︽ᠪᠡᠭᠡᠵᠢᠩ ᠤᠨ ᠬᠠᠶᠢᠷ᠎ᠠ ᠬᠠᠯᠠᠮᠵᠢ︾ ᠲᠠᠪᠴᠠᠩ ᠨᠢ ᠬᠡᠷᠡᠭᠯᠡᠭᠡ ᠪᠠᠷ ᠶᠠᠳᠠᠭᠤ ᠶᠢ ᠲᠡᠳᠬᠦᠬᠦ ᠪᠣᠯᠣᠨ ᠪᠡᠭᠡᠵᠢᠩ ᠥᠪᠥᠷ ᠮᠣᠩᠭᠤᠯ ᠭᠠᠷ ᠬᠤᠯᠪᠣᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠤᠷᠢᠲᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2020-06-24
   ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠪᠦᠬᠦ ᠲᠠᠯ᠎ᠠ ᠪᠠᠷ ᠢᠯᠠᠯᠲᠠ ᠣᠯᠬᠤ ᠡᠴᠦᠰ ᠤᠨ ᠵᠢᠯ ᠳᠤ᠂ ᠪᠡᠭᠡᠵᠢᠩ ᠬᠤᠲᠠ ᠨᠡᠶᠢᠰᠯᠡᠯ ᠤᠨ ᠡᠬᠢ ᠪᠠᠶᠠᠯᠢᠭ ᠤᠨ ᠳᠠᠪᠠᠭᠤᠯᠢᠭ ᠲᠠᠯ᠎ᠠ ᠪᠠᠨ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠪᠠ ᠨᠡᠶᠢᠭᠡᠮ ᠤᠨ ᠬᠦᠴᠦᠨ ᠢ ᠳᠠᠶᠢᠴᠢᠯᠠᠨ᠂ ︽ᠬᠠᠶᠢᠷ᠎ᠠ ᠬᠠᠯᠠᠮᠵᠢ ᠪᠡᠭᠡᠵᠢᠩ︾ ᠬᠡᠷᠡᠭᠯᠡᠭᠡ ᠪᠠᠷ ᠶᠠᠳᠠᠭᠤ ᠶᠢ ᠲᠡᠳᠬᠦᠬᠦ ᠲᠠᠪᠴᠠᠩ ᠢ ᠠᠰᠢᠭᠯᠠ᠂ ᠬᠡᠷᠡᠭᠯᠡᠭ ᠠ ᠢᠶᠠᠷ ᠶᠠᠳᠠᠭᠤ ᠶᠢ ᠲᠡᠳᠬᠦᠬᠦ ᠪᠠᠷ ᠭᠠᠷᠳᠠᠴᠠ ᠪᠣᠯᠭᠠᠵᠤ᠂ ᠪᠡᠭᠡᠵᠢᠩ ᠥᠪᠥᠷ ᠮᠣᠩᠭᠤᠯ ᠤᠨ ᠬᠢᠨ ᠭᠠᠷ ᠬᠤᠯᠪᠣᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦ ᠷᠢᠲᠦ ᠢᠯᠠᠯᠲᠠ ᠶᠢ ᠲᠡᠮᠡᠴᠡᠨ ᠤᠯᠬᠤ ᠳᠤ ᠪᠠᠲᠤᠯᠠᠭ᠎ᠠ ᠬᠠᠩᠭᠠᠪᠠ᠃    ︽ᠪᠡᠭᠡᠵᠢᠩ ᠤᠨ ᠬᠠᠶᠢᠷ᠎ᠠ ᠬᠠᠯᠠᠮᠵᠢ︾ ᠨᠢ ᠪᠡᠭᠡᠵᠢᠩ ᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠲᠠᠪᠴᠠᠩ ᠤᠨ ᠨᠢᠭᠡ ᠪᠣᠯᠤᠭᠰᠠᠨ ᠤ ᠬᠤᠪᠢ ᠳᠤ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠳᠤᠮᠳᠠᠳᠤ ᠤᠯᠤᠰ ᠤᠨ ᠡᠯᠧᠺᠲᠷᠣᠨ ᠬᠤᠳᠠᠯᠳᠤᠭᠠᠨ ᠤ ᠶᠠᠳᠠᠭᠤ ᠶᠢ ᠲᠡᠳᠬᠦᠬᠦ ᠬᠤᠯᠪᠤᠭᠠᠨ ᠤ ᠲᠡᠷᠢᠭᠦᠯᠡᠭᠴᠢᠳ ᠤᠨ ᠪᠦᠯᠬᠦᠮ ᠤᠨ ᠨᠢᠭᠡᠴᠡ ᠶᠢᠨ ᠵᠥᠩ ᠬᠠᠩ ᠢ ᠲᠦᠩ ᠪᠣᠯᠤᠨ ᠱᠧᠦ ᠯᠢᠦᠢ ᠪᠦᠯᠦᠭᠯᠡᠯ ᠤᠨ ᠬᠢᠨ ᠬᠠᠮᠲᠤᠷᠠᠨ ᠪᠥᠲᠥᠭᠡᠨ ᠪᠠᠶᠢᠭᠤᠯᠤᠭᠰᠠᠨ ᠪᠠᠶᠢᠨ᠎ᠠ᠃ ᠲᠠᠪᠴᠠᠩ ᠨᠢ ᠬᠡᠷᠡᠭᠯᠡᠭᠡ ᠪᠠᠷ ᠶᠠᠳᠠᠭᠤ ᠶᠢ ᠲᠡᠳᠬᠦᠬᠦ ᠪᠠᠷ ᠬᠤᠯᠪᠣᠭᠠᠰᠤ ᠪᠣᠯᠭᠠᠵᠤ᠂ ᠬᠠᠩᠭᠠᠯᠭ᠎ᠠ ᠶᠢᠨ ᠦᠵᠦᠭᠦᠷ ᠨᠢ ᠪᠡᠭᠡᠵᠢᠩ ᠤᠨ ᠠᠵᠢᠯ ᠲᠥᠷᠥᠯ ᠤᠨ ᠰᠢᠰᠲ᠋ᠧᠮ ᠢᠶᠠᠷ ᠬᠠᠪᠰᠤᠷᠤᠨ ᠲᠡᠳᠬᠦᠭᠰᠡᠨ 5 ᠮᠤᠵᠢ 72 ᠰᠢᠶᠠᠨ ᠤ ᠲᠠᠷᠢᠶᠠᠯᠠᠩ ᠤᠨ ᠣᠨᠴᠠ ᠭᠠᠷᠤᠯᠲᠠ ᠶᠢ ᠪᠡᠭᠡᠵᠢᠩ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ ᠡᠯ᠎ᠡ ᠱᠠᠲᠤᠨ ᠤ ᠠᠵᠢᠯᠴᠢᠨ ᠤ ᠡᠪᠯᠡᠯ ᠲᠠᠢ ᠬᠤᠯᠪᠤᠵᠤ᠂ ᠬᠤᠭᠤᠯᠠᠨ ᠭᠡᠷ ᠤᠨ ᠬᠤᠳᠠᠯᠳᠤᠨ ᠠᠪᠬᠤ᠂  ᠠᠯᠪᠠᠨ ᠠᠴᠠ ᠲᠦᠪᠯᠡᠷᠡᠭᠦᠯᠦᠨ ᠬᠤᠳᠠᠯᠳᠤᠨ ᠠᠪᠬᠤ᠂ ᠠᠵᠢᠯᠲᠠᠨ ᠠᠵᠢᠯᠴᠢᠨ ᠤ ᠠᠰᠠᠷᠠᠮᠵᠢ ᠵᠡᠷᠭᠡ ᠬᠡᠷᠡᠭᠯᠡᠭᠡᠨ ᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠦᠢᠯᠡᠳᠬᠦᠨ ᠢ ᠪᠡᠭᠡᠵᠢᠩ ᠤᠨ ᠵᠠᠬ᠎ᠠ ᠳᠡᠯᠭᠡᠭᠦᠷ ᠯᠦᠭᠡ ᠵᠠᠪᠰᠠᠷ ᠥᠬᠡᠶ ᠵᠣᠯᠭᠠᠭᠤᠯᠬᠤ ᠳᠤ ᠬᠦᠴᠦᠨ  ᠨᠡᠮᠡᠷᠢᠯᠡᠪᠡ᠃    ᠤᠯᠠᠭᠠᠨᠴᠠᠪ ᠪᠣᠯ ᠥᠪᠥᠷ ᠮᠣᠩᠭᠤᠯ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠭᠤᠤᠯ ᠲᠡᠶᠢᠨ ᠤ ᠲᠠᠯᠠᠪᠤᠷ ᠮᠥᠨ᠂ ᠣᠨᠴᠠ ᠶᠠᠳᠠᠭᠤ ᠬᠦᠴᠢᠷᠳᠡᠯᠲᠡᠶ ᠬᠥᠮᠦᠨ ᠠᠮᠠ ᠨᠢᠭᠡ ᠦᠶ᠎ᠡ ᠥᠪᠥᠷ ᠮᠣᠩᠭᠤᠯ ᠤᠨ 