ᠮᠠᠨ ᠤ ᠰᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢᠨ ︽ᠢᠯᠭᠠᠷᠠᠭᠤᠯᠤᠨ ᠪᠠᠶᠢᠴᠠᠭᠠᠨ ᠪᠠᠶᠢᠳᠠᠯ ᠢ ᠣᠶᠢᠯᠠᠭᠠᠬᠤ︾ ᠠᠵᠢᠯ ᠤᠨ ᠪᠣᠯᠪᠠᠰᠤᠷᠠᠯ ᠤᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2020-06-16
   ᠲᠦᠷᠦᠭᠦᠬᠡᠨ᠂ ᠮᠠᠨ ᠤ ᠰᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠤᠨ ᠪᠠᠶᠢᠴᠠᠭᠠᠯᠲᠠ ᠶᠢᠨ ︽ᠢᠯᠭᠠᠷᠠᠭᠤᠯᠤᠨ ᠪᠠᠶᠢᠴᠠᠭᠠᠨ ᠪᠠᠶᠢᠳᠠᠯ ᠢ ᠣᠶᠢᠯᠠᠭᠠᠬᠤ︾ ᠠᠵᠢᠯ ᠤᠨ ᠪᠣᠯᠪᠠᠰᠤᠷᠠᠯ ᠤᠨ ᠬᠤᠷᠠᠯ ᠡᠷᠬᠢᠯᠡᠵᠦ᠂  ᠰᠢᠶᠠᠨ ᠤ ᠳᠡᠳ᠋ ᠳᠠᠷᠤᠭ᠎ᠠ ᠵᠠᠩ ᠭᠦᠸᠧ ᠷᠦᠩ ᠬᠤᠷᠠᠯ ᠳᠤ ᠣᠷᠣᠯᠴᠠᠪᠠ᠃
   ᠬᠤᠷᠠᠯ ᠳᠡᠭᠡᠷ᠎ᠡ᠂ ᠲᠤᠭ᠎ᠠ ᠪᠦᠷᠢᠳᠬᠡᠯ ᠤᠨ ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠬᠡᠷ᠂ ᠰᠤᠷᠭᠠᠨ ᠬᠦᠮᠦᠵᠢᠯ ᠪᠡᠶ᠎ᠡ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠣᠰ ᠲᠣᠰ ︽ᠢᠯᠭᠠᠷᠠᠭᠤᠯᠤᠨ ᠪᠠᠶᠢᠴᠠᠭᠠᠵᠤ ᠪᠠᠶᠢᠳᠠᠯ ᠢ ᠣᠶᠢᠯᠠᠭᠠᠬᠤ︾ ᠠᠵᠢᠯ ᠤᠨ ᠨᠠᠷᠢᠨ ᠲᠦᠷᠢᠮ᠂ ᠳᠡᠩᠰᠡᠯᠡᠨ ᠺᠠᠷᠲᠯᠠᠭᠰᠠᠨ ᠡᠷᠦᠬᠡ ᠶᠢᠨ ᠨᠡᠶᠢᠳᠡᠮ ᠪᠠᠶᠢᠴᠠᠭᠠᠯᠲᠠ ᠶᠢᠨ ᠬᠦᠰᠦᠨᠦᠭᠲᠦ᠂ ᠲᠣᠰᠬᠤᠨ ᠤ ᠨᠡᠶᠢᠳᠡᠮ ᠪᠠᠶᠢᠴᠠᠭᠠᠯᠲᠠ ᠶᠢᠨ ᠬᠦᠰᠦᠨᠦᠭᠲᠦ ᠪᠠ ᠰᠢᠶᠠᠨ ᠤ ᠨᠡᠶᠢᠳᠡᠮ ᠪᠠᠶᠢᠴᠠᠭᠠᠯᠲᠠ ᠶᠢᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠮᠡᠳᠡᠯᠭᠡ ᠶᠢ ᠲᠠᠶᠢᠯᠪᠤᠷᠢᠯᠠᠪᠠ᠃
   ᠰᠢᠶᠠᠨ ᠤ ᠳᠡᠳ᠋ ᠳᠠᠷᠤᠭ᠎ᠠ ᠵᠠᠩ ᠭᠦᠸᠧ ᠷᠦᠩ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠨᠡᠶᠢᠳᠡᠮ ᠪᠠᠶᠢᠴᠠᠭᠠᠬᠤ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢᠨ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠴᠢᠩᠭ᠎ᠠ ᠠᠴᠠ ᠴᠢᠩᠭ᠎ᠠ᠂ ᠪᠣᠳᠠᠲᠠᠶ ᠠᠴᠠ ᠪᠤᠳᠠᠲᠠᠢ᠂ ᠨᠠᠷᠢᠨ ᠠᠴᠠ ᠨᠠᠷᠢᠨ ᠠᠵᠢᠯ ᠤᠨ ᠰᠤᠷᠲᠠᠯ ᠢᠶᠠᠷ ᠡᠯ᠎ᠡ ᠵᠦᠢᠯ ᠤᠨ ᠪᠡᠯᠡᠳᠬᠡᠯ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ ᠭᠡᠪᠡ᠃
   ᠵᠠᠩ ᠭᠦᠸᠧ ᠷᠦᠩ ᠠᠵᠢᠯ ᠤᠨ ᠵᠠᠩᠭᠢᠯᠠᠭ᠎ᠠ ᠶᠢᠨ ᠴᠠᠭ ᠢ ᠡᠵᠡᠮᠰᠢᠵᠦ᠂ ︽ᠪᠠᠶᠢᠴᠠᠭᠠᠨ ᠲᠣᠳᠣᠯᠠᠵᠤ ᠪᠠᠶᠢᠳᠠᠯ ᠢ ᠣᠶᠢᠯᠠᠭᠠᠬᠤ︾ ᠪᠠ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠪᠦᠬᠦ ᠲᠠᠯ᠎ᠠ ᠪᠠᠷ ᠵᠥᠪ ᠣᠨᠣᠪᠴᠢᠲᠠᠶ᠂ ᠦᠨᠡᠨ ᠪᠣᠳᠠᠲᠠᠶ ᠪᠠᠶᠢᠯᠭᠠᠬᠤ ᠶᠢ ᠦᠨᠡᠨ ᠬᠦ ᠪᠠᠲᠤᠯᠠᠬᠤ ᠶᠢᠨ ᠬᠠᠮᠲᠤ ᠪᠠᠶᠢᠴᠠᠭᠠᠬᠤ ᠶᠢᠨ ᠳᠠᠭᠠᠤ ᠥᠭᠡᠷᠡᠴᠢᠯᠡᠬᠦ ᠱᠠᠭᠠᠷᠳᠠᠯᠭ᠎ᠠ ᠶᠣᠰᠣᠭᠠᠷ᠂ ᠬᠠᠷᠢᠭᠤ ᠲᠤᠰᠬᠠᠭᠰᠠᠨ ᠠᠰᠠᠭᠤᠳᠠᠯ ᠳᠤ ᠳᠠᠷᠦ᠋ᠢᠬᠠᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠪᠥᠬᠦ ᠲᠠᠯ᠎ᠠ ᠪᠠᠷ ᠲᠦᠢᠯᠪᠤᠷᠢᠲᠠᠶ ᠰᠢᠢᠳᠪᠤᠷᠢᠯᠡᠬᠦ ᠬᠡᠷᠡᠭᠲᠡᠢ ᠭᠡᠵᠦ ᠱᠠᠭᠠᠷᠳᠠᠪᠡ᠃
   ᠵᠠᠩ ᠭᠦᠸᠧ ᠷᠦᠩ ᠴᠢᠬᠤᠯᠠᠴᠢᠯᠠᠭᠰᠠᠨ ᠨᠢ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠰᠠᠯᠠᠭ᠎ᠠ ᠮᠥᠴᠢᠷ ᠤᠳ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ ᠪᠠᠨ  ᠴᠢᠩᠭᠠᠳᠬᠠᠵᠤ᠂ ᠠᠵᠢᠯ ᠤᠨ ᠡᠭᠦᠷᠭᠡ ᠶᠢ ᠪᠣᠳᠠᠲᠠᠶᠢᠵᠢᠭᠤᠯᠬᠤ ᠪᠠᠨ ᠴᠢᠩᠭᠠᠳᠬᠠᠵᠤ᠂ ᠠᠵᠢᠯᠯᠠᠬᠤ ᠠᠷᠭ᠎ᠠ ᠶᠢ ᠰᠢᠨᠵᠢᠯᠡᠬᠦ ᠤᠬᠠᠭᠠᠨᠴᠢᠯᠠᠵᠤ᠂ ᠪᠠᠶᠢᠳᠠᠯ ᠢ ᠦᠨᠡᠨ ᠪᠣᠳᠠᠲᠠᠶ ᠪᠠᠷ ᠲᠤᠰᠬᠠᠬᠤ ᠶᠢ ᠦᠨᠡᠨ ᠬᠦ ᠪᠡᠶᠡᠯᠡᠭᠦᠯᠵᠦ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠶ᠃ ᠡᠯ᠎ᠡ ᠰᠢᠶᠠᠩ ᠪᠠᠯᠭᠠᠰᠤ ᠨᠤᠭᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠨᠠᠮᠠᠭᠠᠶ ᠬᠠᠮᠵᠢᠯᠴᠠᠵᠤ᠂ ᠠᠵᠢᠯ ᠤᠨ ᠠᠬᠢᠴᠠ ᠶᠢᠨ ᠪᠠᠶᠢᠳᠠᠯ ᠢ ᠳᠠᠭᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠵᠤ᠂ ᠠᠰᠠᠭᠤᠳᠠᠯ ᠢ ᠬᠠᠮᠲᠤᠪᠠᠷ ᠰᠤᠳᠤᠯᠤᠨ ᠰᠢᠢᠳᠪᠤᠷᠢᠯᠡᠬᠦ ᠬᠡᠷᠡᠭᠲᠡᠢ᠃ ᠡᠭᠦᠨ ᠤ ᠬᠠᠮᠲᠤ ᠡᠨᠡ ᠬᠦ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠮᠠᠨ ᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠡᠭᠦᠯᠴᠢ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠨᠡ ᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠬᠤ ᠬᠡᠷᠡᠭᠲᠡᠢ ᠭᠡᠪᠡ᠃                    ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ                   ᠣᠷᠴᠢᠭᠤᠯᠤᠭᠴᠢ᠄ ᠭᠡᠷᠡᠯ          ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2