ᠬᠤᠸᠠᠳᠧ ᠰᠢᠶᠠᠨ ᠤ ᠮᠠᠩᠭᠠᠨ ᠤ ᠰᠢᠷᠢᠰ ᠰᠢᠨ᠎ᠡ ᠮᠠᠲ᠋ᠧᠷᠢᠶᠠᠯ ᠤᠨ ᠠᠵᠤ ᠠᠬᠤᠶᠢᠯᠠᠯ 13 ᠪᠣᠯᠵᠤ᠂ 30000 | ᠺᠢᠯᠣᠸᠣᠯᠲ ᠠᠮᠫᠧᠷ ᠵᠢᠴᠢ ᠲᠡᠭᠦᠨ ᠠᠴᠠ ᠳᠡᠭᠡᠭᠰᠢᠬᠢ ᠠᠭᠤᠷᠬᠠᠢ ᠶᠢᠨ ᠢᠯᠴᠢ ᠶᠢᠨ ᠵᠤᠤᠬ᠎ᠠ 37᠂ ᠨᠠᠷᠢᠯᠢᠭ | ᠪᠣᠯᠪᠠᠰᠤᠷᠠᠭᠤᠯᠬᠤ ᠵᠤᠤᠬ᠎ᠠ 15 ᠶᠢ ᠪᠠᠶᠢᠭᠤᠯᠵᠤ᠂ ᠦᠢᠯᠡᠳᠪᠦᠷᠢᠯᠡᠬᠦ ᠴᠢᠳᠠᠪᠤᠷᠢ ᠨᠢ 180 ᠲᠦᠮᠡᠨ ᠲᠣᠨ ᠳᠤ | ᠬᠦᠷᠴᠡᠢ᠃ ᠬᠤᠸᠠ ᠴᠧᠨ ᠤᠨ ᠵᠢᠯ ᠳᠤ 100 ᠲᠦᠮᠡᠨ ᠲᠣᠨ ᠪᠣᠷᠵᠢᠨ ᠴᠢᠯᠠᠭᠤᠯᠢᠭ ᠤᠨ ᠬᠠᠶᠠᠭᠳᠠᠮᠠᠯ ᠰᠢᠭᠠᠷᠤ | ᠪᠣᠯᠪᠠᠰᠤᠷᠠᠭᠤᠯᠬᠤ ᠸᠠᠭᠠᠷ ᠱᠠᠭᠠᠵᠠᠩ ᠤᠨ ᠲᠦᠭᠦᠬᠡᠶ ᠮᠠᠲ᠋ᠧᠷᠢᠶᠠᠯ ᠪᠣᠯᠤᠨ ᠬᠢᠮᠡᠯ ᠥᠭᠡᠬᠦᠨ ᠴᠢᠯᠠᠭᠤᠨ ᠬᠠᠪᠲᠠᠰᠤ ᠶᠢᠨ | ᠲᠦᠭᠦᠬᠡᠶ ᠮᠠᠲ᠋ᠧᠷᠢᠶᠡᠯ ᠤᠨ ᠲᠥᠷᠥᠯ ᠵᠦᠢᠯ᠂ ᠰᠢᠶᠦ᠋ᠩ ᠸᠧᠢ ᠭᠤᠸᠠᠩ ᠳ᠋ᠠ ᠶᠢᠨ 50 ᠰᠠᠶ᠎ᠠ ᠸᠠᠲ ᠤᠨ ᠰᠡᠭᠦᠯ ᠤᠨ | ᠬᠡᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠢ ᠪᠠᠶᠢᠭᠤᠯᠤᠨ ᠠᠵᠢᠯᠯᠠᠭᠤᠯᠪᠠ᠃ ᠰᠢᠶᠦ᠋ᠩ ᠸᠧᠢ ᠭᠤᠸᠠᠩ | ᠳ᠋ᠠ ᠶᠢᠨ ᠵᠢᠯ ᠳᠤ 70 ᠲᠦᠮᠡᠨ ᠲᠣᠨ ᠪᠢᠴᠢᠯ ᠨᠡᠭᠦᠷᠡᠰᠦᠲᠥ᠋ᠷᠥᠭᠴᠢᠲᠦ ᠬᠠᠶᠢᠯᠤᠰᠢ ᠦᠢᠯᠡᠳᠪᠦᠷᠢᠯᠡᠬᠦ ᠲᠦᠷᠦᠯ | ᠵᠦᠢᠯ᠂ ᠵᠦᠩ ᠲᠠᠢ ᠶᠢᠨ ᠵᠢᠯ ᠳᠤ 130 ᠲᠦᠮᠡᠨ ᠲᠣᠨ ᠥᠨᠳᠥᠷ ᠨᠡᠭᠦᠷᠡᠰᠦᠲᠥ᠋ᠷᠥᠭᠴᠢᠲᠦ ᠾᠷᠣᠮ ᠲᠡᠮᠦᠷ | ᠦᠢᠯᠡᠳᠪᠦᠷᠢᠯᠡᠬᠦ ᠨᠢᠭᠡᠳᠦᠭᠡᠷ ᠬᠤᠭᠤᠴᠠᠭᠠᠨ ᠤ ᠮᠡᠷᠭᠡᠵᠢᠯ ᠤᠨ ᠥᠭᠡᠷᠡᠴᠢᠯᠡᠯᠲᠡ ᠬᠢᠵᠦ ᠥᠷᠭᠡᠳᠬᠡᠨ ᠪᠠᠶᠢᠭᠤᠯᠬᠤ | ᠲᠦᠷᠦᠯ ᠵᠦᠢᠯ᠂ ᠺᠦᠨ ᠱᠧᠩ ᠤᠨ ᠵᠢᠯ ᠳᠤ 10 ᠲᠦᠮᠡᠨ ᠲᠣᠨ ᠴᠠᠬᠢᠭᠤᠷ ᠮᠠᠩᠭᠠᠨ ᠤ ᠬᠠᠶᠢᠯᠤᠰᠢ ᠶᠢᠨ ᠰᠢᠨ᠎ᠡ | ᠮᠠᠲ᠋ᠧᠷᠢᠶᠡᠯ ᠦᠢᠯᠡᠳᠪᠦᠷᠢᠯᠡᠬᠦ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠢ ᠠᠮᠵᠢᠯᠲᠠᠲᠠᠢ ᠪᠠᠶᠢᠭᠤᠯᠵᠤ | ᠠᠰᠢᠭᠯᠠᠯᠲᠠ ᠳᠤ ᠣᠷᠣᠭᠤᠯᠪᠠ᠃ ᠬᠤᠪᠴᠠᠰᠤᠨ ᠤ ᠠᠵᠤ ᠦᠢᠯᠡᠰ᠃ ᠬᠤᠪᠴᠠᠰᠤ ᠬᠤᠨᠠᠷ ᠤᠨ ᠠᠵᠤ ᠦᠢᠯᠡᠰ ᠤᠨ | ᠣᠯᠠᠨ ᠨᠡᠶᠢᠲᠡ ᠶᠢᠨ ᠦᠢᠯᠡᠴᠢᠯᠡᠭᠡᠨ ᠤ ᠰᠢᠨᠵᠢᠯᠡᠬᠦ ᠤᠬᠠᠭᠠᠨ ᠤ ᠰᠣᠳᠤᠯᠭᠠᠨ ᠤ ᠲᠠᠪᠴᠠᠩ ᠳᠤ ᠲᠦᠰᠢᠭᠯᠡᠨ᠂ ᠰᠢᠨ᠎ᠡ | ᠬᠡᠯᠪᠡᠷᠢ ᠶᠢᠨ ᠤᠩᠭᠠᠷᠢᠯ ᠢᠯᠲᠠᠰᠤ 10 ᠵᠦᠢᠯ ᠢ ᠰᠤᠳᠤᠯᠤᠨ ᠨᠡᠭᠡᠭᠡᠵᠦ᠂ 8 ᠵᠦᠢᠯ ᠤᠨ ᠲᠤᠰᠬᠠᠶ ᠠᠰᠢᠭ ᠢ | ᠠᠩᠬ᠎ᠠ ᠬᠢᠨᠠᠯᠲᠠ ᠪᠠᠷ ᠳᠠᠮᠵᠢᠭᠤᠯᠤᠨ᠂ 1 ᠵᠦᠢᠯ ᠤᠨ ᠡᠭᠦᠳᠦᠯᠲᠡ ᠶᠢᠨ ᠲᠤᠰᠬᠠᠶ ᠠᠰᠢᠭ ᠢ ᠬᠢᠨᠠᠨ ᠵᠥᠪᠰᠢᠶᠡᠷᠡᠪᠡ᠃ | ᠪᠦᠬᠦ ᠵᠢᠯ ᠳᠤ 1500 ᠲᠦᠮᠡᠨ ᠵᠠᠬ᠎ᠠ ᠡᠯ᠎ᠡ ᠲᠥᠷᠥᠯ ᠤᠨ ᠬᠤᠪᠴᠠᠰᠤ ᠬᠤᠨᠠᠷ ᠦᠢᠯᠡᠳᠪᠦᠷᠢᠯᠡᠵᠦ᠂ 12 | ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠪᠡ︔ ᠬᠤᠪᠴᠠᠰᠤ ᠬᠤᠨᠠᠷ ᠤᠨ ᠠᠵᠤ | ᠦᠢᠯᠡᠰ ᠤᠨ ︽ᠰᠦᠯᠵᠢᠶᠡᠨ ᠤ ᠡᠯᠧᠺᠲᠷᠣᠨ ᠬᠤᠳᠠᠯᠳᠤᠭ᠎ᠠ︾ ᠶᠢ ᠲᠦᠷᠭᠡᠳᠬᠡᠵᠦ᠂ ᠰᠦᠯᠵᠢᠶᠡᠨ ᠳᠡᠭᠡᠷᠡᠬᠢ | ᠪᠣᠷᠣᠯᠠᠭᠤᠯᠭ᠎ᠠ ᠶᠢᠨ ᠬᠡᠮᠵᠢᠶ᠎ᠡ 2600 ᠲᠦᠮᠡᠨ ᠲᠥᠭᠦᠷᠢᠭ ᠲᠤ ᠬᠦᠷᠪᠡ᠃ ᠴᠡᠪᠡᠷ ᠡᠨᠧᠷᠭᠢ ᠶᠢᠨ ᠠᠵᠤ ᠦᠢᠯᠡᠰ᠃ | ᠶᠡᠷᠦᠩᠬᠡᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 8 ᠲᠦᠮᠡᠨ ᠺᠢᠯᠣᠸᠠᠲ ᠤᠨ 3 ᠲᠠᠷᠠᠬᠠᠶ ᠬᠡᠯᠪᠡᠷᠢ ᠶᠢᠨ | ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠰᠠᠯᠬᠢᠨ | ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 75 ᠲᠦᠮᠡᠨ ᠺᠢᠯᠣᠸᠠᠲ ᠲᠤ ᠬᠦᠷᠴᠦ᠂ ᠵᠢᠯ ᠤᠨ | ᠴᠠᠬᠢᠯᠭᠠᠨ ᠭᠠᠷᠭᠠᠬᠤ ᠬᠡᠮᠵᠢᠶ᠎ᠡ 7.8 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 5.2 ᠳ᠋ᠦᠩᠰᠢᠭᠤᠷ | ᠲᠦᠭᠦᠷᠢᠭ ᠤᠨ ᠦᠢᠯᠡᠳᠬᠦᠨ ᠤ ᠦᠷᠲᠡᠭ ᠢ ᠪᠡᠶᠡᠯᠡᠭᠦᠯᠪᠡ᠃ ᠣᠳᠣ ᠦᠶ᠎ᠡ ᠶᠢᠨ ᠶᠡᠷᠦᠩᠬᠡᠶᠢᠯᠡᠭᠰᠡᠨ ᠪᠠᠷᠠᠭᠠᠨ ᠤ | ᠭᠦᠢᠯᠭᠡᠭᠡᠨ ᠤ ᠦᠢᠯᠡᠰ᠃ ᠮᠠᠰᠢᠨ ᠲᠡᠷᠭᠡᠨ ᠤ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ | ᠲᠣᠭᠤᠷᠢᠭ ᠢ ᠲᠥᠯᠥᠪᠵᠢᠭᠦᠯᠵᠦ᠂ 2.44 ᠳ᠋ᠦᠩᠰᠢᠭᠤᠷ ᠲᠥᠭᠦᠷᠢᠭ ᠤᠨ ᠵᠠᠪᠰᠠᠷ ᠤᠨ ᠬᠠᠭᠤᠷᠠᠶ ᠶᠢᠨ ᠭᠠᠷᠠᠮ ᠤᠨ | ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠵᠤ᠂ ᠪᠦᠬᠦ ᠬᠤᠲᠠ ᠴᠢᠨᠠᠭᠰᠢᠯᠠᠪᠠᠯ ᠪᠦᠬᠦ ᠣᠷᠣᠨ ᠤ ᠴᠢᠬᠤᠯᠠ ᠥᠩᠭᠡᠲᠦ ᠲᠡᠮᠦᠷᠯᠢᠭ ᠤᠨ ᠬᠦᠳᠡᠷ | ᠬᠤᠪᠢᠶᠠᠨ ᠰᠠᠯᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ |