ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠵᠠᠶ ᠴᠧᠨ ᠸᠧᠨ ᠨᠡᠷ ᠮᠠᠨ ᠤ ᠰᠢᠶᠠᠨ ᠳᠤ ᠭᠦᠨᠵᠡᠭᠡᠶᠢᠷᠡᠨ ᠬᠤᠲᠠ ᠪᠠᠯᠭᠠᠰᠤᠨ ᠤ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠵᠢᠯ ᠢ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2020-06-12
    6 ᠰᠠᠷ᠎ᠠ ᠶᠢᠨ 10 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠵᠠᠶ ᠴᠧᠨ ᠸᠧᠨ ᠨᠠᠷ ᠮᠠᠨ ᠤ ᠰᠢᠶᠠᠨ ᠳᠤ ᠭᠦᠨᠵᠡᠭᠡᠶᠢᠷᠡᠨ ᠬᠤᠲᠠ ᠪᠠᠯᠭᠠᠰᠤᠨ ᠤ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠼᠦᠢ ᠢᠦᠢ ᠯᠠᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ ᠶᠢᠩ ᠲᠢᠩ ᠶᠦᠩ ᠪᠠᠶᠢᠴᠠᠭᠠᠨ ᠰᠤᠳᠤᠯᠤᠯᠲᠠ ᠳᠤ ᠣᠷᠤᠯᠴᠠᠪᠡ᠃
   ᠵᠠᠢ ᠴᠧᠨ ᠸᠧᠨ ᠨᠠᠷ ᠤᠷᠢᠳ ᠬᠤᠵᠢᠳ ᠮᠠᠨ ᠤ ᠰᠢᠶᠠᠨ ᠤ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ᠂ ᠠᠷᠠᠳ ᠤᠨ ᠴᠡᠴᠡᠷᠯᠢᠭ᠂ ᠳ᠋ᠦᠩ ᠬᠤ᠋ ᠴᠡᠴᠡᠷᠯᠢᠭ ᠵᠡᠷᠭᠡ ᠭᠠᠵᠠᠷ ᠲᠤ ᠬᠦᠷᠴᠦ ᠮᠠᠨ ᠤ ᠰᠢᠶᠠᠨ ᠤ ᠬᠤᠲᠠ ᠪᠠᠯᠭᠠᠰᠤᠨ ᠤ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠵᠢᠯ ᠢ ᠣᠶᠢᠯᠠᠭᠠᠪᠠ᠃ ᠭᠠᠵᠠᠷ ᠪᠣᠯᠭᠠᠨ ᠳᠤ ᠬᠦᠷᠬᠦ ᠳᠡᠭᠡᠨ᠂ ᠵᠠᠢ ᠴᠧᠨ ᠸᠧᠨ ᠴᠥᠮ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠥᠪ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ᠂ ᠮᠠᠨ ᠤ ᠰᠢᠶᠠᠨ ᠤ ᠬᠤᠳᠠ ᠶᠢᠨ ᠨᠣᠭᠤᠭᠠᠷᠠᠭᠤᠯᠤᠯᠲᠠ ᠶᠢᠨ ᠵᠢᠷᠤᠭ ᠲᠥᠯᠥᠪᠯᠡᠭᠡ᠂ ᠵᠤᠯᠵᠠᠭ᠎ᠠ ᠮᠣᠳᠣ ᠲᠠᠷᠢᠬᠤ᠂ ᠴᠡᠴᠡᠷᠯᠢᠭ ᠤᠨ ᠬᠠᠮᠢᠶᠠᠷᠤᠯᠲᠠ ᠬᠠᠮᠠᠭᠠᠯᠠᠯᠲᠠ ᠵᠢᠴᠢ ᠮᠣᠳᠣᠨ ᠤ ᠤᠷᠭᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠲᠠᠨᠢᠯᠴᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂ ᠵᠠᠶ ᠴᠧᠨ ᠸᠧᠨ ᠮᠠᠨ ᠤ ᠰᠢᠶᠠᠨ ᠤ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠠᠵᠢᠯ ᠢ ᠭᠦᠶ᠋ᠴᠡᠳ ᠨᠤᠲᠠᠯᠠᠵᠤ᠂ ᠣᠶᠢᠷ᠎ᠠ ᠶᠢᠨ ᠬᠡᠳᠦᠨ ᠵᠢᠯ ᠳᠤ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠲᠠᠯᠠᠪᠠᠶ ᠪᠠ ᠲᠠᠰ ᠳᠠᠪᠬᠤᠷᠭ᠎ᠠ ᠴᠥᠮ ᠮᠠᠰᠢ ᠶᠡᠭᠡ ᠳᠡᠭᠡᠭᠰᠢᠯᠡᠯᠲᠡ ᠲᠠᠢ ᠪᠣᠯᠵᠠᠶ ᠭᠡᠵᠦ ᠦᠵᠡᠪᠡ᠃
   ᠵᠠᠶ ᠴᠧᠨ ᠸᠧᠨ ᠵᠢᠭᠠᠵᠤ ᠭᠠᠷᠭᠠᠭᠰᠠᠨ ᠨᠢ᠂ ᠬᠤᠲᠠ ᠪᠠᠯᠭᠠᠰᠤᠨ ᠤ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠬᠠᠮᠢᠶ᠎ᠠ ᠪᠦᠬᠦᠢ ᠰᠠᠯᠠᠭ᠎ᠠ ᠮᠥᠴᠢᠷ ᠬᠥᠮᠦᠨ ᠢᠶᠠᠷ ᠦᠨᠳᠦᠰᠦ ᠪᠣᠯᠭᠠᠬᠤ ᠲᠠᠢ ᠤᠶᠠᠯᠳᠤᠭᠤᠯᠤᠨ ᠨᠣᠭᠤᠭᠠᠷᠠᠭᠤᠯᠤᠯᠲᠠ ᠬᠢᠵᠦ᠂ ᠨᠣᠭᠤᠭᠠᠷᠠᠭᠤᠯᠤᠯᠲᠠ ᠶᠢ ᠠᠷᠠᠳ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠵᠤ᠂ ᠬᠤᠲᠠ ᠪᠠᠯᠭᠠᠰᠤᠨ ᠤ ᠬᠥᠭᠵᠢᠯᠲᠡ ᠶᠢᠨ ᠲᠣᠭᠤᠷᠢᠨ ᠳᠤ ᠨᠣᠭᠤᠭᠠᠷᠠᠭᠤᠯᠤᠯᠲᠠ ᠬᠢᠵᠦ᠂ ᠨᠣᠭᠤᠭᠠᠷᠠᠭᠤᠯᠤᠯᠲᠠ ᠪᠠᠷ ᠬᠤᠲᠠ ᠪᠠᠯᠭᠠᠰᠤᠨ ᠤ ᠴᠢᠨᠠᠷ ᠳᠡᠰ ᠢ ᠢᠯᠡᠷᠡᠭᠦᠯᠬᠦ ᠬᠡᠷᠡᠭᠲᠡᠶ᠃ ᠨᠣᠭᠤᠭᠠᠷᠠᠭᠤᠯᠤᠯᠲᠠ ᠶᠢᠨ ᠳᠦᠷᠰᠦ ᠪᠦᠲᠦᠭᠡᠯᠲᠡ ᠶᠢᠨ ᠲᠠᠯ᠎ᠠ ᠪᠠᠷ ᠠᠷᠭ᠎ᠠ ᠤᠬᠠᠭᠠᠨ ᠭᠠᠷᠭᠠᠬᠤ ᠪᠠᠷ ᠳᠠᠮᠵᠢᠭᠤᠯᠤᠨ ᠬᠤᠲᠠ ᠪᠠᠯᠭᠠᠰᠤ ᠶᠢᠨ ᠰᠣᠶᠣᠯ ᠤᠨ ᠠᠭᠤᠯᠤᠭᠳᠠᠬᠤᠨ ᠢ ᠨᠡᠮᠡᠭᠳᠡᠭᠦᠯᠵᠦ᠂ ᠬᠤᠲᠠ ᠪᠠᠯᠭᠠᠰᠤ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠰᠢᠨ᠎ᠡ ᠳᠡᠭᠲᠡᠷ ᠲᠤ ᠭᠠᠷᠭᠠᠬᠤ ᠶᠢ ᠲᠠᠰᠤᠷᠠᠯᠲᠠ ᠦᠭᠡᠢ ᠲᠦᠯᠬᠢᠨ  ᠠᠬᠢᠭᠤᠯᠬᠤ ᠬᠡᠷᠡᠭᠲᠡᠢ ᠭᠡᠪᠡ᠃
    ᠵᠠᠶ ᠴᠧᠨ ᠸᠧᠨ ᠴᠢᠬᠤᠯᠠᠴᠢᠯᠠᠭᠰᠠᠨ ᠨᠢ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠵᠢᠯ ᠢ ᠪᠣᠳᠠᠲᠤ ᠪᠠᠢᠳᠠᠯ ᠲᠠᠢ ᠤᠶᠠᠯᠳᠤᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠰᠢᠨᠵᠢᠯᠡᠬᠦ ᠤᠬᠠᠭᠠᠨᠴᠢ ᠪᠠᠷ ᠵᠢᠷᠤᠭᠯᠠᠨ ᠲᠥᠯᠥᠪᠯᠡᠬᠦ᠂ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠶᠢ ᠪᠡᠶᠡᠯᠡᠭᠦᠯᠵᠦ᠂ ᠬᠤᠲᠠ ᠬᠥᠳᠡᠭᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ  ᠠᠬᠢᠭᠤᠯᠬᠤ ᠬᠡᠷᠡᠭᠲᠡᠢ᠃ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠵᠢᠯ ᠢ ᠰᠢᠨ᠎ᠡ ᠳᠡᠭᠡᠳᠤ ᠬᠡᠮᠵᠢᠶᠡᠨ ᠳᠤ ᠬᠦᠷᠭᠡᠬᠦ ᠶᠢᠨ ᠬᠠᠮᠲᠤ᠂ ᠨᠣᠭᠤᠭᠠᠷᠠᠭᠤᠯᠤᠯᠲᠠ ᠶᠢ ᠦᠷᠭᠦᠯᠵᠢᠯᠡᠨ ᠠᠷᠠᠴᠢᠯᠠᠨ ᠬᠠᠮᠠᠭᠠᠯᠠᠬᠤ ᠠᠵᠢᠯ ᠢ ᠴᠢᠩᠬᠠᠳᠬᠠᠵᠤ᠂  ︽ᠨᠢᠭᠡ ᠬᠡᠰᠡᠭ ᠢ  ᠨᠣᠭᠤᠭᠠᠷᠠᠭᠤᠯᠪᠠᠯ ᠨᠡᠶᠢᠳᠡᠮ ᠤᠨ ᠨᠣᠭᠤᠭᠠᠨ ᠭᠤᠶᠤᠵᠢᠭᠤᠯᠲᠠ︾ ᠶᠢᠨ ᠬᠠᠷᠠᠯᠲᠠ ᠶᠢ ᠪᠠᠲᠤᠯᠠᠵᠤ᠂ ᠠᠷᠠᠳ ᠤᠯᠠᠨ ᠤ ᠰᠠᠭᠤᠷᠢᠰᠢᠯ ᠤᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠭᠡᠪᠡ᠃                      ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ                     ᠣᠷᠴᠢᠭᠤᠯᠤᠭᠴᠢ᠄ ᠭᠡᠷᠡᠯ            ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2