᠨ ᠠᠰᠢᠭᠯᠠᠯᠲᠠ᠂ | ᠵᠠᠮ ᠬᠠᠷᠢᠯᠴᠠᠭ ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ | ᠣᠷᠴᠢᠭᠤᠯᠤᠭᠴᠢ᠄ ᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | |