︽ᠪᠥᠬᠦ ᠬᠤᠲᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠵᠢᠴᠢ ᠲᠣᠭᠠᠴᠠᠭ᠎ᠠ ᠬᠢᠬᠦ ᠪᠠᠷᠢᠮᠵᠢᠶ᠎ᠠ ᠶᠢᠨ ᠥᠭᠡᠷᠡᠴᠢᠯᠡᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2020-06-25
   ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠮ ᠤᠨ ᠵᠦᠢᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠤᠨ ᠲᠤᠬᠠᠶ ᠰᠢᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠡᠮ ᠤᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠵᠦ᠂ ᠡᠮ ᠤᠨ ᠵᠦᠢᠯ ᠤᠨ ᠦᠨ᠎ᠡ ᠬᠠᠩᠰᠢ ᠶᠢᠨ ᠵᠦᠶ ᠵᠣᠬᠢᠰᠲᠠᠶ ᠬᠢᠷᠢ ᠲᠦᠪᠰᠢᠨ ᠳᠤ ᠪᠤᠴᠠᠬᠤ ᠶᠢ ᠬᠥᠲᠥᠯᠥᠨ ᠵᠢᠯᠤᠭᠤᠳᠴᠤ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠬᠡᠷᠡᠭᠯᠡᠬᠦ ᠠᠵᠢᠯᠯᠠᠭ᠎ᠠ ᠶᠢ ᠳᠦᠷᠢᠮᠵᠢᠭᠦᠯᠵᠦ᠂ ᠡᠮ ᠤᠨ ᠵᠦᠢᠯ ᠤᠨ ᠵᠠᠷᠤᠳᠠᠯ ᠤᠨ ᠵᠦᠶ ᠵᠣᠬᠢᠰ ᠦᠭᠡᠢ ᠨᠡᠮᠡᠭᠳᠡᠬᠦ ᠶᠢ ᠬᠢᠵᠠᠭᠠᠷᠯᠠᠵᠤ᠂ ᠣᠯᠠᠨ ᠲᠦᠮᠡᠨ ᠤ ᠡᠮ ᠬᠡᠷᠡᠭᠯᠡᠬᠦ ᠳᠠᠷᠤᠭᠠᠰᠤ ᠶᠢ ᠬᠥᠩᠭᠡᠷᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠡ ᠲᠦᠷᠦᠭᠦᠯᠡᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠥᠷᠭᠡᠨ ᠳᠡᠯᠭᠡᠷ ᠪᠠᠶᠢᠴᠠᠭᠠᠨ ᠰᠤᠳᠤᠯᠤᠯᠲᠠ ᠬᠢᠵᠦ᠂ ᠭᠦᠢᠴᠡᠳ ᠨᠤᠲᠠᠯᠠᠯᠲᠠ ᠬᠢᠭᠰᠡᠨ ᠰᠠᠭᠤᠷᠢᠨ ᠳᠡᠭᠡᠷ᠎ᠡ᠂ ︽ᠪᠦᠬᠦ ᠬᠤᠲᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠵᠢᠴᠢ ᠲᠣᠭᠠᠴᠠᠭ᠎ᠠ ᠬᠢᠬᠦ ᠪᠠᠷᠢᠮᠵᠢᠶ᠎ᠠ ᠶᠢᠨ ᠥᠭᠡᠷᠡᠴᠢᠯᠡᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠢ ᠲᠤᠭᠤᠷᠪᠢᠨ ᠲᠣᠭᠲᠠᠭᠠᠪᠠ᠃     ᠨᠢᠭᠡ᠂ ᠦᠨᠳᠦᠰᠦᠨ ᠪᠠᠶᠢᠳᠠᠯ    ᠡᠮᠴᠢᠯᠡᠭᠡᠨ ᠤ ᠳᠠᠭᠠᠳᠬᠠᠯ ᠤᠨ ᠲᠣᠮᠣ ᠳ᠋ᠠᠶᠢᠲ᠋ᠠ ᠶᠢᠨ ᠶᠡᠷᠦᠩᠬᠡᠶᠢᠯᠡᠭᠰᠡᠨ ᠵᠠᠳᠠᠯᠤᠯᠲᠠ ᠶᠢ ᠦᠨᠳᠦᠰᠦᠯᠡᠪᠡᠯ᠂ 2019 ᠣᠨ ᠤ ᠲᠦᠷᠦᠭᠦᠤ ᠭᠤᠷᠪᠠᠨ ᠤᠯᠠᠷᠢᠯ ᠳᠤ ᠪᠥᠬᠦ ᠬᠤᠲᠠ ᠶᠢᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠬᠤᠳᠠᠯᠳᠤᠨ ᠠᠪᠤᠭᠰᠠᠨ ᠪᠣᠳᠠᠲᠠᠶ ᠪᠠᠶᠢᠳᠠᠯ ᠢ ᠵᠠᠳᠠᠯᠤᠨ ᠬᠤᠷᠢᠶᠠᠩᠭᠤᠶᠢᠯᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠮᠡᠳᠡᠭᠦᠯᠦᠨ ᠬᠦᠷᠭᠡᠭᠰᠡᠨ ︽ᠬᠤᠤᠰ 20︾ ︵ᠳᠠᠷᠤᠶ ᠡᠮ ᠤᠨ ᠵᠦᠢᠯ ᠤᠨ ᠬᠡᠷᠡᠭᠯᠡᠬᠦ ᠲᠤᠭ᠎ᠠ ᠬᠡᠮᠵᠢᠶᠡᠨ ᠤ ᠨᠡᠷᠡᠰ ᠤᠨ ᠵᠢᠭᠰᠠᠭᠠᠯᠲᠠ ᠳᠤ ᠡᠮᠦᠨ᠎ᠡ 20 ᠳᠤ ᠣᠷᠤᠭᠰᠠᠨ ᠡᠮ ᠤᠨ ᠵᠦᠢᠯ᠂ ᠬᠤᠳᠠᠯᠳᠤᠨ ᠠᠪᠤᠭᠰᠠᠨ ᠵᠣᠭᠤᠰᠤᠨ ᠲᠤᠭ᠎ᠠ ᠶᠢᠨ ᠨᠡᠷᠡᠰ ᠤᠨ ᠵᠢᠭᠰᠠᠭᠠᠯᠲᠠ ᠳᠤ ᠡᠮᠦᠨ᠎ᠡ 20 ᠳᠤ ᠣᠷᠤᠭᠰᠠᠨ ᠡᠮ ᠤᠨ ᠵᠦᠢᠯ ᠪᠣᠯᠤᠨ᠎ᠠ᠃ ᠳᠣᠷᠣᠭᠰᠢ ︽ᠬᠤᠤᠰ 20︾ ᠭᠡᠵᠦ ᠲᠣᠪᠴᠢᠯᠠᠨ᠎ᠠ︶ ᠲᠤᠭ᠎ᠠ ᠪᠠᠷᠢᠮᠲᠠ ᠪᠠ ᠥᠪᠡᠷᠲᠡᠭᠡᠨ ᠵᠠᠰᠠᠬᠤ ᠣᠷᠣᠨ ᠤ ᠡᠮ ᠤᠨ ᠮᠠᠲ᠋ᠧᠷᠢᠶᠠᠯ ᠴᠤᠭᠯᠠᠭᠤᠯᠬᠤ ᠲᠠᠪᠴᠠᠩ᠂ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠤᠳᠤᠬᠤ ᠰᠢᠰᠲ᠋ᠧᠮ ᠤᠨ ︽ᠬᠤᠤᠰ 20︾ ᠶᠢᠨ ᠲᠤᠭ᠎ᠠ ᠪᠠᠷᠢᠮᠲᠠ ᠶᠢ ᠶᠡᠷᠦᠩᠬᠡᠶᠢᠯᠡᠨ ᠵᠠᠳᠠᠯᠵᠤ ᠰᠤᠳᠤᠯᠤᠨ  ᠮᠠᠭᠠᠳᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠪᠠ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ 147 ᠵᠦᠢᠯ ᠤᠨ ᠡᠮ ᠤᠨ ᠵᠦᠢᠯ ᠢ ᠰᠣᠩᠭᠤᠵᠤ ᠲᠦᠷᠦᠭᠦᠤ ᠪᠦᠯᠦᠭ ᠤᠨ ᠲᠤᠷᠰᠢᠯᠲᠠ ᠪᠣᠯᠭᠠᠵᠤ᠂ ᠲᠣᠰ ᠲᠣᠰ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠥᠯᠥ ᠥᠭᠬᠦ᠂ ᠬᠡᠮᠵᠢᠶ᠎ᠡ ᠠᠪᠴᠤ ᠬᠤᠳᠠᠯᠳᠤᠨ ᠠᠪᠬᠤ᠂ ᠮᠥᠩᠭᠦ ᠲᠦᠯᠦᠬᠦ ᠪᠠᠷᠢᠮᠵᠢᠶ᠎ᠡ ᠶᠢ ᠲᠣᠭᠲᠠᠭᠠᠬᠤ᠂ ᠡᠮ ᠡᠮᠨᠡᠯᠭᠡ ᠶᠢᠨ ᠳᠠᠭᠠᠳᠬᠠᠯ ᠤᠨ ᠭᠤᠤᠯᠳᠠᠯᠭ᠎ᠠ ᠲᠠᠢ ᠬᠢᠨᠠᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠶᠢ ᠠᠪᠴᠤ ᠲᠥᠷᠥᠯ ᠬᠤᠪᠢᠶᠠᠨ ᠬᠠᠮᠢᠶᠠᠷᠤᠨ ᠡᠵᠡᠮᠳᠡᠵᠦ᠂ ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠥᠷᠥᠯ ᠬᠤᠪᠢᠶᠠᠨ ᠠᠬᠢᠭᠤᠯᠵᠤ᠂ ᠠᠯᠬᠤᠮ ᠬᠤᠪᠢᠶᠠᠨ ᠬᠡᠷᠡᠭᠵᠢᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠤᠨ ᠦᠨ᠎ᠡ ᠬᠠᠩᠰᠢ ᠶᠢ ᠢᠯᠡᠳᠲᠡ ᠪᠠᠭᠤᠷᠠᠭᠤᠯᠵᠤ᠂ ᠡᠪᠡᠳᠴᠢᠲᠡᠨ ᠤ ᠡᠮ ᠤᠨ ᠵᠠᠷᠤᠳᠠᠯ ᠤᠨ ᠳᠠᠷᠤᠭᠠᠰᠤ ᠶᠢ ᠢᠯᠡᠳᠲᠡ ᠬᠥᠩᠭᠡᠷᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠪᠠᠲᠤᠯᠠᠭ᠎ᠠ ᠶᠢᠨ ᠴᠢᠳᠠᠪᠤᠷᠢ ᠢᠯᠡᠳᠲᠡ ᠴᠢᠩᠭᠠᠷᠠᠵᠤ᠂ ᠥᠷᠭᠡᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢᠯᠡᠳᠲᠡ ᠳᠡᠭᠡᠭᠰᠢᠯᠡᠪᠡ᠃     ᠬᠤᠶᠠᠷ᠂ ᠪᠠᠷᠢᠮᠲᠠᠯᠠᠬᠤ ᠵᠠᠷᠴᠢᠮ    ᠨᠢᠭᠡ ᠳᠤ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠡᠮᠴᠢᠯᠡᠭᠡᠨ ᠳᠤ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ᠂ ᠡᠪᠡᠳᠴᠢᠲᠡᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠡᠮ ᠤᠨ ᠵᠦᠢᠯ ᠤᠨ ᠶᠠᠰᠤ ᠴᠢᠨᠠᠷ ᠵᠢᠴᠢ ᠬᠠᠩᠭᠠᠯᠭ᠎ᠠ ᠶᠢ ᠦᠨᠡᠨ ᠬᠦ ᠪᠠᠲᠤᠯᠠᠨ᠎ᠠ︔ ᠬᠤᠶᠠᠷ ᠲᠤ᠂ ᠡᠮ ᠡᠮᠨᠡᠯᠭᠡ ᠶᠢᠨ ᠥᠭᠡᠷᠡᠴᠢᠯᠡᠯᠲᠡ ᠶᠢ ᠪᠠᠷᠢᠮᠲᠠᠯᠠᠨ᠂ ᠡᠮ ᠡᠮᠨᠡᠯᠭᠡ ᠶᠢᠨ ᠳᠠᠭᠠᠳᠬᠠᠯ ᠤᠨ ᠲᠥᠷᠦ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠡᠮ ᠤᠨ ᠵᠦᠢᠯ ᠤᠨ ᠦᠨ᠎ᠡ ᠬᠠᠩᠰᠢ ᠶᠢᠨ ᠰᠢᠯᠢᠳᠡᠭᠵᠢᠭᠦᠯᠦᠯᠲᠡ ᠶᠢ ᠠᠬᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠎ᠠ︔ ᠭᠤᠷᠪᠠ ᠳᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠠᠯᠬᠤᠮ ᠬᠤᠪᠢᠶᠠᠨ ᠠᠬᠢᠭᠤᠯᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠡᠮᠬᠢ ᠵᠢᠷᠤᠮ ᠲᠠᠢ ᠪᠦᠲᠦᠮᠵᠢᠲᠡᠢ ᠠᠬᠢᠬᠤ ᠶᠢ ᠪᠠᠲᠤᠯᠠᠨ᠎ᠠ︔ ᠳᠥᠷᠪᠡ ᠳᠤ᠂ ᠵᠠᠬ᠎ᠠ ᠳᠡᠯᠭᠡᠭᠦᠷ ᠤᠨ ᠲᠣᠭᠲᠠᠴᠠ ᠪᠣᠯᠤᠨ ᠵᠠᠰᠠᠭ ᠤᠨ ᠣᠷᠳᠣᠨ ᠤ ᠦᠢᠯᠡᠳᠦᠯ ᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠲᠠᠪᠴᠠᠩ ᠪᠠᠶᠢᠭᠤᠯᠬᠤ᠂ ᠵᠣᠯᠭᠠᠭᠤᠯᠬᠤ ᠶᠢ ᠠᠬᠢᠭᠤᠯᠬᠤ᠂ ᠬᠠᠩᠭᠠᠯᠭ᠎ᠠ ᠶᠢ ᠪᠠᠲᠤᠯᠠᠬᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠦᠢᠯᠡᠳᠦᠯ ᠢ ᠪᠠᠳᠠᠷᠠᠭᠤᠯᠤᠨ᠎ᠠ᠃      ᠭᠤᠷᠪᠠ᠂ ᠭᠤᠤᠯ ᠠᠷᠭ᠎ᠠ ᠬᠡᠮᠵᠢᠶ᠎ᠡ     ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠪᠤᠳᠠᠲᠤ ᠪᠠᠶᠢᠳᠠᠯ ᠲᠠᠢ ᠤᠶᠠᠯᠳᠤᠭᠤᠯᠤᠨ᠂ ᠳᠣᠣᠷᠠᠬᠢ ᠵᠢᠷᠭᠤᠭᠠᠨ ᠲᠠᠯ᠎ᠠ ᠠᠴᠠ 147 ᠲᠥᠷᠥᠯ ᠤᠨ ᠡᠮ ᠤᠨ ᠵᠦᠢᠯ ᠢ ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠥᠷᠥᠯ ᠬᠤᠪᠢᠶᠠᠨ ᠠᠬᠢᠭᠤᠯᠤᠨ᠎ᠠ᠃    ︵ᠨᠢᠭᠡ︶ ᠤᠯᠤᠰ ᠠᠴᠠ ᠲᠣᠭᠲᠠᠭᠠᠭᠰᠠᠨ 20 ᠵᠦᠢᠯ ᠤᠨ ᠨᠢᠭᠡᠳᠦᠭᠡᠷ ᠪᠦᠯᠦᠭ ᠤᠨ ᠭᠤᠤᠯᠳᠠᠯᠭ᠎ᠠ ᠲᠠᠢ ᠬᠢᠨᠠᠨ ᠡᠵᠡᠮᠳᠡᠬᠦ ᠡᠮ ᠤᠨ ᠵᠦᠢᠯ ᠳᠤ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠳᠠᠬᠢᠵᠤ ᠥᠭᠬᠦ ᠦᠭᠡᠢ᠃ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ︽ᠤᠯᠤᠰ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ ᠡᠮᠨᠡᠯᠭᠡ ᠶᠢᠨ ᠳᠠᠭᠠᠳᠬᠠᠯ ᠲᠠᠷᠬᠠᠭᠠᠭᠰᠠᠨ ︹ 2019 ︺ 46 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠮᠴᠢᠯᠡᠭᠡᠨ ᠤ ᠬᠡᠷᠡᠭᠯᠡᠭᠡᠨ ᠤ ᠳᠤᠮᠳᠠ ᠵᠢᠭᠠᠯᠲᠠ ᠲᠡᠮᠳᠡᠭ ᠦᠭᠡᠢ᠂ ᠡᠮ ᠤᠨ ᠬᠡᠮᠵᠢᠶ᠎ᠡ ᠠᠴᠠ ᠳᠠᠪᠠᠭᠰᠠᠨ᠂ ᠬᠡᠪᠴᠢᠶᠡᠨ ᠠᠴᠠ ᠬᠡᠲᠦᠷᠡᠭᠦᠯᠦᠨ ᠬᠡᠷᠡᠭᠯᠡᠭᠰᠡᠨ ᠪᠠᠶᠢᠳᠠᠯ ᠨᠡᠶᠢᠳᠡᠮ ᠣᠷᠣᠰᠢᠵᠤ᠂ ᠲᠡᠷᠡ ᠮᠥᠷᠲᠡᠭᠡᠨ ᠬᠡᠷᠡᠭᠯᠡᠬᠦ ᠬᠡᠮᠵᠢᠶ᠎ᠡ ᠨᠢ ᠶᠡᠭᠡ᠂ ᠬᠤᠳᠠᠯᠳᠤᠨ ᠠᠪᠤᠭᠰᠠᠨ ᠵᠣᠭᠤᠰᠤᠨ  ᠲᠤᠭ᠎ᠠ ᠨᠢ ᠥᠨᠳᠥᠷ ᠤᠯᠤᠰ ᠤᠨ ᠨᠢᠭᠡᠳᠦᠭᠡᠷ ᠪᠦᠯᠦᠭ ᠤᠨ ᠭᠤᠤᠯᠳᠠᠯᠭ᠎ᠠ ᠲᠠᠢ ᠬᠢᠨᠠᠨ ᠡᠵᠡᠮᠳᠡᠵᠦ ᠪᠠᠶᠢᠭ᠎ᠠ 20 ᠵᠦᠢᠯ ᠤᠨ ᠲᠤᠰᠠᠯᠠᠬᠤ ᠲᠥᠷᠥᠯ ᠤᠨ ᠡᠮ ᠤᠨ ᠵᠦᠢᠯ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠳᠠᠬᠢᠵᠤ ᠥᠭᠬᠦ ᠦᠭᠡᠢ᠂ ᠬᠡᠷᠪᠡ ᠡᠪᠡᠳᠴᠢᠲᠡᠨ ᠤ ᠡᠪᠡᠳᠴᠢᠨ ᠤ ᠪᠠᠶᠢᠳᠠᠯ ᠢ ᠦᠨᠡᠬᠡᠷ ᠬᠡᠷᠡᠭᠯᠡᠬᠦ ᠴᠢᠬᠤᠯᠠ ᠲᠠᠢ ᠪᠣᠯ ᠡᠮᠴᠢᠯᠡᠭᠡᠨ ᠤ ᠪᠠᠶᠢᠭᠤᠯᠤᠮᠵᠢ ᠨᠢ ᠡᠪᠡᠳᠴᠢᠲᠡᠨ ᠲᠠᠢ ︽ᠪᠠᠶᠢᠳᠠᠯ ᠢ ᠮᠡᠳᠡᠬᠦ ᠵᠥᠪᠰᠢᠶᠡᠷᠡᠯ ᠤᠨ ᠪᠢᠴᠢᠭ︾ ᠲᠤᠭᠲᠠᠵᠤ ᠂ ᠵᠠᠷᠤᠳᠠᠯ ᠢ ᠨᠢ ᠡᠪᠡᠳᠴᠢᠲᠡᠨ ᠥᠪᠡᠷ ᠢᠶᠠᠨ ᠥᠭᠭᠦᠨ᠎ᠡ᠃    ︵ᠬᠤᠶᠠᠷ︶ 25 ᠵᠦᠢᠯ ᠤᠨ ᠤᠯᠤᠰ ᠤᠨ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠪᠠ ᠬᠡᠷᠡᠭᠯᠡᠬᠦ ᠲᠤᠷᠰᠢᠯᠲᠠ ᠳᠤ ᠡᠮ ᠤᠨ ᠵᠦᠢᠯ ᠢ ᠰᠣᠩᠭᠤᠵᠤ᠂ ᠬᠡᠮᠵᠢᠶ᠎ᠡ ᠲᠠᠢ ᠬᠤᠳᠠᠯᠳᠤᠨ ᠠᠪᠬᠤ᠂ ᠬᠡᠮᠵᠢᠶ᠎ᠡ ᠪᠠᠷ ᠦᠨ᠎ᠡ ᠰᠣᠯᠢᠬᠤ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠵᠡᠷᠭᠡ ᠨᠠᠢᠮᠠᠨ ᠰᠠᠯᠠᠭ᠎ᠠ ᠮᠥᠴᠢᠷ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯᠡᠰ ᠢ ᠲᠥᠪᠯᠡᠷᠡᠭᠦᠯᠦᠨ ᠬᠤᠳᠠᠯᠳᠤᠨ ᠠᠪᠬᠤ ᠪᠠ ᠬᠡᠷᠡᠭᠯᠡᠬᠦ ᠶᠢ ᠤᠯᠤᠰ ᠠᠴᠠ ᠵᠣᠬᠢᠶᠠᠨ ᠪᠠᠶᠢᠭᠤᠯᠬᠤ ᠲᠤᠷᠰᠢᠯᠲᠠ ᠶᠢᠨ ᠴᠢᠭ᠋ ᠢ ᠥᠷᠭᠡᠳᠬᠡᠬᠦ ᠠᠵᠢᠯ ᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠡᠮᠴᠢᠯᠡᠭᠡᠨ ᠤ ᠳᠠᠭᠠᠳᠬᠠᠯ ᠲᠠᠷᠬᠠᠭᠠᠭᠰᠠᠨ ︹ 2019 ︺ 12 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠦᠬᠦ ᠬᠤᠲᠠ ᠶᠢᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠪᠦᠬᠦᠨ ᠢᠶᠠᠷ ᠢᠶᠠᠨ ᠲᠤᠷᠰᠢᠯᠲᠠ ᠶᠢᠨ ᠴᠢᠭ ᠤᠨ ᠬᠦᠷᠢᠶ᠎ᠡ ᠬᠡᠪᠴᠢᠶ᠎ᠡ ᠶᠢ ᠥᠷᠭᠡᠳᠬᠡᠬᠦ ᠠᠵᠢᠯ ᠳᠤ ᠣᠷᠣᠯᠴᠠᠵᠤ᠂ ᠰᠣᠩᠭᠤᠭᠳᠠᠭᠰᠠᠨ ᠡᠮ ᠤᠨ ᠵᠦᠢᠯᠡᠰ ᠢ ᠲᠦᠪᠯᠡᠷᠡᠭᠦᠯᠦᠨ ᠬᠤᠳᠠᠯᠳᠤᠨ ᠠᠪᠬᠤ ᠦᠨ᠎ᠡ ᠬᠠᠩᠰᠢ ᠶᠢ ᠴᠢᠩᠭ᠎ᠠ ᠬᠡᠷᠡᠭᠵᠢᠭᠦᠯᠦᠨ᠎ᠡ᠃ ᠬᠤᠳᠠᠯᠳᠤᠨ ᠠᠪᠬᠤ ᠳᠤᠮᠳᠠ ᠰᠣᠩᠭᠤᠭᠰᠠᠨ ᠡᠮ ᠤᠨ ᠵᠦᠢᠯ ᠨᠢ ᠡᠮ ᠤᠨ ᠵᠦᠢᠯ ᠳᠤ ᠬᠤᠯᠪᠣᠭᠳᠠᠬᠤ ︽ᠳᠥᠷᠪᠡᠨ ᠲᠠᠯ᠎ᠠ︾ ᠶᠢᠨ ᠳ᠋ᠦᠩᠨᠡᠨ ᠪᠣᠳᠣᠬᠤ ᠬᠡᠯᠡᠯᠴᠡᠭᠡᠷ ᠲᠣᠭᠲᠠᠵᠤ᠂ ᠥᠪᠡᠷᠲᠡᠭᠡᠨ ᠵᠠᠰᠠᠬᠤ ᠣᠷᠣᠨ ᠤ ᠡᠮ ᠤᠨ ᠮᠠᠲ᠋ᠧᠷᠢᠶᠠᠯ ᠴᠤᠭᠯᠠᠭᠤᠯᠬᠤ ᠲᠥᠪ ᠲᠤ ᠨᠠᠶᠢᠳᠠᠵᠤ ᠣᠷᠣᠯᠠᠨ ᠳ᠋ᠦᠩᠨᠡᠨ ᠪᠣᠳᠤᠵᠤ᠂ ᠳᠤᠮᠳᠠ ᠠᠴᠠ ᠨᠢ ᠰᠣᠩᠭᠤᠭᠰᠠᠨ ᠡᠮ ᠤᠨ ᠵᠦᠢᠯ ᠤᠨ ᠠᠷᠠᠯᠵᠢᠶ᠎ᠠ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠬᠡᠮᠵᠢᠶ᠎ᠡ ᠪᠠᠷ ᠦᠨ᠎ᠡ ᠰᠣᠯᠢᠬᠤ ᠶᠢ ᠪᠡᠶᠡᠯᠡᠭᠦᠯᠦᠨ᠎ᠡ᠃ 25 ᠵᠦᠢᠯ ᠤᠨ ᠡᠮ ᠤᠨ ᠵᠦᠢᠯ ᠳᠤᠮᠳᠠ ᠠᠴᠠ ᠰᠣᠩᠭᠤᠭᠰᠠᠨ ᠡᠮ ᠤᠨ ᠵᠦᠢᠯ ᠢ ᠪᠦᠬᠦᠨ ᠢ ᠴᠤᠭᠯᠠᠭᠤᠯᠬᠤ ᠶᠢ ᠪᠠᠲᠤᠯᠠᠬᠤ ᠶᠢᠨ ᠲᠥᠯᠥᠭᠡ᠂ ᠲᠡᠷᠡ ᠮᠥᠷᠲᠡᠭᠡᠨ ᠬᠤᠳᠠᠯᠳᠤᠨ ᠠᠪᠤᠭᠰᠠᠨ ᠬᠡᠮᠵᠢᠶ᠎ᠡ ᠨᠢ ᠥᠪᠡᠷᠲᠡᠭᠡᠨ ᠵᠠᠰᠠᠬᠤ ᠣᠷᠣᠨ ᠤ ᠱᠠᠭᠠᠷᠳᠠᠭᠰᠠᠨ 60%-70% ᠠᠴᠠ ᠳᠡᠭᠡᠭᠰᠢ ᠳᠤ ᠬᠦᠷᠦᠭᠰᠡᠨ ᠪᠠᠶᠢᠪᠠᠯ᠂ ᠰᠣᠩᠭᠤᠭᠳᠠᠭᠰᠠᠨ ᠡᠮ ᠤᠨ ᠵᠦᠢᠯᠡᠰ ᠢ ᠬᠡᠷᠡᠭᠯᠡᠭᠰᠡᠨ ᠪᠠᠶᠢᠳᠠᠯ ᠢ ᠡᠮ ᠡᠮᠨᠡᠯᠭᠡ ᠶᠢᠨ ᠪᠠᠶᠢᠭᠤᠯᠤᠮᠵᠢ ᠶᠢᠨ ᠵᠦᠶ ᠵᠣᠬᠢᠰᠲᠠᠶ ᠡᠮ ᠬᠡᠷᠡᠭᠯᠡᠬᠦ ᠭᠤᠤᠯᠳᠠᠯᠭ᠎ᠠ ᠲᠠᠢ ᠬᠢᠨᠠᠨ ᠰᠢᠯᠭᠠᠬᠤ ᠬᠡᠪᠴᠢᠶᠡᠨ ᠳᠤ ᠣᠷᠤᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠯᠡᠯᠲᠡ ᠳᠤᠮᠳᠠ ᠡᠮ ᠤᠨ ᠵᠦᠢᠯ ᠢ ᠰᠤᠩᠭᠤᠵᠤ ᠪᠠᠭᠤᠷᠠᠭᠤᠯᠤᠭᠰᠠᠨ ᠡᠮ ᠤᠨ ᠵᠦᠢᠯ ᠤᠨ ᠵᠠᠷᠤᠳᠠᠯ ᠤᠨ ᠪᠡᠯᠡ ᠮᠥᠩᠭᠦ ᠶᠢ ᠪᠣᠯ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠠᠴᠠ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠶ ᠲᠤᠭ᠎ᠠ ᠶᠢ ᠥᠭᠬᠦ ᠦᠶᠡᠰ ᠬᠢᠨᠠᠨ ᠬᠠᠰᠤᠬᠤ ᠦᠭᠡᠢ᠃ ᠡᠮ ᠡᠮᠨᠡᠯᠭᠡ ᠶᠢᠨ ᠳᠠᠭᠠᠳᠬᠠᠯ ᠤᠨ ᠭᠠᠷᠴᠠᠭ ᠤᠨ ᠬᠡᠪᠴᠢᠶᠡᠨ ᠳᠣᠲᠣᠷᠠᠬᠢ ᠰᠣᠩᠭᠤᠭᠳᠠᠭᠰᠠᠨ ᠡᠮ ᠤᠨ ᠵᠦᠢᠯ᠂ ᠲᠥᠪᠯᠡᠷᠡᠭᠦᠯᠦᠨ ᠬᠤᠳᠠᠯᠳᠤᠨ ᠠᠪᠬᠤ ᠦᠨ᠎ᠡ ᠪᠠᠷ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠋ᠶ᠎ᠡ ᠪᠣᠯᠭᠠᠵᠤ᠂ ᠵᠠᠷᠴᠢᠮ ᠳᠡᠭᠡᠷ᠎ᠡ ᠪᠠᠨ ᠠᠳᠠᠯᠢ ᠨᠢᠭᠡᠨ ᠨᠡᠶᠢᠳᠡᠮ ᠬᠡᠷᠡᠭᠯᠡᠬᠦ ᠨᠡᠷ᠎ᠡ ᠳᠣᠣᠷᠠᠬᠢ ᠡᠮ ᠤᠨ ᠵᠦᠢᠯ ᠳᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠠᠳᠠᠯᠢᠬᠠᠨ ᠥᠭᠬᠦ ᠪᠠᠷᠢᠮᠵᠢᠶ᠎ᠠ ᠶᠣᠰᠣᠭᠠᠷ ᠳ᠋ᠦᠩᠨᠡᠨ ᠪᠣᠳᠤᠵᠤ᠂ ᠡᠪᠡᠳᠴᠢᠲᠡᠨ ᠲᠥᠯᠥᠬᠦ ᠪᠠᠷᠢᠮᠵᠢᠶ᠎ᠠ ᠠᠴᠠ ᠥᠨᠳᠥᠷ ᠡᠮ ᠤᠨ ᠵᠦᠢᠯ ᠢ ᠬᠡᠷᠡᠭᠯᠡᠵᠦ᠂ ᠲᠥᠯᠥᠬᠦ ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠢ ᠡᠪᠡᠳᠴᠢᠲᠡᠨ ᠥᠪᠡᠷᠲᠡᠭᠡᠨ ᠲᠥᠯᠥᠨ᠎ᠡ᠃ ᠡᠪᠡᠳᠴᠢᠲᠡᠨ ᠥᠭᠬᠦ ᠪᠠᠷᠢᠮᠵᠢᠶ᠎ᠠ ᠠᠴᠠ ᠳᠣᠤᠷ᠎ᠠ ᠡᠮ ᠤᠨ ᠵᠦᠢᠯ ᠢ ᠬᠡᠷᠡᠭᠯᠡᠪᠡᠯ ᠪᠣᠳᠠᠲᠠᠶ ᠦᠨ᠎ᠡ ᠬᠠᠩᠰᠢ ᠪᠠᠷ ᠨᠢ ᠥᠭᠭᠦᠨ᠎ᠡ᠃ ᠲᠤᠭ᠎ᠠ ᠬᠡᠮᠵᠢᠶ᠎ᠡ ᠪᠠᠷ ᠦᠨ᠎ᠡ ᠰᠣᠯᠢᠬᠤ ᠪᠠᠷ ᠳᠠᠮᠵᠢᠭᠤᠯᠤᠨ᠂ ᠡᠮ ᠤᠨ ᠵᠦᠢᠯ ᠤᠨ ᠦᠨ᠎ᠡ ᠬᠠᠮᠤᠭ ᠤᠨ ᠥᠨᠳᠥᠷ ᠲᠡᠭᠡᠨ 90%᠂ ᠬᠠᠮᠤᠭ ᠳᠣᠤᠷ᠎ᠠ ᠳᠠᠭᠠᠨ 52% ᠢᠶᠠᠷ ᠪᠠᠭᠤᠷᠠᠵᠤ᠂ ᠳᠤᠮᠳᠠᠴᠢ ᠪᠠᠷ 65% ᠪᠠᠷ ᠪᠠᠭᠤᠷᠠᠵᠠᠶ᠃ ᠶᠠᠰᠤ ᠴᠢᠨᠠᠷ ᠪᠠ ᠬᠠᠩᠭᠠᠯᠭ᠎ᠠ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠡᠮᠴᠢᠯᠡᠭᠡᠨ ᠤ ᠪᠠᠶᠢᠭᠤᠯᠤᠮᠵᠢ ᠪᠣᠯᠤᠨ ᠡᠪᠡᠳᠴᠢᠲᠡᠨ ᠤ ᠡᠮ ᠤᠨ ᠵᠦᠢᠯ ᠢ ᠣᠶᠤᠨᠴᠢ ᠪᠠᠷ ᠰᠢᠯᠢᠨ ᠰᠣᠩᠭᠤᠬᠤ ᠶᠢ ᠬᠥᠲᠥᠯᠥᠨ ᠵᠢᠯᠣᠭᠤᠳᠴᠤ᠂ ᠡᠪᠡᠳᠴᠢᠲᠡᠨ ᠤ ᠡᠮ ᠤᠨ ᠰᠦᠢᠳᠬᠡᠯ ᠤᠨ ᠳᠠᠷᠤᠭᠠᠰᠤ ᠶᠢ ᠦᠨᠡᠨ ᠬᠦ ᠬᠦᠩᠭᠡᠷᠡᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠵᠦᠶ ᠵᠣᠬᠢᠰᠲᠠᠶ ᠪᠠᠷ ᠡᠮ ᠬᠡᠷᠡᠭᠯᠡᠬᠦ ᠶᠢ ᠠᠬᠢᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃    ︵ᠭᠤᠷᠪᠠ︶ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢᠨ ᠲᠤᠷᠰᠢᠯᠲᠠ ᠥᠷᠨᠢᠭᠦᠯᠦᠭᠰᠡᠨ 3 ᠵᠦᠢᠯ ᠤᠨ ᠡᠮ ‍ᠤ᠊ ᠵᠦᠢᠯᠡᠰ ᠲᠤ ᠬᠡᠷᠡᠭᠵᠢᠭᠦᠯᠬᠦ ᠡᠷᠴᠢᠮ ᠢ ᠦᠷᠭᠦᠯᠵᠢᠯᠡᠨ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶᠠᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠲᠣᠭᠠᠴᠠᠭ᠎ᠠ ᠬᠢᠬᠦ ᠪᠠᠷᠢᠮᠵᠢᠶ ᠎ᠠ ᠶᠢᠨ ᠲᠤᠷᠰᠢᠯᠲᠠ ᠶᠢᠨ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠡᠮᠴᠢᠯᠡᠭᠡᠨ ᠤ ᠳᠠᠭᠠᠳᠬᠠᠯ ᠠᠯᠪᠠᠨ ᠲᠠᠷᠬᠠᠭᠠᠭᠰᠠᠨ ︹ 2019 ︺ 37 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠾᠯᠣᠷᠲᠤ ᠨᠠᠲᠷᠢ᠂ ᠦᠵᠦᠮ ᠤᠨ ᠰᠢᠬᠢᠷ᠂  ᠲᠧᠦ ᠪᠣᠣ ᠽᠦᠸᠧ ᠯᠢᠨ ᠨᠠ ᠶᠢᠨ ᠲᠠᠷᠢᠯᠭ᠎ᠠ ᠶᠢᠨ ᠡᠮ ᠵᠡᠷᠭᠡ 3 ᠵᠦᠢᠯ ᠤᠨ 8 ᠳᠦᠷᠢᠮ ᠭᠤᠷᠢᠮ ᠲᠠᠢ ᠡᠮ ᠥᠭᠬᠦ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠡᠮ ᠤᠨ ᠵᠦᠶ᠋ᠯ ᠤᠨ ᠦᠨ᠎ᠡ ᠬᠠᠩᠰᠢ ᠶᠢ ᠵᠦᠶ ᠵᠣᠬᠢᠰᠲᠠᠶ ᠪᠤᠴᠠᠭᠠᠬᠤ ᠶᠢ ᠬᠥᠲᠥᠯᠥᠨ ᠵᠢᠯᠣᠭᠤᠳᠴᠤ᠂ ᠣᠯᠠᠨ ᠲᠦᠮᠡᠨ ᠤ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠦᠨᠡᠨᠬᠦ ᠬᠦᠩᠭᠡᠷᠡᠭᠦᠯᠦᠨ᠎ᠡ᠃ ᠨᠡᠶᠢᠳᠡᠮ ᠬᠡᠷᠡᠭᠯᠡᠬᠦ ᠨᠡᠷ᠎ᠡ᠂ ᠬᠡᠪ ᠪᠠᠷᠢᠮᠵᠢᠶ᠎ᠠ᠂ ᠨᠠᠶᠢᠷᠠᠯᠭ᠎ᠠ ᠶᠢᠨ ᠬᠡᠯᠪᠡᠷᠢ ᠲᠠᠢ ᠡᠮ ᠤᠨ  ᠵᠦᠢᠯ ᠳᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠠᠳᠠᠯᠢᠬᠠᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠪᠠᠷ ᠳ᠋ᠦᠩᠨᠡᠨ ᠪᠣᠳᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠯᠡᠬᠦ ᠦᠨ᠎ᠡ ᠬᠠᠩᠰᠢ ᠨᠢ ᠥᠭᠬᠦ ᠪᠠᠷᠢᠮᠵᠢᠶ᠎ᠠ ᠠᠴᠠ ᠳᠣᠤᠷ᠎ᠠ ᠪᠠᠶᠢᠬᠤ ᠡᠮ ᠤᠨ ᠵᠦᠢᠯ ᠢ ᠡᠪᠡᠳᠴᠢᠲᠡᠨ ᠡᠮ ᠤᠨ ᠵᠦᠢᠯ ᠤᠨ ᠪᠣᠳᠠᠲᠠᠶ ᠦᠨ᠎ᠡ ᠬᠠᠩᠰᠢ ᠪᠠᠷ ᠥᠭᠭᠦᠨ᠎ᠡ︔ ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠯᠡᠬᠦ ᠦᠨ᠎ᠡ ᠬᠠᠩᠰᠢ ᠨᠢ ᠲᠥᠯᠥᠬᠦ ᠪᠠᠷᠢᠮᠵᠢᠶ᠎ᠠ ᠠᠴᠠ ᠥᠨᠳᠥᠷ ᠡᠮ ᠤᠨ ᠵᠦᠢᠯ᠂ ᠡᠪᠡᠳᠴᠢᠲᠡᠨ ᠡᠮ ᠡᠮᠨᠡᠯᠭᠡ ᠶᠢᠨ ᠳᠠᠭᠠᠳᠬᠠᠯ ᠤᠨ ᠥᠭᠬᠦ ᠪᠠᠷᠢᠮᠵᠢᠶ᠎ᠠ ᠶᠣᠰᠣᠭᠠᠷ ᠥᠭᠴᠦ᠂ ᠥᠭᠬᠦ ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠢ ᠡᠮ ᠡᠮᠨᠡᠯᠭᠡ ᠶᠢᠨ ᠪᠠᠶᠢᠭᠤᠯᠤᠮᠵᠢ ᠥᠪᠡᠷ ᠢᠶᠠᠨ ᠥᠭᠭᠦᠨ᠎ᠡ᠃    ︵ᠳᠥᠷᠪᠡ︶ 3 ᠲᠥᠷᠥᠯ ᠤᠨ 7 ᠵᠦᠢᠯ ᠤᠨ ᠳᠦᠷᠢᠮ ᠤᠨ ᠡᠮ ᠤᠨ ᠵᠦᠢᠯ ᠳᠤ ᠮᠠᠨ ᠤ ᠬᠤᠲᠠ ᠶᠢᠨ ᠲᠣᠭᠠᠴᠠᠭ᠎ᠠ ᠬᠢᠬᠦ ᠪᠠᠷᠢᠮᠵᠢᠶ᠎ᠡ ᠶᠢᠨ ᠲᠤᠷᠰᠢᠯᠲᠠ ᠶᠢᠨ ᠠᠵᠢᠯ ᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶᠠᠨ ᠤ ᠡᠮ ᠤᠨ ᠵᠦᠢᠯ ᠳᠤ ᠲᠣᠭᠠᠴᠠᠭ᠎ᠠ ᠥᠭᠬᠦ ᠪᠠᠷᠢᠮᠵᠢᠶ᠎ᠠ ᠶᠢ ᠲᠣᠭᠲᠠᠭᠠᠬᠤ ᠵᠢᠴᠢ ᠬᠡᠷᠡᠭᠵᠢᠭᠦᠯᠬᠦ ᠠᠷᠭ᠎ᠠ ᠪᠠᠷ ᠯᠠᠪᠯᠠᠯᠲᠠ ᠪᠣᠯᠭᠠᠵᠤ᠂ ᠣᠯᠠᠨ ᠬᠡᠮᠵᠢᠯᠳᠦ ᠵᠠᠳᠠᠯᠤᠯᠲᠠ ᠦᠨᠡᠯᠡᠯᠲᠡ ᠪᠠᠷ ᠳᠠᠮᠵᠢᠨ᠂ ᠣᠣ ᠮᠧᠢ ᠯᠠ ᠽᠦᠸᠧ᠂ ᠫᠠᠨ ᠲᠦᠸᠧ ᠯᠠ ᠽᠦᠸᠧ᠂ ᠯᠠᠨ ᠰᠥᠸᠧ ᠯᠠ ᠽᠦᠸᠧ 3 ᠵᠦᠢᠯ ᠤᠨ7 ᠲᠥᠷᠦᠯ ᠤᠨ ᠳᠦᠷᠢᠮᠵᠢᠯ ᠤᠨ ᠡᠮ ᠤᠨ ᠵᠦᠢᠯ ᠤᠨ ᠡᠮᠴᠢᠯᠡᠭᠡᠨ ᠤ ᠬᠡᠷᠡᠭᠯᠡᠭᠡᠨ ᠤ ᠬᠡᠮᠵᠢᠶ᠎ᠡ ᠶᠡᠭᠡ᠂ ᠳᠠᠭᠠᠭᠠᠴᠢᠯᠠᠯᠲᠠ ᠣᠯᠤᠭᠰᠠᠨ ᠦᠢᠯᠡᠳᠪᠤᠷᠢ ᠣᠯᠠᠨ᠂ ᠬᠤᠳᠠᠯᠳᠤᠨ ᠠᠪᠤᠭᠰᠠᠨ ᠵᠣᠭᠤᠰ ᠤᠨ ᠲᠤᠭ᠎ᠠ ᠶᠡᠭᠡ᠂ ᠦᠨ᠎ᠡ ᠶᠢᠨ ᠵᠥᠷᠢᠶ᠎ᠡ ᠶᠡᠭᠡ ᠡᠮ ᠤᠨ ᠵᠦᠢᠯ ᠢ ᠰᠣᠩᠭᠤᠨ ᠬᠡᠷᠡᠭᠯᠡᠵᠦ᠂ ᠮᠠᠨ ᠤ ᠬᠤᠲᠠ ᠶᠢᠨ ᠨᠢᠭᠡᠳᠦᠭᠡᠷ ᠪᠦᠯᠦᠭ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢ ᠲᠣᠭᠲᠠᠭᠠᠭᠰᠠᠨ ᠲᠤᠷᠰᠢᠯᠲᠠ ᠶᠢᠨ ᠲᠥᠷᠥᠯ ᠵᠦᠢᠯ ᠪᠣᠯᠤᠭᠰᠠᠨ ᠤ ᠬᠤᠪᠢ ᠳᠤ᠂ ᠲᠤᠷᠰᠢᠯᠲᠠ ᠶᠢᠨ ᠠᠵᠢᠯ ᠢ ᠥᠷᠨᠢᠭᠦᠯᠬᠦ ᠶᠢᠨ ᠬᠠᠮᠲᠤ ᠲᠤᠷᠰᠢᠯᠲᠠ ᠶᠢᠨ ᠬᠡᠪᠴᠢᠶ᠎ᠡ ᠶᠢ ᠠᠯᠬᠤᠮ ᠠᠯᠬᠤᠮ ᠢᠶᠠᠷ ᠦᠷᠭᠡᠳᠬᠡᠨ᠎ᠡ᠃ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠵᠢᠴᠢ ᠡᠪᠡᠳᠴᠢᠲᠡᠨ ᠢ ᠬᠤᠪᠢᠶᠠᠨ ᠡᠭᠦᠷᠭᠡᠯᠡᠬᠦ ᠠᠷᠭ᠎ᠠ ᠮᠠᠶ᠋ᠢᠭ ᠨᠢ ᠳᠡᠭᠡᠷᠡᠬᠢ ᠲᠠᠢ ᠠᠳᠠᠯᠢ᠃ ︵ᠨᠡᠶᠢᠳᠡᠮ ᠬᠡᠷᠡᠭᠯᠡᠬᠦ ᠨᠡᠷ᠎ᠡ᠂ ᠬᠡᠪ ᠪᠠᠷᠢᠮᠵᠢᠶ᠎ᠠ᠂ ᠡᠮ ᠤᠨ ᠬᠡᠯᠪᠡᠷᠢ ᠪᠥᠬᠦᠶ ᠡᠮ ᠤᠨ ᠵᠦᠢᠯ ᠳᠤ᠂ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠠᠳᠠᠯᠢ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠎ᠡ ᠶᠣᠰᠣᠭᠠᠷ ᠳ᠋ᠦᠩᠨᠡᠨ ᠪᠤᠳᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠯᠡᠬᠦ ᠦᠨ᠎ᠡ ᠬᠠᠩᠰᠢ ᠨᠢ ᠥᠭᠬᠦ ᠪᠠᠷᠢᠮᠵᠢᠶ᠎ᠠ ᠠᠴᠠ ᠳᠣᠤᠷ᠎ᠠ ᠪᠠᠶᠢᠬᠤ ᠡᠮ ᠤᠨ ᠵᠦᠢᠯ ᠢ ᠡᠪᠡᠳᠴᠢᠲᠡᠨ ᠡᠮ ᠤᠨ ᠵᠦᠢᠯ ᠤᠨ ᠪᠣᠳᠠᠲᠠᠶ ᠦᠨ᠎ᠡ ᠬᠠᠩᠰᠢ ᠪᠠᠷ ᠥᠭᠭᠦᠨ᠎ᠡ︔ ᠬᠡᠷᠡᠭᠯᠡᠬᠦ ᠦᠨ᠎ᠡ ᠬᠠᠩᠰᠢ ᠨᠢ ᠲᠥᠯᠥᠬᠦ ᠪᠠᠷᠢᠮᠵᠢᠶ᠎ᠠ ᠠᠴᠠ ᠥᠨᠳᠥᠷ ᠡᠮ ᠤᠨ ᠵᠦᠢᠯ᠂ ᠡᠪᠡᠳᠴᠢᠲᠡᠨ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠣᠰᠣᠭᠠᠷ ᠥᠭᠴᠦ᠂ ᠲᠣᠭᠠᠴᠠᠭ᠎ᠠ ᠬᠢᠬᠦ ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠢ ᠡᠮᠴᠢᠯᠡᠭᠡᠨ ᠤ ᠪᠠᠶᠢᠭᠤᠯᠤᠮᠵᠢ ᠥᠪᠡᠷ ᠢᠶᠠᠨ ᠥᠭᠭᠦᠨ᠎ᠡ︶    ︵ᠲᠠᠪᠤ︶ ᠥᠪᠡᠷᠲᠡᠭᠡᠨ ᠵᠠᠰᠠᠬᠤ ᠣᠷᠣᠨ ᠤ 69 ᠵᠦᠢᠯ ᠤᠨ ︽ᠬᠤᠶᠠᠷ ᠡᠪᠡᠳᠴᠢᠨ︾ ᠤ ᠡᠭᠦᠳᠡᠨ ᠡᠮᠨᠡᠯᠭᠡ ᠶᠢᠨ ᠡᠮ ᠬᠡᠷᠡᠭᠯᠡᠬᠦ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠲᠡᠷᠡᠴᠢᠯᠡᠨ ᠬᠥᠳᠡᠯᠦᠩᠭᠦᠢ ᠳᠤᠬᠢᠷᠠᠭᠤᠯᠤᠯᠳᠠ ᠶᠢ ᠬᠡᠷᠡᠭᠵᠢᠭᠦᠯᠪᠡ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠴᠢᠰᠤᠨ ᠳᠠᠷᠤᠯᠲᠠ ᠥᠨᠳᠥᠷ ᠡᠪᠡᠳᠴᠢᠨ ᠪᠠ ᠰᠢᠬᠢᠷ ᠰᠢᠵᠢᠩ ᠡᠪᠡᠳᠴᠢᠨ ᠤ ᠡᠮ ᠡᠮᠨᠡᠯᠭᠡ ᠶᠢᠨ ᠰᠦᠢᠳᠬᠡᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠲᠤᠬᠠᠶ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ︽ᠳᠥᠷᠪᠡᠨ ᠡᠩ ᠲᠡᠷᠢᠭᠦᠨ ᠳᠤ ᠲᠠᠯᠪᠢᠬᠤ︾ ᠵᠠᠷᠴᠢᠮ ᠶᠣᠰᠣᠭᠠᠷ᠂ 69 ᠵᠦᠢᠯ ᠤᠨ ︽ᠬᠤᠶᠠᠷ ᠡᠪᠡᠳᠴᠢᠨ︾ ᠤ ᠡᠪᠡᠳᠴᠢᠲᠡᠨ ᠤ ᠡᠭᠦᠳᠡᠨ ᠡᠮᠨᠡᠯᠭᠡ ᠳᠤ ᠬᠡᠷᠡᠭᠯᠡᠬᠦ ᠡᠮ ᠢ ᠰᠣᠩᠭᠤᠨ ᠲᠤᠭᠲᠠᠭᠠᠭᠰᠠᠨ ᠪᠥᠭᠡᠳ ᠪᠣᠳᠠᠲᠠᠶ ᠳᠥᠯᠥᠬᠦ ᠪᠠᠷᠢᠮᠵᠢᠶ᠎ᠠ ᠶᠢ ᠲᠣᠭᠲᠠᠭᠠᠭᠰᠠᠨ ᠪᠠᠶᠢᠨ᠎ᠠ᠃ ᠡᠪᠡᠳᠴᠢᠲᠡᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ ︽ᠬᠤᠶᠠᠷ ᠡᠪᠡᠳᠴᠢᠨ︾ ᠤ ᠡᠭᠦᠳᠡᠨ ᠡᠮᠨᠡᠯᠭᠡ ᠳᠤ ᠬᠡᠷᠡᠭᠯᠡᠬᠦ ᠡᠮ ᠳᠤ ᠡᠬᠢᠯᠡᠵᠦ ᠲᠥᠯᠥᠬᠦ ᠱᠤᠭᠤᠮ ᠭᠠᠷᠭᠠᠬᠤ ᠦᠭᠡᠢ᠂ ᠥᠭᠬᠦ ᠪᠠᠷᠢᠮᠵᠢᠶ᠎ᠠ ᠶᠢᠨ 50% ᠪᠠᠷ ᠳᠠᠩᠰᠠ ᠲᠠᠶᠢᠯᠵᠤ᠂ ᠵᠢᠯ ᠤᠨ ᠬᠠᠮᠤᠭ ᠥᠨᠳᠥᠷ ᠲᠣᠭᠠᠴᠠᠭ᠎ᠠ ᠬᠢᠬᠦ ᠬᠢᠵᠠᠭᠠᠷ ᠲᠤᠭ᠎ᠠ᠄ ᠴᠢᠰᠤᠨ ᠳᠠᠷᠤᠯᠲᠠ ᠥᠨᠳᠥᠷ 300 ᠲᠥᠭᠦᠷᠢᠭ᠂ ᠰᠢᠬᠢᠷ ᠰᠢᠵᠢᠩ ᠡᠪᠡᠳᠴᠢᠨ 600 ᠲᠥᠭᠦᠷᠢᠭ᠂ ︽ᠬᠤᠶᠠᠷ ᠡᠪᠡᠳᠴᠢᠨ︾ ᠳᠠᠪᠬᠤᠴᠠᠭᠰᠠᠨ 600 ᠲᠥᠭᠦᠷᠢᠭ᠃ ᠲᠥᠯᠥᠬᠦ ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠢ ᠡᠪᠡᠳᠴᠢᠲᠡᠨ ᠥᠪᠡᠷᠲᠡᠭᠡᠨ ᠥᠭᠭᠦᠨ᠎ᠡ᠃ ᠪᠦᠬᠦ ᠬᠤᠲᠠ ᠶᠢᠨ ᠡᠮᠲᠦ ᠪᠣᠳᠠᠰ ᠢᠶᠠᠷ ᠡᠮᠨᠡᠨ ᠵᠠᠰᠠᠭᠰᠠᠨ ︽ᠬᠤᠶᠠᠷ ᠡᠪᠡᠳᠴᠢᠨ︾ ᠤ ᠡᠪᠡᠳᠴᠢᠲᠡᠨ ᠢ ᠡᠮ ᠡᠮᠨᠡᠯᠭᠡ ᠶᠢᠨ ᠪᠠᠲᠤᠯᠠᠭ᠎ᠠ ᠳᠤ ᠣᠷᠣᠭᠤᠯᠤᠭᠰᠠᠨ ᠤ ᠳᠠᠷᠠᠭ᠎ᠠ᠂ ᠡᠪᠡᠳᠴᠢᠲᠡᠨ ᠤ ︽ᠬᠤᠶᠠᠷ ᠡᠪᠡᠳᠴᠢᠨ︾ ᠤ ᠡᠮ ᠤᠨ ᠵᠠᠷᠤᠳᠠᠯ ᠤᠨ ᠳᠠᠷᠤᠭᠠᠰᠤ ᠶᠢ 50% ᠪᠠᠷ ᠬᠥᠩᠭᠡᠷᠡᠭᠦᠯᠦᠨ᠎ᠡ    ︵ᠵᠢᠷᠭᠤᠭ᠎ᠠ︶ 27 ᠵᠦᠢᠯ ᠤᠨ ᠡᠮ ᠤᠨ ᠵᠦᠢᠯ ᠢ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠭᠤᠤᠯᠳᠠᠯᠭ᠎ᠠ ᠲᠠᠢ ᠬᠢᠨᠠᠨ ᠡᠵᠡᠮᠳᠡᠬᠦ ᠡᠮ ᠤᠨ ᠵᠦᠢᠯ ᠤᠨ ᠭᠠᠷᠴᠠᠭ ᠲᠤ ᠣᠷᠣᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠵᠣᠬᠢᠰᠲᠠᠢ ᠡᠮ ᠬᠡᠷᠡᠭᠯᠡᠬᠦ ᠶᠢ ᠠᠬᠢᠭᠤᠯᠬᠤ ᠶᠢᠨ ᠲᠥᠯᠥᠭᠡ᠂ ᠮᠠᠨ ᠤ ᠬᠤᠲᠠ ᠶᠢᠨ ᠠᠩᠬᠠᠨ ᠤ ᠪᠦᠯᠦᠭ ᠡᠮ ᠡᠮᠨᠡᠯᠭᠡ ᠶᠢᠨ ᠳᠠᠭᠠᠳᠬᠠᠯ ᠤᠨ ᠭᠤᠣᠯᠳᠠᠯᠭ᠎ᠠ ᠲᠠᠢ ᠬᠢᠨᠠᠨ ᠡᠵᠡᠮᠳᠡᠬᠦ ᠡᠮ ᠤᠨ ᠵᠦᠢᠯ ᠤᠨ ᠭᠠᠷᠴᠠᠭ ᠢ ᠪᠠᠶᠢᠭᠤᠯᠪᠠ᠃ ᠮᠠᠨ ᠤ ᠬᠤᠲᠠ ᠶᠢᠨ ᠡᠮ ᠤᠨ ᠵᠦᠢᠯ ᠤᠨ ᠪᠣᠳᠠᠲᠠᠢ ᠬᠤᠳᠠᠯᠳᠤᠨ ᠠᠪᠤᠭᠰᠠᠨ ᠪᠠᠶᠢᠳᠠᠯ ᠵᠢᠴᠢ ᠡᠮ ᠤᠨ ᠵᠦᠢᠯ ᠤᠨ ᠡᠮᠴᠢᠯᠡᠭᠡᠨ ᠤ ᠠᠴᠢ ᠲᠤᠰᠠ᠂ ᠦᠨ᠎ᠡ ᠬᠠᠩᠰᠢ᠂ ᠰᠠᠭᠤᠷᠢ ᠮᠥᠩᠭᠦᠨ ᠤ ᠳᠠᠭᠠᠭᠠᠬᠤ ᠴᠢᠳᠠᠪᠤᠷᠢ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠣᠯᠠᠨ ᠲᠠᠯ᠎ᠠ ᠶᠢᠨ ᠨᠤᠲᠠᠯᠠᠯᠲᠠ ᠪᠠᠷ ᠳᠠᠮᠵᠢᠨ᠂ ᠲᠠᠷᠢᠯᠭ᠎ᠠ ᠳᠤ ᠬᠡᠷᠡᠭᠯᠡᠬᠦ ᠴᠢᠰᠤᠨ  ᠪᠦᠯᠦᠩᠨᠡᠯ ᠢ ᠨᠡᠪᠲᠡᠷᠡᠭᠦᠯᠦᠭᠴᠢ ᠵᠡᠷᠭᠡ 27 ᠵᠦᠢᠯ ᠤᠨ ᠡᠮᠴᠢᠯᠡᠭᠡᠨ ᠳᠤ ᠬᠡᠷᠡᠭᠯᠡᠬᠦ ᠬᠡᠮᠵᠢᠶ᠎ᠡ ᠶᠡᠭᠡ᠂ ᠦᠨ᠎ᠡ ᠬᠠᠩᠰᠢ ᠥᠨᠳᠥᠷ᠂ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠭᠠᠴᠠᠭ᠎ᠠ ᠬᠢᠬᠦ ᠬᠡᠪᠴᠢᠶ᠎ᠡ ᠶᠢ ᠬᠢᠵᠠᠭᠠᠷᠯᠠᠨ ᠲᠣᠭᠲᠠᠭᠠᠭᠰᠠᠨ ᠡᠮ ᠤᠨ ᠵᠦᠢᠯ ᠢ ᠮᠠᠨ ᠤ ᠬᠤᠲᠠ ᠶᠢᠨ ᠲᠦᠷᠦᠭᠦᠤ ᠪᠦᠯᠦᠭ ᠤᠨ ᠡᠮᠴᠢᠯᠡᠭᠡᠨ ᠤ ᠳᠠᠭᠠᠳᠬᠠᠯ ᠤᠨ ᠭᠤᠤᠯᠳᠠᠯᠭ᠎ᠠ ᠲᠠᠢ ᠬᠢᠨᠠᠨ ᠡᠵᠡᠮᠳᠡᠬᠦ ᠡᠮ ᠤᠨ ᠵᠦᠢᠯ ᠤᠨ ᠭᠠᠷᠴᠠᠭ ᠲᠤ ᠣᠷᠣᠭᠤᠯᠤᠨ᠎ᠠ᠃ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠳ ᠬᠢᠨᠠᠨ ᠡᠵᠡᠮᠳᠡᠬᠦ ᠡᠬᠡ ᠳᠠᠩᠰᠠ ᠪᠠᠶᠢᠭᠤᠯᠬᠤ ᠪᠠᠷ ᠳᠠᠮᠵᠢᠨ᠂ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠭᠤᠤᠯᠳᠠᠯᠭ᠎ᠠ ᠲᠠᠢ ᠬᠢᠨᠠᠨ ᠡᠵᠡᠮᠳᠡᠬᠦ ᠡᠮ ᠤᠨ ᠵᠦᠢᠯ ᠤᠨ ᠬᠡᠪᠰᠢᠭᠰᠡᠨ ᠬᠢᠨᠠᠨ ᠬᠡᠮᠵᠢᠯᠲᠡ ᠶᠢ ᠰᠠᠶᠢᠲᠤᠷ ᠬᠢᠨ᠎ᠡ᠃ ᠵᠦᠶ ᠵᠣᠬᠢᠰ ᠦᠭᠡᠢ ᠡᠮ ᠬᠡᠷᠡᠭᠯᠡᠬᠦ ᠠᠰᠠᠭᠤᠳᠠᠯ ᠳᠣᠪᠤᠶᠢᠮ᠎ᠠ ᠡᠮᠴᠢᠯᠡᠭᠡᠨ ᠤ ᠪᠠᠶᠢᠭᠤᠯᠤᠮᠵᠢ ᠳᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠨᠡᠷᠡᠰ ᠤᠨ ᠵᠢᠭᠰᠠᠭᠠᠯᠲᠠ ᠶᠢ ᠮᠡᠳᠡᠭᠳᠡᠬᠦ᠂ ᠵᠠᠬᠢᠳᠠᠯ ᠢᠶᠠᠷ ᠠᠰᠠᠭᠤᠵᠤ ᠪᠣᠯᠵᠣᠨ ᠶᠠᠷᠢᠯᠴᠠᠬᠤ᠂ ᠰᠡᠷᠡᠮᠵᠢᠯᠡᠭᠦᠯᠦᠨ ᠰᠠᠨᠠᠭᠤᠯᠬᠤ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ᠂ ᠵᠠᠷᠤᠳᠠᠯ ᠢ ᠬᠠᠰᠤᠬᠤ ᠵᠡᠷᠭᠡ ᠠᠷᠭ᠎ᠠ ᠪᠠᠷᠢᠯ ᠢ ᠠᠪᠴᠤ᠂ ᠡᠮᠴᠢᠯᠡᠭᠡᠨ ᠤ ᠪᠠᠶᠢᠭᠤᠯᠤᠮᠵᠢ ᠶᠢᠨ ᠵᠦᠶ ᠵᠣᠬᠢᠰᠲᠠᠶ ᠡᠮ ᠬᠡᠷᠡᠭᠯᠡᠬᠦ ᠶᠢ ᠬᠥᠲᠥᠯᠥᠨ ᠵᠢᠯᠣᠭᠤᠳᠴᠤ᠂ ᠡᠮ ᠤᠨ ᠵᠦᠢᠯ ᠤᠨ ᠦᠨ᠎ᠡ ᠬᠠᠩᠰᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢ ᠠᠬᠢᠭᠤᠯᠤᠨ᠎ᠠ᠃ ᠭᠤᠤᠯᠳᠠᠯᠭ᠎ᠠ ᠲᠠᠢ ᠬᠢᠨᠠᠨ ᠡᠵᠡᠮᠳᠡᠬᠦ ᠡᠮ ᠤᠨ ᠵᠦᠢᠯ ᠤᠨ ᠭᠠᠷᠴᠠᠭ ᠲᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠬᠢᠷᠠᠭᠤᠯᠤᠨ ᠨᠥᠬᠦᠪᠥᠷᠢᠯᠡᠨ᠎ᠡ᠃      ᠳᠥᠷᠪᠡ᠂ ᠬᠠᠷᠠᠯᠲᠠ ᠶᠢᠨ ᠡᠭᠦᠷᠭᠡ    ᠳᠡᠭᠡᠷᠡᠬᠢ ᠡᠮ ᠤᠨ ᠵᠦᠢᠯᠡᠰ ᠤᠨ ᠲᠣᠭᠠᠴᠠᠭ᠎ᠠ ᠬᠢᠬᠦ ᠠᠷᠭ᠎ᠠ ᠬᠡᠯᠪᠡᠷᠢ ᠵᠢᠴᠢ ᠲᠣᠭᠠᠴᠠᠭ᠎ᠠ ᠬᠢᠬᠦ ᠪᠠᠷᠢᠮᠵᠢᠶ᠎ᠠ ᠳᠤ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠵᠦᠶ ᠵᠣᠬᠢᠰᠲᠠᠶ ᠡᠮ ᠬᠡᠷᠡᠭᠯᠡᠬᠦ ᠶᠢ ᠬᠥᠲᠥᠯᠥᠨ ᠵᠢᠯᠣᠭᠤᠳᠴᠤ᠂ ᠡᠮ ᠤᠨ ᠵᠦᠢᠯ ᠤᠨ ᠦᠨ᠎ᠡ ᠬᠠᠩᠰᠢ ᠶᠢ ᠠᠯᠬᠤᠮ ᠠᠯᠬᠤᠮ ᠢᠶᠠᠷ ᠵᠦᠶ ᠵᠣᠬᠢᠰᠲᠠᠶ ᠪᠣᠯᠭᠠᠵᠤ᠂ ᠡᠮᠴᠢᠯᠡᠭᠡᠨ ᠤ  ᠦᠢᠯᠡᠴᠢᠯᠡᠭᠡ ᠶᠢ ᠵᠢᠷᠤᠮᠵᠢᠭᠤᠯᠬᠤ ᠬᠠᠨᠳᠤᠰᠢ ᠲᠠᠢ ᠪᠣᠯᠭᠠᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂  ᠡᠪᠡᠳᠴᠢᠲᠡᠨ ᠤ ᠡᠮ ᠡᠮᠨᠡᠯᠭᠡ ᠶᠢᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠦᠨ᠎ᠡ᠃             ᠣᠷᠴᠢᠭᠤᠯᠤᠭᠴᠢ᠄ ᠭᠡᠷᠡᠯ     ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2