ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠼᠦᠢ ᠢᠦᠶ ᠯᠠᠶ 2020 ᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠠᠪᠤᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-06-18
   6 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠼᠦᠢ ᠢᠦᠢ ᠯᠠᠢ 2020 ᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠠᠪᠤᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃
   ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠼᠦᠢ ᠢᠦᠶ ᠯᠠᠶ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠳᠤ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠵᠣᠣ ᠯᠦᠩ ᠹᠸᠢ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠤᠷᠢᠯᠡᠯ᠂ ᠭᠠᠮᠰᠢᠭ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠳᠤ ᠣᠷᠣᠯᠴᠠᠭᠰᠠᠳ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠵᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠲᠤᠬᠠᠶ ᠵᠢᠯᠣᠭᠤᠳᠬᠤ ᠰᠠᠨᠠᠯ︾ ᠢ ᠪᠢᠴᠢᠭ ᠢᠶᠠᠷ ᠰᠤᠷᠤᠯᠴᠠᠪᠠ᠃
   ᠰᠤᠷᠤᠯᠴᠠᠵᠤ ᠰᠤᠳᠤᠯᠤᠨ ᠶᠠᠷᠢᠯᠴᠠᠭᠰᠠᠨ ᠤ ᠳᠠᠷᠠᠭ᠎ᠠ᠂ ᠼᠦᠢ ᠢᠦᠶ ᠯᠠᠶ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠬᠠᠮᠢᠶ᠎ᠠ ᠪᠦᠬᠦᠢ ᠨᠢᠭᠡᠴᠡ ᠶᠢ ᠤᠯᠤᠰ ᠲᠥᠷᠥ ᠶᠢᠨ ᠵᠣᠭᠰᠣᠯᠲᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠨ‌ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠶᠠᠷᠢᠶᠠᠨ ᠤ ᠵᠣᠷᠢᠭ  ᠰᠠᠨᠠᠭᠠᠨ ᠳᠡᠭᠡᠷ᠎ᠡ ᠦᠨᠡᠨᠬᠦ ᠨᠢᠭᠡᠳᠬᠡᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠦᠵᠡᠯ ᠰᠠᠨᠠᠭ᠎ᠠ ᠶᠢ ᠠᠵᠢᠯ ᠤᠨ ᠳᠤᠮᠳᠠ ᠪᠠᠨ ᠢᠮᠠᠭᠲᠠ ᠲᠤᠭᠤᠰᠢᠯᠠᠭᠤᠯᠵᠤ᠂ ︽ᠵᠢᠷᠭᠤᠭᠠᠨ ᠲᠤᠭᠲᠠᠪᠤᠷᠢᠵᠢᠯ︾ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠠᠴᠠ ᠪᠣᠯᠤᠭᠰᠠᠨ ᠠᠰᠢᠭ ᠦᠭᠡᠢ ᠨᠥᠯᠥᠭᠡ ᠶᠢ ᠡᠷᠡᠰ ᠲᠡᠪᠴᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠡ᠃
   ᠼᠦᠢ ᠢᠦᠶ ᠯᠠᠶ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ᠂ ᠮᠠᠨ ᠤ ᠰᠢᠶᠠᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠲᠠᠰᠤᠷᠠᠯᠲᠠ ᠤᠢᠭᠡᠢ ᠭᠦᠨᠵᠡᠭᠡᠶᠢᠷᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠶ ᠦᠢᠯᠡᠳᠪᠤᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠯᠠᠵᠤ᠂ ︽ᠬᠤᠷᠢᠭ᠎ᠠ ᠱᠤᠭᠤᠮ︾ ᠪᠠ ︽ᠤᠯᠠᠭᠠᠨ ᠱᠤᠭᠤᠮ︾ ᠢ ᠡᠷᠡᠰ ᠪᠠᠲᠤ ᠰᠠᠬᠢᠵᠤ᠂ ᠠᠷᠠᠳ ᠤᠨ ᠠᠮᠢᠳᠤᠷᠠᠯ ᠢ ᠬᠦᠴᠦᠲᠡᠢ ᠪᠥᠭᠡᠳ ᠪᠦᠲᠦᠮᠵᠢᠲᠡᠢ ᠪᠠᠲᠤᠯᠠᠨ ᠰᠠᠶᠢᠵᠢᠷᠠᠭᠤᠯᠵᠤ᠂ ᠠᠵᠤ ᠠᠬᠤᠢ ᠶᠢᠨ ᠬᠦᠭᠵᠢᠯᠲᠡ ᠪᠠ ᠨᠡᠶᠢᠭᠡᠮ ᠤᠨ ᠲᠣᠭᠲᠠᠭᠤᠨ ᠤ ᠶᠡᠭᠡ ᠲᠠᠯ᠎ᠠ ᠶᠢ ᠪᠦᠬᠦ ᠬᠦᠴᠦᠨ ᠢᠶᠠᠷ ᠬᠠᠮᠠᠭᠠᠯᠠᠬᠤ ᠬᠡᠷᠡᠭᠲᠡᠢ ᠭᠡᠪᠡ᠃    ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠡ᠂ ᠠᠷᠠᠳ ᠤᠨ ᠶᠠᠪᠤᠳᠠᠯ ᠤᠨ ᠲᠤᠪᠴᠢᠶ᠎ᠡ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠡ᠂ ᠤᠰᠤᠨ ᠠᠰᠢᠭᠯᠠᠯᠲᠠ ᠶᠢᠨ ᠲᠤᠪᠴᠢᠶᠠᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                    ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ                   ᠣᠷᠴᠢᠭᠤᠯᠤᠭᠴᠢ᠄ ᠭᠡᠷᠡᠯ          ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2