ᠮᠠᠨ ᠤ ᠰᠢᠶᠠᠨ ︽ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ︾ ᠶᠢᠨ ᠣᠨᠳᠣᠤ ᠭᠠᠵᠠᠷ ᠨᠡᠭᠦᠯᠭᠡᠵᠦ ᠠᠵᠢᠯ ᠣᠯᠭᠤᠬᠤ ᠠᠵᠢᠯ ᠤᠨ ᠪᠠᠶᠢᠷᠢ ᠶᠢ ᠲᠠᠨᠢᠯᠴᠠᠭᠤᠯᠬᠤ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2020-06-11
   ᠪᠡᠭᠡᠵᠢᠩ ᠥᠪᠥᠷ ᠮᠣᠩᠭᠤᠯ ᠤᠨ ︽ᠬᠥᠳᠡᠯᠮᠦᠷᠢ ᠦᠢᠯᠡᠴᠢᠯᠡᠭᠡ ᠶᠢᠨ ᠬᠠᠮᠵᠢᠯᠴᠠᠭ᠎ᠠ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠶᠢᠨ ᠬᠡᠯᠡᠯᠴᠡᠭᠡᠷ︾ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ  ᠲᠤᠭᠤᠰᠢᠯᠠᠭᠤᠯᠤᠨ ᠨᠠᠶᠢᠳᠠᠪᠤᠤᠷᠢᠵᠢᠭᠤᠯᠬᠤ ᠶᠢᠨ ᠲᠥᠯᠥᠭᠡ᠂ ᠳ᠋ᠦᠩ ᠴᠧᠩ ᠲᠣᠭᠤᠷᠢᠭ ᠬᠢᠭᠡᠳ ᠬᠤᠸᠠᠳᠧ ᠰᠢᠶᠠᠨ ᠤ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠪᠠ ᠬᠥᠳᠡᠯᠮᠦᠷᠢ ᠦᠢᠯᠡᠴᠢᠯᠡᠭᠡ ᠶᠢ ᠵᠣᠯᠭᠠᠭᠤᠯᠬᠤ ᠠᠵᠢᠯ ᠢ ᠤᠷᠤᠭᠰᠢᠲᠠᠶ ᠦᠷᠨᠢᠭᠦᠯᠬᠦ ᠶᠢᠨ ᠲᠦᠯᠦᠭᠡ᠂ 6 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠮᠠᠨ ᠤ ᠰᠢᠶᠠᠨ ᠤ ᠠᠷᠠᠳ ᠤᠨ ᠠᠭᠤᠳᠠᠮ ᠲᠠᠯᠠᠪᠠᠶ ᠳᠤ ︽ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ︾ ᠶᠢᠨ 2020 ᠣᠨ ᠤ ᠬᠤᠸᠠᠳᠧ ᠰᠢᠶᠠᠨ ᠤ ᠵᠣᠨ ᠤ ᠤᠯᠠᠷᠢᠯ ‍ᠤᠨ‌ᠠᠬᠤᠢ ᠲᠠᠯᠠᠪᠠᠶ ᠶᠢᠨ ᠠᠵᠢᠯᠲᠠᠨ ᠡᠯᠰᠡᠬᠦ ᠵᠢᠴᠢ ᠣᠨᠳᠣᠤ ᠭᠠᠵᠠᠷ ᠲᠤ ᠨᠡᠭᠦᠯᠭᠡᠵᠦ ᠠᠵᠢᠯ ᠣᠯᠭᠤᠬᠤ ᠠᠵᠢᠯ ᠤᠨ ᠪᠠᠶᠢᠷᠢ ᠶᠢ ᠲᠠᠨᠢᠯᠴᠠᠭᠤᠯᠬᠤ ᠬᠤᠷᠠᠯ ᠬᠢᠪᠠ᠃    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠵᠣᠣ ᠯᠦᠩ ᠹᠸᠢ ᠲᠠᠨᠢᠯᠴᠠᠭᠤᠯᠬᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠭᠤᠤ ᠫᠧᠩ ᠡᠬᠢᠯᠡᠯᠲᠡ ᠶᠢᠨ ᠶᠣᠰᠣᠯᠠᠯ ᠳᠤ ᠪᠠᠶᠠᠷ ᠤᠨ ᠦᠭᠡ ᠬᠡᠯᠡᠵᠡᠢ᠃
    ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠪᠡᠭᠡᠵᠢᠩ ᠥᠪᠥᠷ ᠮᠣᠩᠭᠤᠯ ᠤᠨ ︽ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠨ ᠶᠠᠳᠠᠭᠤ ᠶᠢ ᠲᠡᠳᠬᠦᠬᠦ ᠠᠵᠢᠯᠯᠠᠭ᠎ᠠ ᠶᠢᠨ ᠬᠡᠯᠡᠯᠴᠡᠭᠡᠷ︾ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠨᠢᠭᠡᠨ ᠪᠣᠳᠠᠲᠠᠶ ᠠᠭᠤᠯᠭ᠎ᠠ ᠪᠣᠯᠤᠨ᠎ᠠ᠃ ᠨᠠᠩ ᠴᠢᠨᠠᠷ ᠰᠠᠶᠢᠲᠠᠶ ᠠᠵᠢᠯ ᠣᠯᠭᠤᠯᠲᠠ ᠶᠢ ᠠᠬᠢᠭᠤᠯᠤᠨ ᠪᠡᠶᠡᠯᠡᠭᠦᠯᠵᠦ᠂ ᠮᠠᠨ ᠤ ᠰᠢᠶᠠᠨ ᠤ ᠣᠯᠠᠨ ᠲᠦᠮᠡᠨ ᠢ ᠰᠢᠯᠵᠢᠭᠦᠯᠦᠨ ᠠᠵᠢᠯ ᠣᠯᠭᠤᠬᠤ ᠠᠵᠢᠯ ᠢ ᠰᠠᠶᠢᠲᠤᠷ ᠬᠢᠬᠦ ᠶᠢᠨ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃
   ᠰᠢᠶᠠᠨ ᠤ ᠠᠵᠢᠯ ᠣᠯᠭᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠯᠢ ᠵᠥᠩ ᠯᠢᠦ ᠲᠠᠨᠢᠯᠴᠠᠭᠤᠯᠬᠤ ᠳᠠᠭᠠᠨ᠂ ᠡᠨᠡ ᠵᠢᠯ ᠠᠴᠠ ᠨᠠᠰᠢ᠂ ᠬᠤᠸᠠᠳᠧ ᠰᠢᠶᠠᠨ ᠤ ᠬᠥᠯᠥᠰᠥᠨ ᠠᠵᠢᠯ ᠨᠢ ᠬᠢᠵᠢᠭ ᠤᠨ ᠨᠥᠯᠥᠭᠡ ᠶᠢ ᠬᠦᠷᠲᠡᠵᠦ᠂ ᠣᠯᠠᠩᠬᠢ ᠬᠥᠳᠡᠯᠮᠦᠷᠢᠯᠡᠭᠴᠢᠳ ᠬᠠᠨᠤᠮᠵᠢᠲᠠᠢ ᠠᠵᠢᠯ ᠣᠯᠬᠤ ᠦᠭᠡᠶ᠃ ᠡᠨᠡ ᠤᠳᠠᠭᠠᠨ ᠤ ᠠᠵᠢᠯᠲᠠᠨ ᠡᠯᠰᠡᠬᠦ ᠬᠤᠷᠠᠯ ᠢ ᠡᠷᠬᠢᠯᠡᠬᠦ ᠪᠠᠷ ᠳᠠᠮᠵᠢᠭᠤᠯᠤᠨ ᠥᠷᠭᠡᠨ ᠣᠯᠠᠨ ᠠᠵᠢᠯ ᠡᠷᠢᠭᠰᠡᠳ ᠢ ᠬᠠᠪᠰᠤᠷᠴᠤ᠂ ᠢᠯᠠᠩᠭᠤᠶ᠎ᠠ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠨᠢ ᠥᠪᠡᠷ ᠤᠨ ᠬᠠᠨᠤᠮᠵᠢᠲᠠᠶ ᠠᠵᠢᠯ ᠢᠶᠠᠨ ᠣᠯᠵᠤ ᠴᠢᠳᠠᠨ᠎ᠠ᠂ ᠮᠠᠨ ᠤ ᠠᠵᠢᠯ ᠣᠯᠭᠤᠯᠲᠠ ᠶᠢᠨ ᠲᠣᠪᠴᠢᠶ᠎ᠠ ᠪᠠᠰᠠ ᠬᠠᠮᠢᠶ᠎ᠠ ᠪᠦᠬᠦᠢ ᠨᠥᠬᠦᠪᠥᠷᠢ ᠵᠢᠨ‌‍ᠲ᠋ᠥ᠋ᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠡᠷᠢᠵᠤ ᠣᠯᠤᠭᠰᠠᠨ ᠶᠠᠳᠠᠭᠤ ᠬᠦᠴᠢᠷᠳᠡᠯᠲᠡᠶ ᠬᠥᠳᠡᠯᠮᠦᠷᠢᠯᠡᠭᠴᠢᠳ ᠲᠤ ᠬᠠᠮᠢᠶ᠎ᠠ ᠪᠦᠬᠦᠢ ᠨᠥᠬᠦᠪᠥᠷᠢ ᠶᠢ  ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠶᠢ ᠡᠷᠲᠡᠬᠡᠨ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ ᠭᠡᠪᠡ᠃
   ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠨᠡᠶᠢᠲᠡ 50 ᠭᠠᠷᠤᠶ ᠬᠥᠮᠦᠨ ᠬᠡᠷᠡᠭᠯᠡᠬᠦ ᠨᠢᠭᠡᠴᠡ ᠠᠵᠢᠯᠴᠢᠨ ᠡᠯᠰᠡᠬᠦ ᠠᠵᠢᠯᠯᠠᠭ᠎ᠠ ᠥᠷᠨᠢᠭᠦᠯᠵᠦ᠂ ᠡᠭᠦᠨ ᠤ ᠳᠣᠲᠣᠷ᠎ᠠ ᠪᠡᠭᠡᠵᠢᠩ ᠤᠨ ᠳ᠋ᠦᠩ ᠴᠧᠩ ᠲᠣᠭᠤᠷᠢᠭ ᠠᠴᠠ ᠢᠷᠡᠭᠰᠡᠨ 38 ᠠᠵᠤ ᠠᠬᠤᠶᠢᠯᠠᠯ ᠠᠵᠢᠯ ᠡᠷᠢᠭᠰᠡᠳ ᠲᠤ 1000 ᠭᠠᠷᠤᠶ ᠠᠵᠢᠯ ᠤᠨ ᠪᠠᠶᠢᠷᠢ ᠬᠠᠩᠭᠠᠵᠤ᠂ ᠠᠵᠢᠯᠴᠢᠨ ᠡᠯᠰᠡᠬᠦ ᠠᠵᠢᠯᠯᠠᠭ᠎ᠠ ᠶᠢᠨ ᠬᠤᠭᠤᠴᠠᠭᠠᠨ ᠳᠤ ᠠᠵᠢᠯ ᠣᠯᠭᠤᠬᠤ ᠲᠣᠪᠴᠢᠶ᠎ᠠ ᠪᠠᠰᠠ ᠲᠤᠰᠬᠠᠶᠢᠯᠠᠨ ᠲᠥᠷᠥ ᠶᠢᠨ ᠪᠣᠳᠤᠯᠭ᠎ᠠ ᠶᠢᠨ ᠵᠥᠪᠯᠡᠯᠭᠡ ᠥᠭᠬᠦ ᠲᠠᠪᠴᠠᠩ ᠭᠠᠷᠭᠠᠵᠤ᠂ ᠣᠷᠣᠯᠴᠠᠬᠤ ᠪᠠᠷ ᠢᠷᠡᠭᠰᠡᠨ ᠠᠵᠢᠯ ᠡᠷᠢᠭᠰᠡᠳ ᠢ ᠬᠦᠯᠢᠶᠡᠨ ᠠᠪᠴᠤ᠂ ᠠᠵᠢᠯ ᠣᠯᠭᠤᠬᠤ ᠲᠥᠷᠥ ᠶᠢᠨ ᠪᠣᠳᠤᠯᠭ᠎ᠠ ᠶᠢᠨ ᠠᠰᠠᠭᠤᠨ ᠯᠠᠪᠯᠠᠯᠲᠠ ᠳᠤ ᠬᠠᠷᠢᠭᠤᠯᠲᠠ ᠥᠭᠴᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠡ᠃    ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠪᠥᠬᠦ ᠺᠠᠳ᠋ᠷ ᠠᠵᠢᠯᠲᠠᠨ ᠠᠵᠢᠯᠴᠢᠨ᠂ ᠠᠷᠠᠳ ᠤᠨ ᠶᠠᠪᠤᠳᠠᠯ ᠤᠨ ᠲᠣᠪᠴᠢᠶ᠎ᠠ᠂ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭ᠎ᠠ᠂ ᠶᠠᠳᠠᠭᠤ ᠶᠢ ᠲᠡᠳᠬᠦᠬᠦ ᠠᠯᠪᠠᠨ ᠬᠡᠷ ᠵᠡᠷᠭᠡ ᠨᠢᠭᠡᠴᠡ ᠶᠢᠨ ᠭᠤᠤᠯ ᠬᠠᠷᠢᠭᠤᠴᠠᠯᠭᠠᠲᠠᠨ ᠲᠠᠨᠢᠯᠴᠠᠭᠤᠯᠬᠤ ᠬᠤᠷᠠᠯ ᠳᠤ ᠣᠷᠣᠯᠴᠠᠵᠠᠶ᠃                        ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ                       ᠣᠷᠴᠢᠭᠤᠯᠤᠭᠴᠢ᠄ ᠭᠡᠷᠡᠯ              ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ  
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2