46.2% ᠢ ᠡᠵᠡᠯᠡᠪᠡ᠃ ᠣᠶᠢᠷ᠎ᠠ ᠶᠢᠨ ᠵᠢᠯ ᠠᠴᠠ ᠨᠠᠰᠢ᠂ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠬᠠᠪᠰᠤᠷᠤᠨ ᠲᠡᠳᠬᠦᠭᠰᠡᠨ ᠠᠴᠠ᠂ ᠤᠯᠠᠭᠠᠨᠴᠠᠪ ᠬᠤᠲᠠ 2020 ᠣᠨ ᠤ ᠡᠬᠢ ᠪᠠᠷ ᠤᠯᠤᠰ ᠤᠨ ᠲᠠᠰ ᠤᠨ ᠶᠠᠳᠠᠭᠤ ᠬᠦᠴᠢᠷᠳᠡᠯᠲᠡᠶ 8 ᠬᠤᠰᠢᠭᠤ ᠰᠢᠶᠠᠨ ᠢ ᠶᠠᠳᠠᠭᠤ ᠠᠴᠠ ᠠᠩᠭᠢᠵᠢᠷᠠᠭᠤᠯᠤᠭᠰᠠᠨ ᠪᠣᠯᠪᠠᠴᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠪᠠᠶᠢᠳᠠᠯ ᠠᠴᠠ ᠪᠣᠯᠵᠤ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠮᠠᠭᠤᠳᠠᠭᠰᠠᠨ ᠪᠠᠶᠢᠨ᠎ᠠ᠃ ᠬᠡᠰᠡᠭ ᠲᠠᠷᠢᠶᠠᠴᠢᠨ ᠡᠷᠦᠬᠡ ᠶᠢ ᠳᠠᠬᠢᠨ ᠶᠠᠳᠠᠭᠤᠷᠠᠬᠤ ᠠᠶᠤᠯ ᠲᠠᠢ ᠪᠣᠯᠭᠠᠪᠡ᠃    ᠡᠨᠡᠬᠦ ᠣᠨᠴᠠᠭᠠᠢ ᠴᠠᠭ ᠥᠶ᠎ᠡ ᠳᠤ᠂ ︽ᠪᠡᠭᠡᠵᠢᠩ ᠤᠨ ᠬᠠᠶᠢᠷ᠎ᠠ ᠬᠠᠯᠠᠮᠵᠢ︾ ᠵᠣᠬᠢᠶᠠᠨ ᠪᠠᠶᠢᠭᠤᠯᠤᠯᠲᠠ ᠶᠢᠨ ᠬᠠᠩᠭᠠᠯᠭ᠎ᠠ ᠶᠢᠨ ᠬᠡᠯᠬᠢᠶᠡᠨ ᠤ ᠪᠦᠯᠬᠦᠮ᠂ ᠨᠡᠶᠢᠲᠡ ᠪᠡᠭᠡᠵᠢᠩ ᠬᠤᠲᠠ ᠶᠢᠨ ᠲᠠᠪᠤᠳᠤᠭᠠᠷ ᠪᠦᠯᠦᠭ ᠥᠪᠥᠷ ᠮᠣᠩᠭᠤᠯ ᠢ ᠲᠤᠰᠠᠯᠠᠨ ᠲᠤᠰᠢᠶᠠᠯ ᠡᠭᠦᠷᠭᠡᠯᠡᠬᠦ ᠪᠦᠯᠬᠦᠮ ᠤᠨ ᠤᠯᠠᠭᠠᠨᠴᠠᠪ ᠤᠨ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠧᠩ ᠰᠢᠶᠣᠤ ᠪᠥᠸᠧ ᠶᠢᠨ ᠬᠦᠴᠦᠲᠡᠶ ᠳᠡᠮᠵᠢᠯᠭᠡ ᠳᠣᠤᠷ᠎ᠠ᠂ ᠤᠯᠠᠭᠠᠨᠴᠠᠪ ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠭᠡᠷ ᠤᠨ ᠲᠦᠷ ᠲᠤᠰᠢᠶᠠᠯ ᠡᠭᠦᠷᠭᠡᠯᠡᠵᠦ ᠪᠠᠶᠢᠭ᠎ᠠ ᠳᠡᠳ᠋ ᠡᠷᠬᠢᠯᠡᠭᠴᠢ ᠯᠢᠦ ᠫᠧᠩ ᠲᠤᠰᠢᠶᠠᠯ ᠡᠭᠦᠷᠭᠡᠯᠡᠬᠦ ᠺᠠᠳ᠋ᠷ ᠤᠨ ᠪᠦᠯᠬᠦᠮ ᠤᠨ ᠬᠠᠮᠲᠤ ᠠᠵᠢᠯᠯᠠᠭᠰᠠᠳ ᠲᠠᠢ ᠪᠠᠨ ᠬᠠᠮᠲᠤ ᠪᠠᠷ ᠤᠯᠠᠭᠠᠨᠴᠠᠪ ᠤᠨ 8 ᠤᠯᠤᠰ ᠤᠨ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠳᠤ ᠭᠦᠨᠵᠡᠭᠡᠶᠢᠷᠡᠨ ᠶᠠᠳᠠᠭᠤ ᠶᠢ ᠲᠡᠳᠬᠦᠬᠦ ᠠᠵᠤ ᠠᠬᠤᠶᠢᠯᠠᠯ᠂ ᠬᠤᠷᠰᠢᠶᠠᠵᠢᠯ ᠢ 40 ᠰᠢᠬᠠᠮ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠨ ᠰᠣᠳᠤᠯᠵᠤ᠂ ᠤᠯᠠᠭᠠᠨᠴᠠᠪ ᠬᠤᠲᠠ ᠳᠤ 400 ᠭᠠᠷᠤᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠮᠬᠢᠯᠡᠨ ᠰᠤᠩᠭᠤᠵᠤ ᠭᠠᠷᠭᠠᠪᠡ᠃    ᠡᠭᠦᠨ ᠤ ᠬᠠᠮᠲᠤ᠂ ᠤᠯᠠᠭᠠᠨᠴᠠᠪ ᠤᠨ ᠲᠦᠷ ᠴᠠᠭ ᠤᠨ ᠲᠤᠰᠢᠶᠠᠯ ᠡᠭᠦᠷᠭᠡᠯᠡᠵᠦ ᠪᠠᠶᠢᠭ᠎ᠠ ᠺᠠᠳ᠋ᠷ ᠪᠣᠯᠤᠨ ᠵᠠᠬ᠎ᠠ ᠳᠡᠯᠭᠡᠭᠦᠷ ᠤᠨ ᠪᠦᠯᠬᠦᠮ ᠤᠨ ᠬᠢᠨ ᠪᠡᠭᠡᠵᠢᠩ ᠤᠨ ᠬᠡᠷᠡᠭᠯᠡᠭᠡᠨ ᠤ ᠬᠦᠰᠡᠯ ᠲᠠᠢ ᠠᠵᠤ ᠠᠬᠤᠶᠢᠯᠠᠯ ᠢ ᠢᠳᠡᠪᠬᠢᠲᠡᠶ ᠡᠷᠢᠵᠦ᠂ ᠠᠵᠤ ᠠᠬᠤᠶᠢᠯᠠᠯ ᠤᠨ ᠬᠤᠳᠠᠯᠳᠤᠨ ᠠᠪᠬᠤ ᠬᠡᠷᠡᠭᠴᠡᠭᠡ ᠪᠣᠯᠤᠨ ᠲᠤᠬᠠᠶ ᠶᠢᠨ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠮᠠᠭᠤᠲᠠᠶ ᠪᠦᠲᠦᠭᠡᠭᠳᠡᠬᠦᠨ ᠤ ᠲᠥᠷᠥᠯ ᠢ ᠦᠨᠳᠦᠰᠦᠯᠡᠨ᠂ ᠠᠮᠤ ᠪᠤᠳᠠᠭ᠎ᠠ ᠲᠣᠰᠣ ᠂ ᠦᠬᠡᠷ ᠤᠨ ᠬᠠᠳᠠᠭᠠᠭᠰᠠᠨ ᠮᠢᠬ᠎ᠠ ᠵᠡᠷᠭᠡ ᠪᠠᠷ ᠭᠤᠣᠯ ᠪᠣᠯᠭᠠᠭᠰᠠᠨ 70 ᠰᠢᠬᠠᠮ ᠵᠦᠢᠯ ᠤᠨ ᠦᠢᠯᠡᠳᠬᠦᠨ ᠢ ᠨᠠᠷᠢᠯᠢᠭ ᠰᠣᠩᠭᠤᠵᠤ᠂ ᠤᠯᠠᠭᠠᠨᠴᠠᠪ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠳᠠᠭᠤ ᠶᠢ ᠲᠡᠳᠬᠦᠬᠦ ᠪᠡᠯᠡᠭ ᠰᠡᠯᠲᠡ ᠶᠢᠨ ᠪᠤᠳᠠᠰ ᠢ ᠪᠦᠷᠢᠯᠳᠦᠭᠦᠯᠪᠡ᠃ ᠡᠭᠦᠨ ᠤ ᠬᠠᠮᠲᠤ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠪᠠᠰᠠ ᠲᠤᠬᠠᠶ ᠶᠢᠨ ᠭᠠᠵᠠᠷ ᠤᠨ ᠵᠢᠭᠤᠯᠴᠢᠯᠠᠯ ᠤᠨ ᠭᠠᠵᠠᠷ ᠤᠨ ᠵᠢᠷᠤᠭ ᠢ ᠪᠡᠯᠡᠭ ᠤᠨ ᠪᠣᠭᠴᠣᠨ ᠳᠤ ᠬᠢᠵᠦ᠂ ᠡᠨᠡ ᠨᠢ ᠲᠤᠬᠠᠶ ᠶᠢᠨ ᠭᠠᠵᠠᠷ ᠤᠨ ︽ᠳᠤᠮᠳᠠᠳᠤ ᠤᠯᠤᠰ ᠤᠨ ᠲᠠᠯ᠎ᠠ ᠨᠤᠲᠤᠭ ᠤᠨ ᠵᠤᠰᠠᠯᠠᠩ ᠤᠨ ᠬᠤᠲᠠ︾ ᠶᠢᠨ ᠨᠡᠷᠡᠲᠤ ᠲᠡᠮᠳᠡᠭ  ᠢ ᠪᠡᠭᠡᠵᠢᠩ ᠬᠤᠲᠠ ᠶᠢᠨ ᠠᠷᠠᠳ ᠲᠤ ᠰᠢᠭᠤᠳ ᠬᠦᠷᠭᠡᠵᠦ᠂ ᠵᠢᠭᠤᠯᠴᠢᠯᠠᠭᠴᠢᠳ ᠢ ᠤᠯᠠᠭᠠᠨᠴᠠᠪ ᠳᠤ ᠵᠤᠭᠠᠴᠠᠬᠤ ᠪᠠᠷ ᠢᠷᠡᠬᠦ ᠶᠢ ᠲᠠᠲᠠᠵᠤ ᠪᠠᠶᠢᠨ᠎ᠠ᠃    5 ᠰᠠᠷ᠎ᠠ ᠠᠴᠠ ᠨᠠᠰᠢ᠂ ︽ᠪᠡᠭᠡᠵᠢᠩ ᠤᠨ ᠬᠠᠶᠢᠷ᠎ᠠ ᠬᠠᠯᠠᠮᠵᠢ︾ ᠲᠠᠪᠴᠠᠩ ᠢᠶᠠᠷ ᠳᠠᠮᠵᠢᠭᠤᠯᠤᠨ᠂ ᠱᠧᠦ ᠯᠢᠦᠢ ᠪᠦᠯᠦᠭᠯᠡᠯ ᠪᠣᠯᠤᠨ ᠶᠢᠨ ᠧᠦ ᠪᠦᠯᠦᠭᠯᠡᠯ ᠤᠷᠢᠳ ᠬᠤᠵᠢᠳ 8000 ᠬᠤᠪᠢ ᠶᠠᠳᠠᠭᠤ ᠶᠢ ᠲᠡᠳᠬᠦᠬᠦ ᠪᠡᠯᠡᠭ ᠰᠡᠯᠲᠡ ᠬᠤᠳᠠᠯᠳᠤᠨ ᠠᠪᠴᠤ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠪᠡᠯᠡ ᠮᠥᠩᠭᠦ 180 ᠲᠦᠮᠡᠨ ᠲᠥᠭᠦᠷᠢᠭ ᠲᠤ ᠬᠦᠷᠴᠦ᠂ ᠤᠯᠠᠭᠠᠨᠴᠠᠪ ᠤᠨ ᠶᠠᠳᠠᠭᠤ ᠬᠦᠴᠢᠷᠳᠡᠯᠲᠡᠶ ᠡᠷᠦᠬᠡ 7309 ᠡᠷᠦᠬᠡ᠂ ᠶᠠᠳᠠᠭᠤ ᠬᠦᠴᠢᠷᠳᠡᠯᠲᠡᠶ ᠬᠥᠮᠦᠨ ᠠᠮᠠ 22375 ᠬᠥᠮᠦᠨ ᠢ ᠨᠥᠯᠥᠭᠡᠯᠡᠨ ᠳᠠᠶᠢᠴᠢᠯᠠᠪᠠ᠃                       ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ                      ᠣᠷᠴᠢᠭᠤᠯᠤᠭᠴᠢ᠄ ᠭᠡᠷᠡᠯ                   ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2