ᠬᠢᠵᠢᠭ ᠢ ᠡᠰᠡᠷᠭᠦᠴᠡᠬᠦ ᠣᠨᠴᠠᠭᠠᠢ ᠤᠯᠤᠰ ᠤᠨ ᠵᠢᠭᠡᠯᠡᠯᠭᠡ ᠶᠢᠨ ᠲᠡᠮᠳᠡᠭᠲᠤ ᠶᠢ ᠲᠠᠷᠬᠠᠭᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2020-06-18
   ᠰᠤᠷᠪᠤᠯᠵᠢᠯᠠᠭᠴᠢ 16 ᠤ ᠡᠳᠦᠷ ᠡᠳ᠋ ᠤᠨ ᠵᠠᠰᠠᠭ ᠤᠨ ᠶᠠᠮᠤᠨ ᠠᠴᠠ ᠣᠶᠢᠯᠠᠭᠠᠭᠰᠠᠨ ᠢᠶᠠᠷ᠂ ᠡᠳ᠋ ᠤᠨ ᠵᠠᠰᠠᠭ ᠤᠨ ᠪᠡᠯᠡ ᠮᠥᠩᠭᠦ ᠴᠤᠭᠯᠠᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠶᠢᠨ ᠲᠥᠯᠥᠭᠡ᠂ ᠡᠳ᠋ ᠤᠨ ᠵᠠᠰᠠᠭ ᠤᠨ ᠶᠠᠮᠤᠨ ᠠᠴᠠ 2020 ᠤᠨ ᠤ ᠬᠢᠵᠢᠭ ᠢ ᠡᠰᠡᠷᠭᠦᠴᠡᠬᠦ ᠣᠨᠴᠠᠭᠠᠢ ᠤᠯᠤᠰ ᠤᠨ ᠵᠢᠭᠡᠯᠡᠯᠭᠡ ᠶᠢᠨ ᠲᠡᠮᠳᠡᠭᠲᠤ ︵ᠨᠢᠭᠡᠳᠦᠭᠡᠷ ᠬᠤᠭᠤᠴᠠᠭ᠎ᠠ︶ ᠪᠠ 2020 ᠤᠨ ᠤ ᠬᠢᠵᠢᠭ ᠢ ᠡᠰᠡᠷᠭᠦᠴᠡᠬᠦ ᠣᠨᠴᠠᠭᠠᠢ ᠤᠯᠤᠰ ᠤᠨ ᠵᠢᠭᠡᠯᠡᠯᠭᠡ ᠶᠢᠨ ᠲᠡᠮᠳᠡᠭᠲᠤ ︵ᠬᠤᠶᠠᠳᠤᠭᠠᠷ ᠬᠤᠭᠤᠴᠠᠭ᠎ᠠ︶ ᠶᠢ ᠲᠠᠷᠬᠠᠭᠠᠬᠤ ᠪᠠᠷ ᠲᠣᠭᠲᠠᠪᠠ᠃ ᠴᠥᠮ 500 ᠳ᠋ᠦᠩᠰᠢᠭᠤᠷ ᠲᠥᠭᠦᠷᠢᠭ ᠤᠨ ᠬᠡᠪᠴᠢᠶ᠎ᠡ ᠲᠠᠢ ᠪᠠᠶᠢᠵᠤ᠂ ᠬᠤᠭᠤᠴᠠᠭ᠎ᠠ ᠨᠢ ᠲᠤᠰ ᠲᠤᠰ 5 ᠵᠢᠯ ᠪᠠ 7 ᠵᠢᠯ ᠪᠣᠯᠤᠨ᠎ᠠ᠃    ᠲᠤᠬᠠᠶᠢᠯᠠᠭᠰᠠᠨ ᠠᠵᠢᠯ ᠤᠨ ᠬᠥᠮᠦᠰ ᠤᠨ ᠢᠯᠡᠷᠬᠡᠶᠢᠯᠡᠭᠰᠡᠨ ᠢᠶᠠᠷ᠂ ᠡᠨᠡ ᠬᠤᠶᠠᠷ ᠬᠤᠭᠤᠴᠠᠭᠠᠨ ᠤ ᠬᠢᠵᠢᠭ ᠢ ᠡᠰᠡᠷᠭᠦᠴᠡᠬᠦ ᠣᠨᠴᠠᠭᠠᠶ ᠤᠯᠤᠰ ᠤᠨ ᠵᠢᠭᠡᠯᠡᠯᠭᠡ ᠶᠢᠨ ᠲᠡᠮᠳᠡᠭᠲᠤ ᠶᠢ ᠳᠠᠩᠰᠠᠨ ᠳᠤ ᠲᠡᠮᠳᠡᠭᠯᠡᠬᠦ ᠮᠠᠶ᠋ᠢᠭ ᠤᠨ ᠤᠯᠤᠰ ᠤᠨ ᠵᠢᠭᠡᠯᠡᠯᠭᠡ ᠶᠢᠨ ᠲᠡᠮᠳᠡᠭᠲᠤ ᠲᠠᠷᠬᠠᠭᠠᠬᠤ ᠠᠷᠭ᠎ᠠ ᠶᠢ ᠠᠪᠴᠤ᠂ ᠬᠤᠪᠢ ᠬᠥᠮᠦᠨ ᠪᠠᠰᠠ ᠬᠤᠳᠠᠯᠳᠤᠨ ᠠᠪᠴᠤ ᠪᠣᠯᠤᠨ᠎ᠠ᠃    ᠲᠣᠬᠢᠷᠠᠭᠤᠯᠤᠯᠲᠠ ᠶᠢ ᠦᠨᠳᠦᠰᠦᠯᠡᠪᠡᠯ᠂ ᠡᠨᠡ ᠬᠤᠶᠠᠷ ᠬᠤᠭᠤᠴᠠᠭᠠᠨ ᠤ ᠤᠯᠤᠰ ᠤᠨ ᠵᠢᠭᠡᠯᠡᠯᠭᠡ ᠶᠢᠨ ᠲᠡᠮᠳᠡᠭᠲᠤ ᠶᠢ 6 ᠰᠠᠷ᠎ᠠ ᠶᠢᠨ 18 ᠤ ᠡᠳᠦᠷ ᠠᠴᠠ ᠳᠠᠭᠠᠭᠠᠴᠢᠯᠠᠯᠲᠠ ᠵᠠᠷᠯᠠᠵᠤ᠂ 6 ᠰᠠᠷ᠎ᠠ ᠶᠢᠨ 23 ᠤ ᠡᠳᠦᠷ ᠠᠴᠠ ᠡᠬᠢᠯᠡᠨ ᠵᠠᠬ᠎ᠠ ᠳᠡᠯᠭᠡᠭᠦᠷ ᠲᠤ ᠭᠠᠷᠭᠠᠵᠤ ᠠᠷᠠᠯᠵᠢᠶᠠᠯᠠᠬᠤ ᠪᠣᠯᠤᠨ᠎ᠠ᠃                                              ᠢᠷᠡᠯᠲᠡ᠄ ᠰᠢᠨᠬᠤᠸᠠ ᠰᠦᠯᠵᠢᠶ᠎ᠡ
 
ᠢᠷᠡᠯᠲᠡ᠄ ᠰᠢᠨᠬᠤᠸᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2