ᠮᠠᠨ ᠤ ᠰᠢᠶᠠᠨ ᠥᠪᠡᠷᠲᠡᠭᠡᠨ ᠵᠠᠰᠠᠬᠤ ᠣᠷᠣᠨ ᠤ ᠬᠤᠷᠠᠯᠳᠤᠭᠤᠯᠤᠭᠰᠠᠨ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠰᠣᠶᠣᠯ ᠵᠢᠭᠤᠯᠴᠢᠯᠠᠯ ᠢ ᠨᠡᠭᠡᠭᠡᠨ ᠬᠦᠭᠵᠢᠭᠦᠯᠬᠦ ᠶᠢ ᠴᠢᠩᠭᠠᠳᠬᠠᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠠᠬᠢᠯᠲᠠ ᠶᠢᠨ ᠲᠧᠯᠸᠢᠰ ᠳ᠋ᠢᠶᠠᠩᠬᠤᠸᠠ ᠬᠤᠷᠠᠯ ᠢ ᠬᠦᠯᠢᠶᠡᠨ ᠠᠪᠴᠤ ᠦᠵᠡᠪᠡ‌ᠮᠠᠨ ᠤ ᠰᠢᠶᠠᠨ ᠥᠪᠡᠷᠲᠡᠭᠡᠨ ᠵᠠᠰᠠᠬᠤ ᠣᠷᠣᠨ ᠤ ᠬᠤᠷᠠᠯᠳᠤᠭᠤᠯᠤᠭᠰᠠᠨ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠰᠣᠶᠣᠯ ᠵᠢᠭᠤᠯᠴᠢᠯᠠᠯ ᠢ ᠨᠡᠭᠡᠭᠡᠨ ᠬᠦᠭᠵᠢᠭᠦᠯᠬᠦ ᠶᠢ ᠴᠢᠩᠭᠠᠳᠬᠠᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠠᠬᠢᠯᠲᠠ ᠶᠢᠨ ᠲᠧᠯᠸᠢᠰ ᠳ᠋ᠢᠶᠠᠩᠬᠤᠸᠠ ᠬᠤᠷᠠᠯ ᠢ ᠬᠦᠯᠢᠶᠡᠨ ᠠᠪᠴᠤ ᠦᠵᠡᠪᠡ
ᠨᠡᠶᠢᠲᠡᠯᠡᠭᠰᠡᠨ ᠴᠠᠭ᠄
2020-06-12
   6 ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠰᠣᠶᠣᠯ ᠵᠢᠭᠤᠯᠴᠢᠯᠠᠯ ᠢ ᠨᠡᠭᠡᠭᠡᠨ ᠬᠥᠭᠵᠢᠭᠦᠯᠬᠦ ᠶᠢ ᠴᠢᠩᠭᠠᠳᠬᠠᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠠᠬᠢᠯᠲᠠ ᠶᠢᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂  ᠰᠢᠶᠠᠨ ᠤ ᠳᠠᠷᠤᠭ᠎ᠠ ᠼᠦᠢ ᠢᠦᠢ ᠯᠠᠢ᠂ ᠰᠢᠶᠠᠨ ᠤ ᠳᠡᠳ᠋ ᠳᠠᠷᠤᠭ᠎ᠠ ᠵᠠᠩ ᠭᠦᠸᠧ ᠷᠦᠩ ᠰᠢᠶᠠᠨ ᠤ ᠨᠠᠮ ᠵᠠᠰᠠᠭ ᠤᠨ ᠳᠥᠷᠪᠡᠳᠦᠭᠡᠷ ᠳᠠᠪᠬᠤᠷ ᠲᠤ ᠬᠤᠷᠠᠯ ᠢ ᠬᠦᠯᠢᠶᠡᠨ ᠠᠪᠴᠤ ᠦᠵᠡᠪᠡ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠪᠤᠭᠤᠲᠤ ᠬᠤᠲᠠ᠂ ᠤᠯᠠᠭᠠᠨᠴᠠᠪ ᠬᠤᠲᠠ ᠵᠡᠷᠭᠡ ᠭᠠᠵᠠᠷ ᠤᠷᠢᠳ ᠬᠤᠵᠢᠳ ᠶᠠᠷᠢᠶ᠎ᠠ ᠲᠠᠯᠪᠢᠵᠠᠶ᠃    ᠪᠦ᠋ ᠰᠢᠶᠤᠤ ᠯᠢᠨ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠠᠷᠭᠤᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠬᠠᠳᠤᠨ ᠭᠤᠣᠯ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠬᠠᠳᠤᠨ ᠭᠤᠣᠯ ᠳᠠᠭᠠᠤ ᠶᠢᠨ ᠡᠯ᠎ᠡ ᠠᠶᠢᠮᠠᠭ ᠬᠤᠲᠠ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠪᠠᠶᠢᠭᠠᠯᠢ ᠶᠢ ᠬᠦᠨᠳᠦᠳᠬᠡᠵᠦ᠂ ᠵᠢᠮ᠎ᠡ ᠶᠣᠰᠣ ᠶᠢ ᠬᠦᠨᠳᠦᠳᠬᠡᠵᠦ᠂ ᠪᠥᠬᠦ ᠣᠷᠣᠨ ᠳᠤ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠤᠷᠢᠳᠠᠪᠠᠷ ᠨᠡᠭᠡᠭᠡᠬᠦ ᠬᠡᠷᠡᠭᠲᠡᠢ᠃   ᠪᠦ᠋ ᠰᠢᠶᠣᠤ ᠯᠢᠨ ᠴᠢᠬᠤᠯᠠᠴᠢᠯᠠᠭᠰᠠᠨ ᠨᠢ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠤᠷᠢᠯᠡᠯ᠂ ᠡᠨᠧᠷᠭᠢ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠴᠢᠬᠤᠯᠠ ᠶᠡᠭᠡ ᠲᠥᠷᠥᠯ ᠵᠦᠢᠯ ᠪᠣᠯᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ᠂ ᠴᠥᠮ ᠡᠷᠬᠡᠪᠰᠢ ᠰᠠᠪᠠ ᠭᠠᠵᠠᠷ ᠤᠨ ᠪᠦᠬᠦᠯᠢ ᠴᠣᠭᠴᠠ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠵᠠᠭᠪᠤᠷ ᠤᠨ ᠳᠣᠤᠷ᠎ᠠ ᠶᠠᠪᠤᠭᠳᠠᠬᠤ ᠬᠡᠷᠡᠭᠲᠡᠶ︔ ᠪᠤᠢ ᠪᠦᠬᠦᠢ ᠠᠵᠤ ᠦᠢᠯᠡᠰ ᠤᠨ ᠬᠥᠭᠵᠢᠯᠲᠡ ᠨᠢ ᠡᠷᠬᠡᠪᠰᠢ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠤ ᠪᠠᠶᠢᠷᠢᠰᠢᠯ ᠲᠣᠭᠲᠠᠭᠤᠨ ᠢ ᠦᠯᠦ ᠰᠦᠷᠳᠡᠭᠦᠯᠬᠦ ᠪᠠᠷ ᠵᠠᠷᠴᠢᠮ ᠪᠣᠯᠭᠠᠵᠤ᠂ ᠬᠠᠳᠤᠨ ᠭᠤᠣᠯ ᠤᠨ ᠰᠣᠶᠣᠯ ᠤᠨ ᠰᠢᠰᠲ᠋ᠧᠮ ᠤᠨ ᠰᠤᠳᠤᠯᠭᠠᠨ ᠢ ᠴᠢᠩᠭᠠᠳᠬᠠᠵᠤ᠂ ᠬᠠᠲᠤᠨ ᠭᠤᠤᠯ ᠤᠨ ᠰᠣᠶᠣᠯ ᠤᠨ ᠴᠠᠭ ᠦᠶ᠎ᠡ ᠶᠢᠨ ᠦᠨ᠎ᠡ ᠥᠷᠲᠡᠭ ᠢ ᠭᠦᠨᠵᠡᠭᠡᠶ ᠠᠭᠤᠳᠠᠯᠵᠤ᠂ ᠥᠪᠥᠷ ᠮᠣᠩᠭᠤᠯ ᠤᠨ ᠣᠨᠴᠠᠯᠢᠭ ᠪᠥᠬᠦᠶ ᠬᠠᠲᠤᠨ ᠭᠤᠤᠯ ᠤᠨ ᠰᠣᠶᠣᠯ᠂ ᠲᠠᠯ᠎ᠠ ᠨᠤᠲᠤᠭ ᠤᠨ ᠰᠣᠶᠣᠯ ᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠨ ᠵᠠᠯᠭᠠᠮᠵᠢᠯᠠᠵᠤ᠂ ᠰᠠᠶᠢᠲᠤᠷ ᠪᠠᠳᠠᠷᠠᠭᠤᠯᠬᠤ ᠬᠡᠷᠡᠭᠲᠡᠢ ᠭᠡᠪᠡ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃                 ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ                 ᠣᠷᠴᠢᠭᠤᠯᠤᠭᠴᠢ᠄ ᠭᠡᠷᠡᠯ         ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2