ᠣᠶᠢᠷ᠎ᠠ ᠳᠤ᠂ ᠪᠡᠭᠡᠵᠢᠩ ᠬᠤᠲᠠ ᠲᠣᠬᠠᠢ ᠶᠢᠨ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠡᠪᠡᠳᠴᠢᠨ ᠤ ᠵᠢᠱᠢᠶ᠎ᠡ ᠶᠢ ᠵᠠᠯᠭᠠᠭ᠎ᠠ ᠪᠠᠷ ᠲᠤᠳᠤᠯᠠᠬᠰᠠᠨ ᠤ ᠳᠠᠷᠠᠭ᠎ᠠ᠂ ᠥᠪᠥᠷ ᠮᠣᠩᠭᠤᠯ ᠤᠨ ᠲᠦᠩᠯᠢᠶᠣᠤ ᠬᠤᠲᠠ᠂ | ᠤᠯᠠᠭᠠᠨᠴᠠᠪ ᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ᠂ ᠰᠢᠯᠢ ᠶᠢᠨ ᠭᠤᠤᠯ ᠠᠶᠢᠮᠠᠭ᠂ ᠬᠥᠯᠥᠨ ᠪᠦᠷ ᠬᠤᠲᠠ᠂ | ᠪᠠᠶᠠᠨᠨᠠᠭᠤᠷ ᠬᠤᠲᠠ᠂ ᠦᠬᠠᠶ ᠬᠤᠲᠠ᠂ ᠬᠥᠬᠡᠬᠤᠲᠠ ᠵᠡᠷᠭᠡ ᠭᠠᠵᠠᠷ ᠤᠷᠢᠳ ᠬᠤᠵᠢᠳ ᠪᠠᠴᠢᠮ ᠰᠡᠷᠭᠡᠶᠢᠯᠡᠨ ᠡᠵᠡᠮᠳᠡᠬᠦ | ᠴᠢᠬᠤᠯᠠ ᠮᠡᠳᠡᠭᠳᠡᠯ ᠨᠡᠶᠢᠲᠡᠯᠡᠪᠡ᠃ | ᠳᠤᠮᠳᠠ ᠥᠨᠳᠥᠷ ᠠᠶᠤᠯ ᠤᠨ ᠲᠦᠭᠰᠢᠭᠦᠷᠢᠲᠡᠶ ᠭᠠᠵᠠᠷ ᠣᠷᠣᠨ ᠳᠤ ᠤᠴᠢᠭᠰᠠᠨ ᠬᠥᠮᠦᠰ ᠢ ᠡᠷᠬᠡᠪᠰᠢ ᠲᠥᠪᠯᠡᠷᠡᠭᠦᠯᠦᠨ | ᠲᠤᠰᠠᠭᠠᠷᠯᠠᠬᠤ ᠬᠡᠷᠡᠭᠲᠡᠶ | ᠲᠦᠩᠯᠢᠶᠣᠤ ᠬᠤᠲᠠ᠂ ᠤᠯᠠᠭᠠᠨᠴᠠᠪ ᠬᠤᠲᠠ᠂ ᠪᠠᠶᠠᠨᠨᠠᠭᠤᠷ ᠬᠤᠲᠠ᠂ ᠣᠷᠳᠣᠰ ᠬᠤᠲᠠ᠂ ᠬᠥᠯᠥᠨ ᠪᠦᠢᠷ ᠬᠤᠲᠠ | ᠮᠡᠳᠡᠭᠳᠡᠯ ᠨᠡᠶᠢᠲᠡᠯᠡᠵᠦ ᠱᠠᠭᠠᠷᠳᠠᠭᠰᠠᠨ ᠨᠢ᠂ 6 ᠰᠠᠷ᠎ᠠ ᠶᠢᠨ 13 ᠤ ᠡᠳᠦᠷ ᠤᠨ ᠳᠡᠭ ᠴᠠᠭ ᠠᠴᠠ ᠬᠤᠶᠢᠰᠢ᠂ ᠪᠡᠭᠡᠵᠢᠩ | ᠬᠤᠲᠠ ᠶᠢᠨ ᠰᠢ ᠴᠧᠩ ᠲᠣᠭᠤᠷᠢᠭ᠂ ᠹᠧᠩ ᠲᠠᠢ ᠲᠣᠭᠤᠷᠢᠭ᠂ ᠹᠠᠩ ᠱᠠᠨ ᠲᠣᠭᠤᠷᠢᠭ ᠵᠡᠷᠭᠡ ᠬᠢᠵᠢᠭ ᠤᠨ ᠪᠠᠶᠢᠳᠠᠯ ᠤᠨ | ᠲᠦᠭᠰᠢᠭᠦᠷᠢ ᠶᠢᠨ ᠳᠡᠰ ᠨᠢ ᠳᠤᠮᠳᠠ᠂ ᠦᠨᠳᠦᠷ ᠲᠦᠭᠰᠢᠭᠦᠷᠢᠳᠠᠢ ᠭᠠᠵᠠᠷ ᠣᠷᠣᠨ ᠠᠴᠠ ᠲᠤᠬᠠᠶ ᠶᠢᠨ ᠭᠠᠵᠠᠷ ᠲᠤ ᠣᠷᠣᠵᠤ | ᠢᠷᠡᠭᠰᠡᠨ ᠪᠦᠬᠦ ᠬᠥᠮᠦᠰ᠂ ᠡᠷᠬᠡᠪᠰᠢ ᠪᠠᠶᠢᠭ᠎ᠠ ᠲᠤᠳᠤᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠨᠡᠶᠢᠭᠡᠮ ᠲᠣᠭᠤᠷᠢᠭ | ︵ᠭᠠᠴᠠᠭ᠎ᠠ ᠲᠣᠰᠬᠤᠨ︶ ᠲᠤ ᠬᠤᠪᠢ ᠬᠥᠮᠦᠨ ᠤ ᠡᠷᠡᠭᠦᠯ ᠮᠡᠨᠳᠦ ᠶᠢᠨ ᠪᠠᠶᠢᠳᠠᠯ ᠢᠶᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠬᠦ | ᠬᠡᠷᠡᠭᠲᠡᠶ᠃ ᠡᠭᠦᠨ ᠤ ᠬᠠᠮᠲᠤ ᠴᠥᠮ ︽14 ᠡᠳᠦᠷ ᠤᠨ ᠲᠥᠪᠯᠡᠷᠡᠭᠦᠯᠦᠨ ᠲᠤᠰᠠᠭᠠᠷᠯᠠᠭᠰᠠᠨ ᠠᠨᠠᠭᠠᠬᠤ ᠤᠬᠠᠭᠠᠨ ᠤ | ᠠᠵᠢᠬᠯᠠᠯᠳᠠ ᠬᠢᠬᠦ + 2 ᠤᠳᠠᠭ᠎ᠠ ᠪᠥᠭᠡᠮ ᠬᠦᠴᠢᠯ ᠤᠨ ᠪᠠᠶᠢᠴᠠᠭᠠᠯᠳᠠ ᠬᠢᠬᠦ + 1 ᠤᠳᠠᠭ᠎ᠠ ᠴᠢᠰᠤᠨ ᠴᠠᠶᠢᠪᠠᠩ ᠤᠨ | ᠡᠰᠡᠷᠭᠦᠴᠡᠭᠴᠢ ᠶᠢᠨ ᠪᠠᠶᠢᠴᠠᠭᠠᠯᠳᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ 6 ᠰᠠᠷ᠎ᠠ ᠶᠢᠨ | 13 ᠤ ᠡᠳᠦᠷ ᠤᠨ ᠲᠡᠭ ᠴᠠᠭ ᠠᠴᠠ ᠡᠮᠦᠨ᠎ᠡ᠂ ᠳᠡᠭᠡᠷ᠎ᠡ ᠳᠤᠷᠠᠳᠤᠭᠰᠠᠨ ᠳᠤᠮᠳᠠ᠂ ᠦᠨᠳᠦᠷ ᠠᠶᠤᠯ ᠲᠦᠭᠰᠢᠭᠦᠷᠢᠳᠠᠢ | ᠭᠠᠵᠠᠷ ᠣᠷᠣᠨ ᠠᠴᠠ ᠬᠠᠷᠢᠵᠦ ᠢᠷᠡᠭᠡᠳ 14 ᠡᠳᠦᠷ ᠪᠣᠯᠤᠭᠠᠳᠤᠶ ᠪᠦᠬᠦ ᠬᠥᠮᠦᠰ ᠢ ᠬᠡᠷ ᠲᠤᠨᠢ ᠪᠦᠬᠦᠯᠢ 14 ᠡᠳᠦᠷ | ᠲᠤᠰᠠᠭᠠᠷᠯᠠᠵᠤ ᠠᠨᠠᠭᠠᠬᠤ ᠤᠬᠠᠭᠠᠨ ᠤ ᠠᠵᠢᠬᠯᠠᠯᠳᠠ ᠬᠢᠬᠦ ᠭᠡᠷᠡᠭᠳᠠᠢ ᠭᠡᠵᠠᠢ᠃ | ᠦᠬᠠᠶ ᠬᠤᠲᠠ ᠱᠠᠭᠠᠷᠳᠠᠭᠰᠠᠨ ᠨᠢ᠂ 6 ᠰᠠᠷ᠎ᠠ ᠶᠢᠨ 15 ᠤ ᠡᠳᠦᠷ ᠤᠨ ᠲᠡᠭ ᠴᠠᠭ ᠠᠴᠠ ᠬᠤᠶᠢᠰᠢ᠂ ᠪᠡᠭᠡᠵᠢᠩ | ᠬᠤᠲᠠ ᠶᠢᠨ ᠰᠢ ᠴᠧᠩ ᠲᠣᠭᠤᠷᠢᠭ᠂ ᠹᠧᠩ ᠲᠠᠢ ᠲᠣᠭᠤᠷᠢᠭ᠂ ᠹᠠᠩ ᠱᠠᠨ ᠲᠣᠭᠤᠷᠢᠭ᠂ ᠳ᠋ᠠ ᠰᠢᠩ ᠲᠣᠭᠤᠷᠢᠭ ᠵᠡᠷᠭᠡ | ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠳᠡᠰ ᠨᠢ ᠳᠤᠮᠳᠠ᠂ ᠦᠨᠳᠦᠷ ᠠᠶᠤᠯ ᠲᠦᠭᠰᠢᠭᠦᠷᠢᠳᠠᠢ ᠭᠠᠵᠠᠷ ᠣᠷᠣᠨ ᠠᠴᠠ | ᠲᠤᠬᠠᠶ ᠶᠢᠨ ᠭᠠᠵᠠᠷ ᠲᠤ ᠣᠷᠣᠵᠤ ᠢᠷᠡᠭᠰᠡᠨ ᠬᠥᠮᠦᠰ ᠡᠷᠬᠡᠪᠰᠢ ᠪᠠᠶᠢᠭ᠎ᠠ ᠲᠤᠳᠤᠭᠠᠳᠤ ᠶᠢ ᠬᠠᠮᠠᠭᠠᠯᠠᠬᠤ ᠲᠣᠮᠢᠯᠠᠭᠰᠠᠨ | ᠰᠠᠯᠪᠤᠷᠢ᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠲᠤ ᠬᠤᠪᠢ ᠬᠥᠮᠦᠨ ᠤ ᠡᠷᠡᠭᠦᠯ ᠮᠡᠨᠳᠦ ᠶᠢᠨ ᠪᠠᠶᠢᠳᠠᠯ ᠢᠶᠠᠨ | ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠶ᠃ ᠡᠭᠦᠨ ᠤ ᠬᠠᠮᠲᠤ ᠴᠥᠮ ︽14 ᠡᠳᠦᠷ ᠤᠨ ᠲᠥᠪᠯᠡᠷᠡᠭᠦᠯᠦᠨ | ᠲᠤᠰᠠᠭᠠᠷᠯᠠᠭᠰᠠᠨ ᠠᠨᠠᠭᠠᠬᠤ ᠤᠬᠠᠭᠠᠨ ᠤ ᠠᠵᠢᠬᠯᠠᠯᠳᠠ ᠬᠢᠬᠦ + 2 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠳᠠ | ᠬᠢᠬᠦ + 1 ᠤᠳᠠᠭ᠎ᠠ ᠶᠢᠨ ᠴᠢᠰᠤᠨ ᠴᠠᠶᠢᠪᠠᠩ ᠤᠨ ᠡᠰᠡᠷᠭᠦᠴᠡᠭᠴᠢ ᠶᠢᠨ ᠪᠠᠶᠢᠴᠠᠭᠠᠯᠳᠠ ᠬᠢᠬᠦ︾ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ 6 ᠰᠠᠷ᠎ᠠ ᠶᠢᠨ 15 ᠤ ᠡᠳᠦᠷ ᠤᠨ ᠲᠡᠭ ᠴᠠᠭ ᠠᠴᠠ ᠡᠮᠦᠨ᠎ᠡ᠂ ᠳᠡᠭᠡᠷ᠎ᠡ | ᠳᠤᠷᠠᠳᠤᠭᠰᠠᠨ ᠳᠤᠮᠳᠠ᠂ ᠦᠨᠳᠦᠷ ᠠᠶᠤᠯ ᠲᠦᠭᠰᠢᠭᠦᠷᠢᠳᠠᠢ ᠭᠠᠵᠠᠷ ᠣᠷᠣᠨ ᠠᠴᠠ ᠬᠠᠷᠢᠵᠦ ᠢᠷᠡᠭᠡᠳ 14 ᠡᠳᠦᠷ | ᠪᠣᠯᠤᠭᠠᠳᠤᠶ ᠪᠦᠬᠦ ᠬᠥᠮᠦᠰ ᠢ ᠬᠡᠷ ᠲᠤᠨᠢ ᠪᠦᠬᠦᠯᠢ 14 ᠡᠳᠦᠷ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠬᠯᠠᠯᠳᠠ ᠬᠢᠬᠦ | ᠭᠡᠷᠡᠭᠳᠠᠢ᠃ | ᠬᠥᠯᠥᠨ ᠪᠤᠶᠢᠷ ᠬᠤᠲᠠ ᠱᠠᠭᠠᠷᠳᠠᠭᠰᠠᠨ ᠨᠢ᠂ 5 ᠰᠠᠷ᠎ᠠ ᠶᠢᠨ 30 ᠤ ᠡᠳᠦᠷ ᠠᠴᠠ ᠨᠠᠭᠠᠰᠢ ᠪᠡᠭᠡᠵᠢᠩ ᠬᠤᠲᠠ ᠶᠢᠨ ᠰᠢ | ᠴᠧᠩ ᠲᠣᠭᠤᠷᠢᠭ᠂ ᠹᠧᠩ ᠲᠠᠢ ᠲᠣᠭᠤᠷᠢᠭ᠂ ᠹᠠᠩ ᠱᠠᠨ ᠲᠣᠭᠤᠷᠢᠭ ᠵᠡᠷᠭᠡ ᠳᠤᠮᠳᠠ᠂ ᠦᠨᠳᠦᠷ ᠠᠶᠤᠯ ᠲᠦᠭᠰᠢᠭᠦᠷᠢᠳᠠᠢ | ᠭᠠᠵᠠᠷ ᠣᠷᠣᠨ ᠢᠶᠠᠷ ᠦᠩᠭᠡᠷᠡᠭᠰᠡᠨ ᠵᠢᠴᠢ ᠬᠤᠯᠪᠣᠭᠳᠠᠯ ᠪᠥᠬᠦᠶ ᠵᠢᠭᠤᠯᠴᠢᠯᠠᠨ ᠰᠠᠭᠤᠭᠰᠠᠨ ᠲᠡᠤᠬᠡ ᠲᠠᠢ ᠬᠥᠮᠦᠰ | ᠲᠤᠬᠠᠶ ᠶᠢᠨ ᠭᠠᠵᠠᠷ ᠲᠤ ᠪᠠᠨ ᠬᠠᠷᠢᠵᠦ ᠢᠷᠡᠬᠦ ᠳᠤ᠂ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ | ᠲᠣᠰᠬᠤᠨ︶ ᠪᠠ ᠬᠥᠮᠦᠨ ᠬᠡᠷᠡᠭᠯᠡᠬᠦ ᠨᠢᠭᠡᠴᠡ ᠳᠤ ᠪᠠᠨ ᠮᠡᠳᠡᠭᠦᠯᠵᠦ ᠲᠠᠩᠰᠠᠯᠠᠭᠤᠯᠬᠤ ᠭᠡᠷᠡᠭᠳᠠᠢ᠂ ︽14 ᠡᠳᠦᠷ | ᠲᠥᠪᠯᠡᠷᠡᠭᠦᠯᠦᠨ ᠲᠤᠰᠠᠭᠠᠷᠯᠠᠭᠰᠠᠨ ᠠᠨᠠᠭᠠᠬᠤ ᠤᠬᠠᠭᠠᠨ ᠤ ᠠᠵᠢᠬᠯᠠᠯᠳᠠ ᠬᠢᠬᠦ + 2 ᠤᠳᠠᠭ᠎ᠠ ᠪᠥᠭᠡᠮ ᠬᠦᠴᠢᠯ ᠤᠨ | ᠪᠠᠶᠢᠴᠠᠭᠠᠯᠳᠠ ᠬᠢᠬᠦ + 1 ᠤᠳᠠᠭ᠎ᠠ ᠴᠢᠰᠤᠨ ᠴᠠᠶᠢᠪᠠᠩ ᠤᠨ ᠡᠰᠡᠷᠭᠦᠴᠡᠭᠴᠢ ᠶᠢᠨ ᠪᠠᠶᠢᠴᠠᠭᠠᠯᠳᠠ ᠬᠢᠬᠦ︾ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠲᠤᠰᠠᠭᠠᠷᠯᠠᠬᠤ ᠴᠠᠭ ᠢ ᠲᠤᠬᠠᠶ ᠶᠢᠨ ᠭᠠᠵᠠᠷ ᠲᠤ | ᠬᠦᠷᠦᠭᠰᠡᠨ ᠲᠡᠷᠡ ᠡᠳᠦᠷ ᠠᠴᠠ ᠡᠬᠢᠯᠡᠵᠦ ᠪᠤᠳᠤᠨ᠎ᠠ᠃ ᠪᠡᠭᠡᠵᠢᠩ ᠬᠤᠲᠠ ᠶᠢᠨ ᠲᠦᠭᠰᠢᠭᠦᠷᠢ ᠪᠠᠭᠠᠲᠠᠶ ᠭᠠᠵᠠᠷ ᠣᠷᠣᠨ ᠢᠶᠠᠷ | ᠦᠩᠭᠡᠷᠡᠭᠰᠡᠨ ᠵᠢᠴᠢ ᠬᠤᠯᠪᠣᠭᠳᠠᠯ ᠪᠥᠬᠦᠶ ᠵᠢᠭᠤᠯᠴᠢᠯᠠᠨ ᠰᠠᠭᠤᠭᠰᠠᠨ ᠲᠡᠤᠬᠡ ᠲᠠᠢ ᠬᠥᠮᠦᠰ ᠢ ᠪᠠᠶᠢᠭ᠎ᠠ ᠨᠡᠶᠢᠭᠡᠮ ᠲᠣᠭᠤᠷᠢᠭ | ︵ᠭᠠᠴᠠᠭ᠎ᠠ ᠲᠣᠰᠬᠤᠨ︶ ᠪᠤᠶᠤ ᠬᠥᠮᠦᠨ ᠬᠡᠷᠡᠭᠯᠡᠬᠦ ᠨᠢᠭᠡᠴᠡ ᠠᠴᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠤᠨ᠎ᠠ᠃ | ᠤᠯᠠᠭᠠᠨᠴᠠᠪ ᠬᠤᠲᠠ ᠱᠠᠭᠠᠷᠳᠠᠭᠰᠠᠨ ᠨᠢ᠂ 5 ᠰᠠᠷ᠎ᠠ ᠶᠢᠨ 30 ᠤ ᠡᠳᠦᠷ ᠤᠨ ᠲᠡᠭ ᠴᠠᠭ ᠠᠴᠠ ᠨᠠᠭᠠᠰᠢ᠂ ᠪᠡᠭᠡᠵᠢᠩ | ᠬᠤᠲᠠ ᠶᠢᠨ ᠰᠢᠨ ᠹᠠ ᠳ᠋ᠢ ᠪᠥᠭᠡᠮ ᠢᠶᠠᠷ ᠪᠤᠷᠤᠯᠠᠭᠤᠯᠬᠤ ᠵᠠᠬ᠎ᠠ ᠳᠡᠯᠭᠡᠭᠦᠷ᠂ ᠵᠢᠩ ᠱᠧᠨ ᠲᠡᠯᠡᠶ ᠶᠢᠨ ᠢᠳᠡᠭᠡᠨ ᠤ ᠵᠠᠬ᠎ᠠ | ᠳᠡᠯᠭᠡᠭᠦᠷ ᠲᠠᠢ ᠣᠶᠢᠷᠠᠲᠤᠵᠤ ᠥᠩᠭᠡᠷᠡᠭᠰᠡᠨ ᠬᠥᠮᠦᠰ ᠰᠠᠨᠠᠭᠠᠴᠢᠯᠠᠭ᠎ᠠ ᠠᠴᠠ ᠪᠠᠨ ᠲᠤᠬᠠᠶ ᠶᠢᠨ ᠭᠠᠵᠠᠷ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠦᠨ ᠳᠠᠩᠰᠠᠯᠠᠭᠤᠯᠬᠤ ᠭᠡᠷᠡᠭᠳᠠᠢ ᠭᠡᠪᠡ᠃ | ᠣᠷᠳᠣᠰ ᠬᠤᠲᠠ ᠵᠢᠴᠢ ᠡᠵᠡᠨ ᠬᠤᠷᠤᠭ᠎ᠠ ᠬᠤᠰᠢᠭᠤ ᠱᠠᠭᠠᠷᠳᠠᠭᠰᠠᠨ ᠨᠢ᠂ 5 ᠰᠠᠷ᠎ᠠ ᠶᠢᠨ 30 ᠠᠴᠠ ᠨᠠᠭᠠᠰᠢ | ᠪᠡᠭᠡᠵᠢᠩ ᠬᠤᠲᠠ ᠶᠢᠨ ᠰᠢᠨ ᠹᠠ ᠳ᠋ᠢ ᠪᠥᠭᠡᠮ ᠢᠶᠠᠷ ᠪᠤᠷᠤᠯᠠᠭᠤᠯᠬᠤ ᠵᠠᠬ᠎ᠠ ᠳᠡᠯᠭᠡᠭᠦᠷ᠂ ᠵᠢᠩ ᠱᠧᠨ ᠲᠡᠯᠡᠶ ᠶᠢᠨ ᠢᠳᠡᠭᠡᠨ ᠤ | ᠵᠠᠬ᠎ᠠ ᠳᠡᠯᠭᠡᠭᠦᠷ ᠲᠤ ᠬᠦᠷᠴᠦ ᠥᠩᠭᠡᠷᠡᠭᠰᠡᠨ ᠬᠦᠮᠦᠰ ᠡᠰᠡᠬᠦᠯ᠎ᠡ ᠳᠡᠭᠡᠷ᠎ᠡ ᠳᠤᠷᠠᠳᠤᠭᠰᠠᠨ ᠬᠤᠶᠠᠷ ᠵᠠᠬ᠎ᠠ ᠳᠡᠯᠭᠡᠭᠦᠷ ᠤᠨ | ᠬᠠᠮᠢᠶ᠎ᠠ ᠪᠦᠬᠦᠢ ᠬᠥᠮᠦᠰ ᠲᠠᠢ ᠣᠶᠢᠷᠠᠲᠤᠵᠤ ᠥᠩᠭᠡᠷᠡᠭᠰᠡᠨ ᠰᠠᠭᠤᠭᠠᠯᠢ ᠠᠷᠠᠳ᠂ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ | ᠲᠤᠰᠬᠤᠨ︶ ᠲᠤ ᠬᠠᠮᠢᠶ᠎ᠠ ᠪᠦᠬᠦᠢ ᠪᠠᠶᠢᠳᠠᠯ ᠢᠶᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂ ᠥᠪᠡᠷ ᠤᠨ ᠭᠡᠷ ᠲᠤ ᠪᠠᠨ | ᠰᠠᠭᠤᠵᠤ ᠪᠦᠬᠦᠯᠢ 14 ᠡᠳᠦᠷ ᠲᠤᠰᠠᠭᠠᠷᠯᠠᠨ ᠠᠨᠠᠭᠠᠬᠤ ᠤᠬᠠᠭᠠᠨ ᠤ ᠠᠵᠢᠬᠯᠠᠯᠳᠠ ᠬᠢᠨ᠎ᠡ᠃ 6 ᠰᠠᠷ᠎ᠠ ᠶᠢᠨ 14 ᠤ | ᠡᠳᠦᠷ ᠠᠴᠠ ᠡᠬᠢᠯᠡᠵᠦ᠂ ᠪᠡᠭᠡᠵᠢᠩ ᠬᠤᠲᠠ ᠶᠢᠨ ᠰᠢ ᠴᠧᠩ ᠲᠣᠭᠤᠷᠢᠭ ᠤᠨ ᠶᠤᠸᠠᠢ ᠲᠠᠨ ᠵᠡᠭᠡᠯᠢ ᠭᠤᠳᠤᠮᠵᠢ᠂ ᠹᠧᠩ ᠲᠠᠢ | ᠲᠣᠭᠤᠷᠢᠭ ᠤᠨ ᠰᠢ ᠯᠦᠸᠧ ᠶᠤᠸᠠᠨ ᠵᠡᠭᠡᠯᠢ ᠭᠤᠳᠤᠮᠵᠢ᠂ ᠬᠤᠸᠠ ᠰᠢᠶᠠᠩ ᠵᠡᠭᠡᠯᠢ ᠭᠤᠳᠤᠮᠵᠢ᠂ ᠹᠠᠩ ᠱᠠᠨ | ᠲᠣᠭᠤᠷᠢᠭ ᠤᠨ ᠴᠠᠩ ᠶᠠᠩ ᠪᠠᠯᠭᠠᠰᠤᠨ ᠳᠤ ᠵᠢᠭᠤᠯᠴᠢᠯᠠᠨ ᠰᠠᠭᠤᠭᠰᠠᠨ ᠲᠡᠤᠬᠡ ᠲᠠᠢ ᠬᠦᠮᠦᠰ ᠲᠤᠬᠠᠢ ᠶᠢᠨ ᠭᠠᠵᠠᠷ ᠲᠤ | ᠤᠷᠤᠵᠦ ᠢᠷᠡᠬᠦ ᠳᠤ᠂ ᠪᠦᠬᠦᠯᠢ 14 ᠡᠳᠦᠷ ᠲᠦᠪᠯᠡᠷᠡᠬᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠬᠯᠠᠯᠳᠠ ᠬᠢᠬᠦ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠭᠡᠷᠡᠭᠵᠢᠬᠦᠯᠦᠨ᠎ᠠ᠃ | ᠰᠢᠯᠢ ᠶᠢᠨ ᠭᠤᠣᠯ ᠠᠶᠢᠮᠠᠭ᠂ ᠣᠷᠳᠣᠰ ᠬᠤᠲᠠ ᠶᠢᠨ ᠳᠠᠯᠠᠳ ᠬᠤᠰᠢᠭᠤᠨ ᠤ ᠮᠡᠳᠡᠭᠳᠡᠯ ᠳᠤ ᠱᠠᠭᠠᠷᠳᠠᠭᠰᠠᠨ ᠨᠢ᠂ 5 | ᠰᠠᠷ᠎ᠠ ᠶᠢᠨ 30 ᠤ ᠡᠳᠦᠷ᠂ 5 ᠰᠠᠷ᠎ᠠ ᠶᠢᠨ 31 ᠤ ᠡᠳᠦᠷ ᠠᠴᠠ ᠨᠠᠭᠠᠰᠢ ᠪᠡᠭᠡᠵᠢᠩ ᠤᠨ ᠰᠢᠨ ᠹᠠ ᠳ᠋ᠢ ᠪᠥᠭᠡᠮ ᠢᠶᠠᠷ | ᠪᠤᠷᠤᠯᠠᠭᠤᠯᠬᠤ ᠵᠠᠬ᠎ᠠ ᠳᠡᠯᠭᠡᠭᠦᠷ ᠪᠠ ᠵᠢᠩ ᠱᠧᠨ ᠲᠡᠯᠡᠶ ᠶᠢᠨ ᠢᠳᠡᠭᠡᠨ ᠤ ᠵᠠᠬ᠎ᠠ ᠳᠡᠯᠭᠡᠭᠦᠷ ᠲᠤ ᠣᠴᠢᠵᠤ ᠥᠩᠭᠡᠷᠡᠭᠰᠡᠨ | ᠲᠤᠬᠠᠶ ᠶᠢᠨ ᠭᠠᠵᠠᠷ ᠤᠨ ᠬᠥᠮᠦᠰ ᠲᠤ ᠦᠨ᠎ᠡ ᠲᠥᠯᠥᠪᠦᠷᠢ ᠥᠬᠡᠶ ᠪᠠᠷ ᠪᠥᠭᠡᠮ ᠬᠦᠴᠢᠯ ᠤᠨ ᠪᠠᠶᠢᠴᠠᠭᠠᠯᠳᠠ ᠬᠢᠵᠦ᠂ | ᠬᠢᠵᠢᠭ ᠤᠨ ᠪᠠᠶᠢᠳᠠᠯ ᠤᠨ ᠲᠤᠬᠠᠶ ᠶᠢᠨ ᠭᠠᠵᠠᠷ ᠲᠤ ᠲᠠᠷᠬᠠᠬᠤ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ | ᠪᠠᠭᠤᠷᠠᠭᠤᠯᠤᠨ᠎ᠠ᠃ | ᠬᠥᠬᠡᠬᠤᠲᠠ ᠶᠢᠨ ᠮᠡᠳᠡᠭᠳᠡᠯ ᠳᠤ ᠱᠠᠭᠠᠷᠳᠠᠭᠰᠠᠨ ᠨᠢ᠂ ᠬᠤᠲᠠ ᠶᠢᠨ ᠠᠷᠠᠳ ᠬᠡᠷᠪᠡ ᠴᠢᠬᠤᠯᠠ ᠤᠴᠢᠷ ᠦᠭᠡᠢ ᠪᠣᠯ | ᠣᠶᠢᠷ᠎ᠠ ᠳᠤ ᠪᠡᠭᠡᠵᠢᠩ ᠬᠤᠲᠠ᠂ ᠢᠯᠠᠩᠭᠤᠶ᠎ᠠ ᠹᠧᠩ ᠲᠠᠢ ᠲᠣᠭᠤᠷᠢᠭ᠂ ᠰᠢ ᠴᠧᠩ ᠲᠣᠭᠤᠷᠢᠭ᠂ ᠹᠠᠩ ᠱᠠᠨ ᠲᠣᠭᠤᠷᠢᠭ᠂ | ᠳ᠋ᠠ ᠰᠢᠩ ᠲᠣᠭᠤᠷᠢᠭ ᠵᠡᠷᠭᠡ ᠳᠤᠮᠳᠠ᠂ ᠦᠨᠳᠦᠷ ᠲᠦᠭᠰᠢᠭᠦᠷᠢᠳᠠᠢ ᠭᠠᠵᠠᠷ ᠣᠷᠣᠨ ᠳᠤ ᠣᠴᠢᠵᠤ ᠪᠣᠯᠬᠤ ᠥᠬᠡᠶ᠃ ᠬᠡᠷᠪᠡ | ᠵᠠᠪᠠᠯ ᠣᠴᠢᠬᠤ ᠴᠢᠬᠤᠯᠠᠳᠠᠢ ᠪᠣᠯ ᠡᠷᠬᠡᠪᠰᠢ ᠰᠠᠭᠤᠭ᠎ᠠ ᠪᠠᠯᠭᠠᠰᠤ ᠰᠢᠶᠠᠩ ︵ᠵᠡᠭᠡᠯᠢ ᠭᠤᠳᠤᠮᠵᠢ︶ ᠳᠠᠭᠠᠨ ᠤᠷᠢᠳᠴᠢᠯᠠᠨ | ᠮᠡᠳᠡᠭᠦᠯᠵᠦ ᠳᠠᠩᠰᠠᠯᠠᠭᠤᠯᠬᠤ ᠶᠢᠨ ᠬᠠᠮᠲᠤ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ︔ | ᠪᠡᠭᠡᠵᠢᠩ ᠠᠴᠠ ᠬᠦᠬᠡᠬᠤᠳᠠ ᠳᠤ ᠪᠠᠨ ᠪᠤᠴᠠᠵᠦ ᠢᠷᠡᠭᠰᠡᠨ ᠤ ᠳᠠᠷᠠᠭ᠎ᠠ᠂ ᠬᠥᠬᠡᠬᠤᠲᠠ ᠶᠢᠨ ᠬᠠᠮᠢᠶ᠎ᠠ ᠪᠥᠬᠦᠶ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ | ᠣᠯᠠᠨ ᠭᠠᠵᠠᠷ ᠤᠨ ᠬᠢᠨ ᠢᠳᠡᠭᠡᠨ ᠤ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ | ᠠᠷᠠᠳ ᠣᠯᠠᠨ ᠤ ᠪᠡᠶ᠎ᠡ ᠶᠢᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ | ᠲᠥᠯᠥᠭᠡ᠂ ᠥᠪᠥᠷ ᠮᠣᠩᠭᠤᠯ ᠤᠨ ᠣᠯᠠᠨ ᠭᠠᠵᠠᠷ ᠲᠤ ᠢᠳᠡᠭᠡᠨ ᠤ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ | ᠥᠷᠨᠢᠭᠦᠯᠪᠡ᠃ | ᠣᠷᠳᠣᠰ ᠬᠤᠲᠠ ᠶᠢᠨ ᠳ᠋ᠦᠩᠱᠧᠩ ᠲᠣᠭᠤᠷᠢᠭ ᠨᠢ ᠬᠠᠷᠢᠶᠠᠲᠤ ᠣᠷᠣᠨ ᠤ ᠲᠣᠮᠣ ᠬᠡᠯᠪᠡᠷᠢ ᠶᠢᠨ ᠪᠠᠭᠤᠳᠠᠯ᠂ ᠳᠠᠯᠠᠢ ᠶᠢᠨ | ᠭᠠᠷᠤᠯᠳᠠ ᠶᠢᠨ ᠳᠡᠯᠭᠡᠭᠦᠷ᠂ ᠲᠣᠮᠣ ᠳᠤᠮᠳᠠ ᠬᠡᠯᠪᠡᠷᠢ ᠶᠢᠨ ᠬᠡᠲᠦ ᠳᠡᠯᠭᠡᠭᠦᠷ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ | ᠪᠠ ᠳᠠᠯᠠᠢ ᠶᠢᠨ ᠭᠠᠷᠤᠯᠳᠠ ᠶᠢᠨ ᠲᠤᠰᠬᠠᠶ ᠬᠤᠳᠠᠯᠳᠤᠭᠠᠨ ᠤ ᠳᠡᠯᠭᠡᠭᠦᠷ ᠲᠤ ᠰᠠᠨ ᠸᠧᠨ ᠵᠢᠭᠠᠰᠤᠨ ᠤ ᠪᠦᠲᠦᠭᠡᠭᠳᠡᠬᠦᠨ ᠵᠢᠴᠢ | ᠪᠡᠭᠡᠵᠢᠩ ᠤᠨ ᠰᠢᠨ ᠹᠡ ᠳ᠋ᠢ ᠵᠠᠬ᠎ᠠ ᠳᠡᠯᠭᠡᠭᠦᠷ ᠠᠴᠠ ᠢᠳᠡᠭᠡᠨ ᠬᠤᠳᠠᠯᠳᠤᠨ ᠠᠪᠴᠤ ᠪᠣᠷᠣᠯᠠᠭᠤᠯᠤᠭᠰᠠᠨ ᠪᠠᠶᠢᠳᠠᠯ ᠢ | ᠵᠢᠭᠰᠠᠭᠠᠨ ᠪᠠᠶᠢᠴᠠᠭᠠᠵᠠᠢ᠃ ᠣᠳᠣᠬᠠᠨ ᠪᠣᠯᠲᠠᠯ᠎ᠠ᠂ ᠪᠠᠶᠢᠴᠠᠭᠠᠯᠲᠠ ᠳᠤᠮᠳᠠ ᠣᠯᠵᠤ ᠮᠡᠳᠡᠭᠰᠡᠨ ᠨᠢ᠂ ᠰᠠᠨ ᠸᠧᠨ | ᠵᠢᠭᠠᠰᠤ ᠶᠢ ᠪᠣᠷᠣᠯᠠᠭᠤᠯᠵᠦ᠂ ᠪᠣᠯᠪᠠᠰᠤᠷᠠᠭᠤᠯᠵᠦ ᠪᠠᠶᠢᠭ᠎ᠠ ᠡᠵᠡᠩᠨᠡᠯᠲᠡ ᠶᠢᠨ ᠨᠢᠭᠡᠴᠢ ᠪᠦᠷ ᠪᠡᠭᠡᠵᠢᠩ ᠤᠨ ᠰᠢᠨ ᠹᠠ ᠳ᠋ᠢ | ᠵᠠᠬ᠎ᠠ ᠳᠡᠯᠭᠡᠭᠦᠷ ᠠᠴᠠ ᠤᠷᠤᠭᠤᠯᠤᠭᠰᠠᠨ ᠪᠢᠰᠢ᠂ ᠬᠠᠤᠯᠢ ᠬᠡᠷᠡᠭᠵᠢᠭᠦᠯᠦᠭᠴᠢ ᠨᠢᠭᠡᠨᠲᠡ ᠳᠡᠭᠡᠷ᠎ᠡ ᠳᠤᠷᠠᠳᠤᠭᠰᠠᠨ | ᠡᠵᠡᠩᠨᠡᠯᠲᠡ ᠶᠢᠨ ᠡᠷᠦᠬᠡ ᠶᠢ ᠳᠠᠩᠰᠠᠯᠠᠭᠤᠯᠵᠦ᠂ ᠴᠠᠭ ᠲᠤᠬᠠᠶ ᠳᠤᠨᠢ ᠬᠠᠮᠢᠶᠠᠷᠤᠨ ᠡᠵᠡᠮᠳᠡᠬᠦ ᠶᠢ ᠪᠡᠶᠡᠯᠡᠬᠦᠯᠵᠠᠢ᠃ | ᠤᠯᠠᠭᠠᠨᠬᠠᠳᠠ ᠬᠤᠲᠠ ᠨᠢ ᠪᠦᠬᠦ ᠬᠤᠲᠠ ᠶᠢᠨ ᠬᠡᠪᠴᠢᠶᠡᠨ ᠳᠠᠬᠢ ᠲᠠᠷᠢᠶᠠᠯᠠᠩ ᠤᠨ ᠴᠤᠭᠯᠠᠭ᠎ᠠ ᠮᠠᠶᠢᠮᠠᠶ ᠶᠢᠨ ᠵᠠᠬ᠎ᠠ | ᠳᠡᠯᠭᠡᠭᠦᠷ᠂ ᠬᠡᠲᠦ ᠳᠡᠯᠭᠡᠭᠦᠷ᠂ ᠳᠥᠭᠦᠮ ᠳᠡᠯᠭᠡᠭᠦᠷ᠂ ᠢᠳᠡᠭᠡᠨ ᠤᠮᠳᠠᠭᠠᠨ ᠤ ᠳᠡᠯᠭᠡᠭᠦᠷ᠂ ᠢᠳᠡᠭᠡᠨ ᠤᠮᠳᠠᠭᠠᠨ ᠤ | ᠦᠢᠯᠡᠴᠢᠯᠡᠭᠡᠨ ᠤ ᠨᠢᠭᠡᠴᠢ ᠵᠡᠷᠭᠡ ᠢᠳᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠲᠤ ᠢᠳᠡᠭᠡᠨ ᠤ ᠠᠮᠤᠷ ᠲᠦᠪᠰᠢᠨ ᠤ | ᠶᠡᠭᠡ ᠪᠠᠶᠢᠴᠠᠭᠠᠯᠲᠠ ᠶᠢ ᠥᠷᠨᠢᠭᠦᠯᠵᠦ ᠪᠠᠶᠢᠨ᠎ᠠ᠃ ᠤᠰᠤᠨ ᠭᠠᠷᠤᠯᠲᠠ ᠪᠣᠯᠤᠨ ᠲᠦᠭᠦᠬᠡᠶ ᠰᠢᠨ᠎ᠡ ᠰᠣᠷᠭᠤᠭ᠂ | ᠬᠥᠯᠳᠡᠭᠡᠭᠰᠡᠨ ᠭᠠᠭ᠋ᠠᠶ ᠶᠢᠨ ᠮᠢᠬ᠎ᠠ᠂ ᠦᠬᠡᠷ ᠤᠨ ᠮᠢᠬ᠎ᠠ᠂ ᠬᠤᠨᠢᠨ ᠤ ᠮᠢᠬ᠎ᠠ᠂ ᠳᠠᠬᠢᠶ᠎ᠠ ᠨᠤᠭᠤᠰᠤᠨ ᠮᠢᠬ᠎ᠠ ᠵᠡᠷᠭᠡ ᠮᠠᠯ | ᠵᠢᠭᠦᠷᠲᠡᠨ ᠤ ᠮᠢᠬᠠᠨ ᠤ ᠲᠥᠷᠥᠯ ᠵᠢᠴᠢ ᠲᠡᠭᠦᠨ ᠤ ᠪᠦᠲᠦᠭᠡᠭᠳᠡᠬᠦᠨ ᠤ ᠢᠳᠡᠭᠡᠨ ᠤ ᠠᠮᠤᠷ ᠲᠦᠪᠰᠢᠨ ᠢ ᠭᠤᠤᠯᠳᠠᠯᠭ᠎ᠠ ᠲᠠᠢ | ᠬᠢᠨᠠᠨ ᠬᠠᠮᠢᠶᠠᠷᠤᠨ᠎ᠠ᠃ | 6 ᠰᠠᠷ᠎ᠠ ᠶᠢᠨ 14 ᠤ ᠡᠳᠦᠷ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠮᠧᠶ ᠲᠦᠩ ᠵᠠᠬ᠎ᠠ ᠳᠡᠯᠭᠡᠭᠦᠷ ᠲᠤ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠬᠢᠪᠠ᠃ ᠤᠰᠤᠨ ᠭᠠᠷᠤᠯᠲᠠ ᠶᠢᠨ | ᠮᠢᠬᠠᠨ ᠤ ᠢᠳᠡᠭᠡᠨ ᠤ ᠲᠥᠷᠥᠯ ᠤᠨ ᠦᠢᠯᠡᠳᠬᠦᠨ ᠤ ᠪᠠᠷᠠᠭ᠎ᠠ ᠣᠷᠣᠭᠤᠯᠵᠤ ᠪᠣᠷᠣᠯᠠᠭᠤᠯᠤᠭᠰᠠᠨ ᠲᠡᠮᠳᠡᠭᠯᠡᠯ᠂ | ᠡᠵᠡᠩᠨᠡᠯᠲᠡ ᠶᠢᠨ ᠲᠠᠯᠠᠪᠤᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ | ᠳᠦᠷᠢᠮ ᠢ ᠬᠡᠷᠡᠭᠵᠢᠭᠦᠯᠦᠭᠰᠡᠨ ᠵᠡᠷᠭᠡ ᠪᠠᠶᠢᠳᠠᠯ ᠳᠤ ᠭᠡᠨᠡᠳᠲᠡ ᠶᠢᠨ ᠪᠠᠶᠢᠴᠠᠭᠠᠯᠳᠠ ᠬᠢᠵᠤ᠂ ᠡᠵᠡᠩᠨᠡᠭᠴᠢ ᠶᠢ ᠪᠠᠷᠠᠭ᠎ᠠ | ᠣᠷᠣᠭᠤᠯᠬᠤ ᠶᠠᠰᠤ ᠴᠢᠨᠠᠷ ᠤᠨ ᠪᠣᠭᠤᠮᠲᠠ᠂ ᠪᠣᠷᠣᠯᠠᠭᠤᠯᠬᠤ ᠲᠠᠯᠠᠪᠤᠷ ᠤᠨ ᠠᠷᠢᠭᠤᠨ ᠴᠡᠪᠡᠷ ᠠᠮᠤᠷ ᠲᠦᠪᠰᠢᠨ ᠤ | ᠪᠣᠭᠤᠮᠲᠠ ᠶᠢ ᠴᠢᠩᠭ᠎ᠠ ᠰᠠᠬᠢᠬᠤ ᠬᠡᠷᠡᠭᠲᠡᠶ ᠭᠡᠵᠦ ᠱᠠᠭᠠᠷᠳᠠᠪᠠ᠃ | ᠵᠣᠬᠢᠶᠠᠭᠴᠢ᠄ ᠤᠷᠭᠤᠮᠠᠯ | ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ |