ᠰᠢᠶᠠᠨ ᠤ ᠨᠠᠮ ᠤᠨ ᠬᠤᠷᠢᠶᠠᠨ ᠤ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ ᠮᠠᠨ ᠤ ᠰᠢᠶᠠᠨ ᠤ ᠴᠠᠩ ᠱᠦᠨ ᠪᠠᠯᠭᠠᠰᠤᠨ ᠳᠤ ᠮᠡᠳᠡᠭᠦᠯᠦᠯᠲᠡ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2020-06-11
   ᠶᠡᠷᠦᠩᠬᠡᠶ ᠱᠦᠵᠢ ᠰᠢ ᠶᠢᠨ ᠫᠢᠩ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶ᠎ᠠ ᠶᠢ ᠭᠦᠨᠵᠡᠭᠡᠶ ᠰᠤᠷᠤᠯᠴᠠᠬᠤ ᠶᠢᠨ ᠲᠥᠯᠥᠭᠡ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ᠂ 6 ᠰᠠᠷ᠎ᠠ ᠶᠢᠨ 11 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠵᠣᠬᠢᠶᠠᠨ ᠪᠠᠶᠢᠭᠤᠯᠤᠭᠰᠠᠨ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ ᠴᠠᠩ ᠱᠦᠨ ᠪᠠᠯᠭᠠᠰᠤᠨ ᠳᠤ ᠮᠡᠳᠡᠭᠦᠯᠦᠯᠲᠡ ᠶᠢᠨ ᠬᠤᠷᠠᠯ ᠬᠢᠪᠡ᠃    ᠮᠡᠳᠡᠭᠦᠯᠦᠯᠲᠡ ᠶᠢᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠢᠯᠢᠳᠡᠭ ᠤᠬᠠᠭᠤᠯᠤᠨ ᠲᠠᠶᠢᠯᠪᠤᠷᠢᠯᠠᠭᠴᠢ᠂ ᠰᠢᠶᠠᠨ ᠤ ᠤᠳᠬ᠎ᠠ ᠤᠷᠠᠯᠢᠭ ᠤᠨ ᠬᠢᠨ ᠤ ᠬᠤᠯᠪᠤᠭᠠᠨ ᠤ ᠲᠡᠷᠢᠭᠦᠯᠡᠭᠴᠢ ᠯᠢ ᠡᡁᠧ 2020 ᠣᠨ ᠤ ︽ᠬᠤᠶᠠᠷ ᠬᠤᠷᠠᠯ︾ ᠤᠨ ᠲᠦᠢᠮᠣ᠂ 2020 ᠣᠨ ᠤ ︽ᠬᠤᠶᠠᠷ ᠬᠤᠷᠠᠯ︾ ᠤᠨ ᠬᠢᠯᠠᠰ ᠴᠡᠭ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠰᠢᠨ᠎ᠡ ᠬᠤᠪᠢᠷᠠᠯᠲᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠲᠠᠯ᠎ᠠ ᠠᠴᠠ ᠲᠣᠪᠴᠢ ᠲᠣᠮᠤᠷᠠᠭᠤᠨ ᠢᠶᠠᠷ ᠪᠦᠬᠦ ᠤᠯᠤᠰ ᠤᠨ ︽ᠬᠤᠶᠠᠷ ᠬᠤᠷᠠᠯ︾ ᠤᠨ ᠳᠤᠷᠠᠳᠤᠭᠰᠠᠨ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠵᠤ᠂ ᠤᠯᠠᠨ ᠳᠤ ᠨᠢᠭᠡ ᠤᠳᠠᠭᠠᠨ ᠤ ᠭᠤᠶᠢᠳᠠ ᠰᠠᠶᠢᠬᠠᠨ ᠪᠥᠭᠡᠳ ᠠᠮᠢᠳᠤᠯᠢᠭ ᠮᠡᠳᠡᠭᠦᠯᠦᠯᠲᠡ ᠬᠢᠵᠡᠢ᠃     ᠤᠬᠠᠭᠤᠯᠤᠨ ᠲᠠᠶᠢᠯᠪᠤᠷᠢᠯᠠᠬᠤ ᠬᠤᠷᠠᠯ ᠤᠨ ᠠᠭᠤᠯᠭ᠎ᠠ ᠨᠢ ᠪᠠᠶᠠᠯᠢᠭ ᠪᠣᠳᠠᠲᠠᠶ᠂ ᠦᠭᠡ ᠬᠡᠯᠡ ᠨᠢ ᠠᠮᠢᠳᠤ ᠴᠣᠪᠣᠭᠤᠯᠢᠭ ᠪᠠᠶᠢᠵᠤ᠂ ᠮᠠᠰᠢ ᠴᠢᠩᠭ᠎ᠠ ᠬᠠᠨᠳᠤᠯᠭᠠᠲᠤ ᠴᠢᠨᠠᠷ᠂ ᠵᠢᠯᠣᠭᠤᠳᠬᠤ ᠴᠢᠨᠠᠷ ᠪᠠ ᠬᠡᠷᠡᠭᠵᠢᠭᠦᠯᠦᠭᠦᠰᠢᠲᠡᠶ ᠴᠢᠨᠠᠷ ᠲᠠᠢ ᠪᠠᠶᠢᠵᠤ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭᠠᠨ ᠤ ᠲᠤᠬᠠᠶ ᠣᠯᠠᠨ ᠤ ᠲᠠᠨᠢᠯᠲᠠ ᠪᠠ ᠣᠶᠢᠯᠠᠭᠠᠯᠲᠠ ᠶᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠦᠭᠡᠢ᠂ ᠲᠡᠷᠡ ᠮᠥᠷᠲᠡᠭᠡᠨ ᠺᠠᠳ᠋ᠷ ᠣᠯᠠᠨ ᠲᠦᠮᠡᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠢᠯᠠᠯᠲᠠ ᠶᠢ ᠣᠯᠵᠤ᠂ ᠦᠷᠭᠦᠯᠵᠢᠯᠡᠨ ᠴᠢᠷᠮᠠᠶᠢᠨ ᠲᠡᠮᠡᠴᠡᠵᠦ᠂ ᠪᠣᠳᠠᠲᠤ ᠬᠦᠴᠦᠨ᠂ ᠠᠮᠢᠵᠢᠷᠠᠯ ᠤᠨ ᠬᠦᠴᠦᠨ᠂ ᠦᠵᠡᠰᠬᠦᠯᠡᠩᠲᠦ ᠰᠠᠶᠢᠬᠠᠨ ᠬᠤᠸᠠᠳᠧ ᠶᠢ ᠴᠢᠷᠮᠠᠶᠢᠨ ᠪᠠᠶᠢᠭᠤᠯᠬᠤ ᠢᠲᠡᠭᠡᠯ ᠵᠣᠷᠢᠭ ᠪᠠ ᠡᠷᠡᠰ ᠵᠣᠷᠢᠭ ᠢ ᠨᠡᠮᠡᠭᠳᠡᠭᠦᠯᠵᠡᠢ᠃    ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠰᠢᠭᠤᠳ ᠬᠦᠷᠭᠡᠵᠦ᠂ ᠣᠯᠠᠨ ᠲᠦᠮᠡᠨ ᠲᠠᠢ ᠣᠶᠢᠷᠠᠲᠤᠭᠤᠯᠬᠤ ᠶᠢᠨ ᠲᠥᠯᠥᠭᠡ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠬᠤᠶᠠᠷ ᠬᠤᠷᠠᠯ ᠳᠠᠭᠤᠰᠤᠭᠰᠠᠨ ᠤ ᠳᠠᠷᠠᠭ᠎ᠠ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ ᠪᠠᠶᠢᠭᠤᠯᠵᠤ ᠤᠬᠠᠭᠤᠯᠤᠨ ᠲᠠᠶᠢᠯᠪᠤᠷᠢᠯᠠᠬᠤ ᠭᠤᠤᠯᠳᠠᠯᠭ᠎ᠠ ᠲᠠᠢ ᠠᠭᠤᠯᠭ᠎ᠠ ᠶᠢ ᠲᠣᠭᠲᠠᠭᠠᠵᠠᠶ᠃ ᠲᠡᠷᠡ ᠳᠠᠷᠤᠶ ᠳᠤᠨᠢ ᠪᠠᠶᠢᠭᠤᠯᠭ᠎ᠠ ᠨᠢᠭᠡᠴᠡ ᠪᠠ ᠰᠢᠶᠠᠩ ᠪᠠᠯᠭᠠᠰᠤᠨ ᠤ ᠦᠨᠳᠦᠰᠦᠨ ᠱᠠᠲᠤᠨ ᠳᠤ ᠭᠦᠨᠵᠡᠭᠡᠶᠢᠷᠡᠨ ᠪᠦᠬᠦ ᠲᠠᠯ᠎ᠠ ᠪᠠᠷ ᠤᠬᠠᠭᠤᠯᠤᠨ  ᠲᠠᠶᠢᠯᠪᠤᠷᠢᠯᠠᠵᠠᠢ᠃    ᠮᠠᠨ ᠤ ᠰᠢᠶᠠᠨ ᠤ ᠴᠠᠩ ᠱᠦᠨ ᠪᠠᠯᠭᠠᠰᠤᠨ ᠤ ᠠᠯᠪᠠᠨ ᠪᠠᠶᠢᠭᠤᠯᠭ᠎ᠠ ᠶᠢᠨ ᠺᠠᠳ᠋ᠷ᠂ ᠨᠡᠶᠢᠭᠡᠮ ᠲᠣᠭᠤᠷᠢᠭ ᠤᠨ ᠡᠷᠬᠢᠯᠡᠭᠴᠢ ᠪᠣᠯᠤᠨ ᠬᠡᠰᠡᠭ ᠤᠯᠠᠨ ᠲᠦᠮᠡᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃                ᠣᠷᠴᠢᠭᠤᠯᠤᠭᠴᠢ᠄ ᠭᠡᠷᠡᠯ       ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2