ᠨᠢᠭᠡ ᠭᠠᠵᠠᠷ ᠣᠷᠣᠨ ᠳᠤ ᠠᠵᠤ ᠦᠢᠯᠡᠰ ᠤᠨ ᠲᠤᠯᠭᠠᠭᠤᠷᠢᠯᠠᠯ ᠦᠭᠡᠢ ᠪᠣᠯ ᠬᠥᠭᠵᠢᠯᠲᠡ ᠶᠢᠨ ᠰᠡᠯᠭᠦᠬᠦ | ᠬᠦᠴᠦᠨ ᠦᠭᠡᠢ ᠪᠣᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤᠮᠳᠠ ᠰᠢᠶᠠᠨ ᠤ | ᠨᠠᠮ ᠤᠨ ᠬᠤᠷᠢᠶ᠎ᠠ᠂ ᠵᠠᠰᠠᠭ ᠤᠨ ᠣᠷᠳᠤᠨ ᠴᠤᠤᠶᠠᠩ ᠪᠠᠯᠭᠠᠰᠤᠨ ᠤ ᠰᠢᠶᠣᠤ ᠳ᠋ᠦᠩ ᠲᠠᠨ ᠢᠳᠡᠰᠢᠨ ᠨᠣᠭᠤᠭ᠎ᠠ | ᠲᠠᠷᠢᠬᠤ ᠡᠨᠡ ᠬᠦ ᠠᠵᠤ ᠦᠢᠯᠡᠰ ᠢ ᠦᠨᠳᠦᠰᠦᠯᠡᠨ᠂ ᠵᠢᠶᠠ ᠳ᠋ᠧ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠢᠳᠡᠭᠡᠨ ᠤ ᠬᠢᠵᠠᠭᠠᠷᠲᠤ ᠺᠣᠮᠫᠠᠨᠢ ᠶᠢ ᠣᠷᠤᠭᠤᠯᠤᠨ᠂ ︽ᠵᠠᠬᠢᠶᠠᠯᠠᠭ᠎ᠠ ᠶᠢᠨ ᠬᠠᠭᠤᠳᠠᠰᠤ + | ᠬᠠᠮᠠᠭᠠᠯᠠᠯᠲᠠ ᠶᠢᠨ ᠦᠨ᠎ᠡ︾ ᠶᠢᠨ ᠲᠠᠷᠢᠶᠠᠯᠠᠩ ᠢ ᠬᠥᠭᠵᠢᠭᠦᠯᠵᠦ᠂ ᠦᠢᠯᠡᠳᠪᠤᠷᠢᠯᠡᠯ ᠪᠣᠷᠣᠯᠠᠭᠤᠯᠭ᠎ᠠ ᠪᠠ ᠠᠰᠢᠭ | ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠵᠤ᠂ ᠶᠠᠳᠠᠭᠤ ᠬᠦᠴᠢᠷᠳᠡᠯ ᠲᠠᠢ ᠤᠯᠠᠨ ᠲᠦᠮᠡᠨ ᠢ ︽ᠪᠠᠶᠠᠵᠢᠯ ᠤᠨ | ᠬᠤᠷᠳᠤᠨ ᠲᠡᠷᠭᠡᠨ︾ ᠳᠤ ᠰᠠᠭᠤᠯᠭᠠᠪᠠ᠃ | ᠣᠶᠢᠷ᠎ᠠ ᠳᠤ᠂ ᠰᠤᠷᠪᠤᠯᠵᠢᠯᠠᠭᠴᠢ ᠴᠤᠤ ᠶᠠᠩ ᠪᠠᠯᠭᠠᠰᠤᠨ ᠤ ᠰᠢᠶᠣᠣ ᠳ᠋ᠦᠩ ᠲᠠᠨ ᠲᠣᠰᠬᠤᠨ ᠳᠤ ᠵᠢᠶᠠ ᠳ᠋ᠧ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠢᠳᠡᠭᠡᠨ ᠤ ᠬᠢᠵᠠᠭᠠᠷᠲᠤ ᠺᠣᠮᠫᠠᠨᠢ ᠶᠢᠨ ᠦᠢᠯᠡᠳᠪᠤᠶᠢᠯᠡᠯ ᠤᠨ | ᠲᠠᠰᠤᠭ ᠲᠤ ᠮᠠᠰᠢᠨ ᠤ ᠳᠠᠭᠤᠨ ᠲᠠᠰᠤᠷᠠᠯᠲᠠ ᠤᠢᠭᠡᠢ ᠬᠦᠩᠭᠢᠨᠡᠵᠦ᠂ ᠠᠵᠢᠯᠴᠢᠳ ᠡᠮᠬᠢ ᠴᠡᠭᠴᠡ ᠲᠠᠢ ᠤᠰᠤ | ᠦᠭᠡᠢᠳᠡᠭᠦᠯᠦᠭᠰᠡᠨ ᠢᠳᠡᠰᠢᠨ ᠨᠣᠭᠤᠭ᠎ᠠ ᠶᠢ ᠪᠣᠯᠪᠠᠰᠤᠷᠠᠭᠤᠯᠵᠤ ᠪᠠᠶᠢᠬᠤ ᠶᠢ ᠣᠯᠵᠤ ᠬᠠᠷᠠᠪᠠ᠃ | ᠣᠶᠢᠯᠠᠭᠠᠭᠰᠠᠨ ᠢᠶᠠᠷ᠂ ᠤᠯᠠᠭᠠᠨᠴᠠᠪ ᠬᠤᠲᠠ ᠶᠢᠨ ᠵᠢᠶᠠ ᠳ᠋ᠧ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠢᠳᠡᠭᠡᠨ ᠤ ᠬᠢᠵᠠᠭᠠᠷᠲᠤ ᠺᠣᠮᠫᠠᠨᠢ 2016 ᠣᠨ ᠤ 4 ᠰᠠᠷ᠎ᠠ ᠳᠤ ᠪᠠᠶᠢᠭᠤᠯᠤᠭᠳᠠᠵᠤ᠂ ᠺᠣᠮᠫᠠᠨᠢ 60 | ᠮᠥ ᠭᠠᠵᠠᠷ ᠰᠢᠷᠣᠶ ᠡᠵᠡᠯᠡᠵᠦ᠂ ᠪᠠᠷᠢᠯᠭ᠎ᠠ ᠶᠢᠨ ᠲᠠᠯᠠᠪᠠᠢ 1.53 ᠲᠦᠮᠡᠨ ᠲᠡᠭᠰᠢ ᠳᠥᠷᠪᠡᠯᠵᠢᠨ ᠮᠧᠲᠷ᠂ 2016 | ᠣᠨ ᠤ 4 ᠰᠠᠷ᠎ᠠ ᠳᠤ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ 2017 ᠣᠨ ᠠᠴᠠ ᠡᠬᠢᠯᠡᠨ ᠡᠵᠡᠩᠨᠡᠯᠲᠡ ᠳᠤ | ᠣᠷᠣᠭᠤᠯᠵᠤ᠂ ᠨᠡᠶᠢᠲᠡ 5800 ᠲᠦᠮᠡᠨ ᠲᠥᠭᠦᠷᠢᠭ ᠤᠨ ᠪᠠᠯᠠ ᠣᠷᠣᠭᠤᠯᠪᠠ᠃ ᠺᠣᠮᠫᠠᠨᠢ ᠨᠢ ᠺᠠᠩ ᠭᠤᠸᠠᠶ ᠳᠤ | ᠬᠠᠷᠢᠶᠠᠯᠠᠭᠳᠠᠬᠤ ᠠᠵᠤ ᠦᠢᠯᠡᠰ᠂ ᠨᠢᠭᠡᠨ ᠤᠰᠤ ᠦᠭᠡᠶᠢᠲᠡᠭᠦᠯᠦᠭᠰᠡᠨ ᠢᠳᠡᠰᠢᠨ ᠨᠣᠭᠤᠭ᠎ᠠ ᠶᠢ ᠪᠣᠯᠪᠠᠰᠤᠷᠠᠭᠤᠯᠤᠨ | ᠪᠣᠷᠣᠯᠠᠭᠤᠯᠬᠤ ᠠᠵᠤ ᠠᠬᠤᠶᠢᠯᠠᠯ ᠪᠠᠶᠢᠵᠤ᠂ ᠵᠢᠯ ᠤᠨ ᠦᠢᠯᠡᠳᠪᠤᠷᠢᠯᠡᠯ ᠤᠨ ᠬᠡᠮᠵᠢᠶ᠎ᠡ ᠨᠢ ᠲᠦᠮᠡᠨ ᠮᠦ ᠬᠦᠷᠳᠡᠭ᠃ | ᠪᠣᠯᠪᠠᠰᠤᠷᠠᠭᠤᠯᠬᠤ ᠪᠦᠲᠦᠭᠡᠭᠳᠡᠬᠦᠨ ᠨᠢ ᠭᠤᠣᠯᠳᠠᠭᠤ ᠪᠥᠭᠡᠷᠡᠩᠬᠡᠶ ᠨᠣᠭᠤᠭ᠎ᠠ᠂ ᠬᠤᠯᠤᠤᠪᠠᠩ ᠢᠶᠠᠷ ᠭᠤᠣᠯᠯᠠᠨ᠎ᠠ᠃ | ᠺᠣᠮᠫᠠᠨᠢ ᠶᠢᠨ ᠶᠡᠷᠦᠩᠬᠡᠶ ᠳᠠᠭᠠᠭᠠᠮᠠᠯ ᠵᠠᠩ ᠬᠠᠢ ᠮᠢᠩ᠄ ︽ᠮᠠᠨ ᠤ ᠺᠣᠮᠫᠠᠨᠢ ᠶᠢᠨ ᠡᠳᠦᠷ ᠪᠦᠷᠢ ᠶᠢᠨ | ᠦᠢᠯᠡᠳᠪᠤᠷᠢᠯᠡᠯ ᠤᠨ ᠥᠷᠲᠡᠭ 600 ᠲᠣᠨ᠂ 100 ᠮᠦ ᠭᠠᠵᠠᠷ ᠪᠠᠶᠢᠵᠤ᠂ ᠶᠠᠳᠠᠭᠤ ᠬᠦᠴᠢᠷᠳᠡᠯᠲᠡᠶ ᠡᠷᠦᠬᠡ ᠶᠢᠨ | ᠢᠳᠡᠰᠢᠨ ᠨᠣᠭᠤᠭ᠎ᠠ ᠶᠢᠨ ᠦᠨ᠎ᠡ ᠨᠢ ᠡᠩ ᠤᠨ ᠲᠠᠷᠢᠶᠠᠴᠢᠨ ᠡᠷᠦᠬᠡ ᠶᠢᠨ ᠬᠢ ᠠᠴᠠ ᠵᠢᠩ ᠪᠦᠷᠢ ᠳᠡᠭᠡᠨ 3 ᠮᠥᠩᠭᠦ | ᠥᠨᠳᠥᠷ ᠪᠠᠶᠢᠳᠠᠭ᠃ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠤ ᠤᠷᠢᠶᠠᠯᠠᠭ᠎ᠠ ᠶᠢ ᠳᠠᠭᠠᠵᠤ᠂ ᠨᠠᠷᠢᠯᠢᠭ | ᠣᠨᠤᠴᠢᠲᠠᠢ ᠪᠠᠷ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠤᠷᠢᠳᠠᠪᠡᠷ ᠲᠠᠷᠢᠵᠤ | ᠢᠳᠡᠰᠢᠨ ᠨᠣᠭᠤᠭ᠎ᠠ ᠪᠠᠨ ᠲᠤᠰᠢᠶᠠᠬᠤ ᠶᠢ ᠤᠷᠢᠳᠠᠪᠡᠷ ᠪᠣᠳᠤᠯᠬᠢᠯᠠᠨ᠎ᠠ︾ ᠭᠡᠵᠦ ᠶᠠᠷᠢᠨ᠎ᠠ᠃ | ᠺᠣᠮᠫᠠᠨᠢ ︽ᠠᠵᠤ ᠠᠬᠤᠶᠢᠯᠠᠯ + ᠰᠠᠭᠤᠷᠢᠨ ᠭᠠᠵᠠᠷ + ᠲᠠᠷᠢᠶᠠᠯᠠᠩ︾ ᠤᠨ ᠠᠵᠤ ᠦᠢᠯᠡᠰᠴᠢᠯᠡᠭᠰᠡᠨ | ᠡᠵᠡᠩᠨᠡᠯᠲᠡ ᠶᠢᠨ ᠵᠠᠭᠪᠤᠷ ᠢᠶᠠᠷ᠂ ᠨᠠᠭᠠᠲᠤ ᠵᠠᠬ᠎ᠠ ᠶᠢᠨ ᠦᠨ᠎ᠡ ᠪᠠᠷ ᠲᠠᠷᠢᠶᠠᠴᠢᠨ ᠡᠷᠦᠬᠡ ᠲᠠᠢ ᠲᠠᠷᠢᠵᠤ ᠬᠤᠳᠠᠯᠳᠤᠨ | ᠠᠪᠬᠤ ᠭᠡᠷ᠎ᠡ ᠲᠣᠭᠲᠠᠬᠤ ᠶᠢᠨ ᠬᠠᠮᠲᠤ ᠦᠷ᠎ᠡ ᠬᠠᠩᠭᠠᠵᠤ᠂ ᠲᠡᠷᠢᠬᠤ ᠶᠠᠪᠤᠴᠠ ᠳᠤ ᠲᠠᠷᠢᠶᠠᠴᠢᠨ ᠡᠷᠦᠬᠡ ᠳᠤ | ᠮᠡᠷᠭᠡᠵᠢᠯ ᠤᠨ ᠵᠢᠯᠤᠭᠤᠳᠤᠯᠭ᠎ᠠ ᠬᠢᠵᠦ ᠥᠭᠭᠦᠨ᠎ᠡ᠃ ᠺᠣᠮᠫᠠᠨᠢ ᠠᠵᠢᠯᠯᠠᠭᠰᠠᠨ ᠠᠴᠠ ᠨᠠᠰᠢ᠂ ᠨᠡᠶᠢᠲᠡ 24240 ᠮᠦ | ᠵᠠᠬᠢᠶᠠᠯᠠᠭ᠎ᠠ ᠶᠢᠨ ᠬᠠᠭᠤᠳᠠᠰᠤ ᠶᠢ ᠲᠣᠰᠴᠤ᠂ ᠴᠤᠤ ᠶᠠᠩ ᠪᠠᠯᠭᠠᠰᠤᠨ ᠤ 13 ᠵᠠᠰᠠᠭ ᠵᠠᠬᠢᠷᠭᠠᠨ ᠤ ᠲᠣᠰᠬᠤᠨ ᠤ | 668 ᠡᠷᠦᠬᠡ ᠲᠠᠷᠢᠶᠠᠴᠢᠨ ᠲᠠᠢ ᠭᠡᠷ᠎ᠡ ᠲᠣᠭᠲᠠᠨ ᠲᠠᠷᠢᠵᠤ᠂ ᠡᠭᠦᠨ ᠳᠤ ᠶᠠᠳᠠᠭᠤ ᠬᠦᠴᠢᠷᠳᠡᠯᠲᠡᠶ ᠡᠷᠦᠬᠡ 261 | ᠪᠠᠶᠢᠨ᠎ᠠ᠂ ᠶᠠᠳᠠᠭᠤ ᠬᠦᠴᠢᠷᠳᠡᠯᠲᠡᠶ ᠡᠷᠦᠬᠡ ᠶᠢᠨ ᠨᠠᠭᠠᠳᠤ ᠵᠠᠬ᠎ᠠ ᠶᠢᠨ ᠬᠤᠳᠠᠯᠳᠤᠨ ᠠᠪᠬᠤ ᠦᠨ᠎ᠡ ᠲᠣᠨ | ᠪᠦᠷᠢ ᠳᠡᠭᠡᠨ 420 ᠲᠦᠭᠦᠷᠢᠭ᠂ ᠶᠠᠳᠠᠭᠤ ᠬᠦᠴᠢᠷᠳᠡᠯᠲᠡᠶ ᠪᠤᠰᠤ ᠡᠷᠦᠬᠡ ᠲᠣᠨ ᠪᠦᠷᠢ 360 ᠲᠥᠭᠦᠷᠢᠭ ᠪᠠᠶᠢᠵᠤ | ᠂ ᠶᠠᠳᠠᠭᠤ ᠬᠦᠴᠢᠷᠳᠡᠯᠲᠡᠶ ᠡᠷᠦᠬᠡ ᠨᠢ ᠶᠠᠳᠠᠭᠤ ᠬᠦᠴᠢᠷᠳᠡᠯᠲᠡᠶ ᠪᠤᠰᠤ ᠡᠷᠦᠬᠡ ᠶᠢᠨ ᠮᠦ ᠪᠦᠷᠢ ᠠᠴᠠ 360 | ᠲᠥᠭᠦᠷᠢᠭ ᠬᠤᠳᠠᠯᠳᠤᠨ᠎ᠠ᠃ ᠭᠤᠷᠪᠠᠨ ᠵᠢᠯ ᠤᠨ ᠲᠤᠷᠰᠢ᠂ ᠲᠠᠷᠢᠶᠠᠴᠢᠳ ᠤᠨ ᠶᠡᠷᠦᠩᠬᠡᠶ ᠣᠷᠣᠯᠭ᠎ᠠ 3770 | ᠲᠦᠮᠡᠨ ᠲᠥᠭᠦᠷᠢᠭ ᠲᠤ ᠬᠦᠷᠴᠡᠶ᠃ | ︽ᠲᠡᠷᠡ ᠬᠡᠳᠦᠨ ᠵᠢᠯ ᠪᠢ ᠴᠠᠭᠠᠨ ᠨᠣᠭᠤᠭ᠎ᠠ ᠲᠠᠷᠢᠵᠤ ᠪᠠᠶᠢᠭᠰᠠᠨ᠂ ᠴᠠᠭᠠᠨ ᠣᠭᠤᠭᠠᠨ ᠤ ᠦᠨ᠎ᠡ ᠳᠣᠣᠷ᠎ᠠ᠂ | ᠤᠰᠤ ᠦᠭᠡᠢᠳᠡᠭᠦᠯᠦᠭᠰᠡᠨ ᠢᠳᠡᠰᠢᠨ ᠨᠣᠭᠤᠭ᠎ᠠ ᠶᠢᠨ ᠦᠢᠯᠡᠳᠪᠦᠷᠢ ᠶᠢ ᠲᠠᠭᠠᠬᠰᠠᠨ ᠠᠴᠠ ᠪᠢ ᠪᠥᠭᠡᠷᠡᠩᠬᠡᠢ ᠴᠠᠭᠠᠨ | ᠨᠣᠭᠤᠭ᠎ᠠ ᠲᠠᠷᠢᠭᠰᠠᠨ᠃ ᠪᠥᠭᠡᠷᠡᠩᠬᠡᠶ ᠨᠣᠭᠤᠭ᠎ᠠ ᠶᠢᠨ ᠭᠠᠷᠤᠯᠲᠠ ᠨᠢ ᠴᠠᠭᠠᠨ ᠨᠣᠭᠤᠭ᠎ᠠ ᠠᠴᠠ ᠪᠠᠰᠠ ᠥᠨᠳᠥᠷ᠂ | ᠣᠷᠤᠯᠭ᠎ᠠ ᠦᠨᠳᠦᠷ᠃ ᠨᠢᠭᠡ ᠮᠦ ᠶᠢᠨ ᠭᠠᠷᠤᠯᠲᠠ 6 ᠲᠣᠨ ᠪᠠᠶᠢᠵᠤ᠂ ᠮᠦ ᠪᠦᠷᠢ ᠶᠢᠨ ᠣᠷᠣᠯᠭ᠎ᠠ 800 ᠠᠴᠠ | 1000 ᠲᠥᠭᠦᠷᠢᠭ ᠪᠣᠯᠤᠨ᠎ᠠ᠃︾ ᠭᠡᠵᠦ ᠶᠠᠳᠠᠭᠤ ᠬᠦᠴᠢᠷᠳᠡᠯᠲᠡᠶ ᠡᠷᠦᠬᠡ ᠵᠠᠩ ᠶᠢᠩ ᠪᠠᠶᠠᠷᠲᠠᠶ ᠬᠡᠯᠡᠪᠡ᠃ | 2019 ᠣᠨ ᠳᠤ ᠳ᠋ᠦᠩ ᠴᠧᠩ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠢᠳᠡᠪᠬᠢᠲᠡᠢ | ᠨᠡᠪᠲᠡᠷᠡᠯᠴᠡᠭᠡ ᠪᠠᠷ ᠳᠠᠮᠵᠢᠨ᠂ ᠬᠤᠸᠠᠳᠧ ᠰᠢᠶᠠᠨ ᠤ ᠵᠢᠶᠠ ᠳ᠋ᠧ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠢᠳᠡᠭᠡᠨ ᠤ ᠬᠢᠵᠠᠭᠠᠷᠲᠤ ᠺᠣᠮᠫᠠᠨᠢ ᠨᠢ ᠪᠡᠭᠡᠵᠢᠩ ᠤᠨ ᠵᠢᠩ ᠴᠧᠩ ᠪᠦᠯᠦᠭᠯᠡᠯ ᠪᠣᠯᠤᠨ ᠰᠢᠶᠠᠨ ᠤ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠡ ᠯᠤᠭ᠎ᠠ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ | ᠲᠣᠭᠲᠠᠵᠤ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠡᠯᠡ ᠮᠥᠩᠭᠦ 400 ᠲᠦᠮᠡᠨ ᠲᠥᠭᠦᠷᠢᠭ᠂ | ᠵᠢᠩ ᠴᠧᠩ ᠪᠦᠯᠦᠭᠯᠡᠯ ᠤᠨ ᠪᠡᠯᠡ ᠮᠥᠩᠭᠦ 400 ᠲᠦᠮᠡᠨ ᠲᠥᠭᠦᠷᠢᠭ ᠵᠣᠬᠢᠴᠠᠭᠤᠯᠪᠠ᠃ ᠤᠰᠤ ᠦᠭᠡᠢᠳᠡᠭᠦᠯᠦᠭᠰᠡᠨ | ᠢᠳᠡᠰᠢᠨ ᠨᠣᠭᠤᠭ᠎ᠠ ᠪᠣᠯᠪᠠᠰᠤᠷᠠᠭᠤᠯᠬᠤ ᠦᠢᠯᠡᠳᠪᠦᠷᠢ ᠶᠢᠨ ᠲᠠᠰᠤᠭ 500 ᠲᠡᠭᠰᠢ ᠳᠦᠷᠪᠡᠯᠵᠢᠨ ᠮᠧᠲᠷ᠂ ᠭᠤᠣ | ᠯᠢ ᠨᠣᠭᠤᠭᠠᠨ ᠤ ᠬᠠᠭᠠᠰ ᠪᠦᠲᠦᠭᠡᠭᠳᠡᠬᠦᠨ ᠤ ᠬᠥᠮᠥᠷᠭᠡ 1700 ᠲᠡᠭᠰᠢ ᠳᠥᠷᠪᠡᠯᠵᠢᠨ ᠮᠧᠲᠷ᠂ ᠬᠤᠯᠤᠤᠪᠠᠩ ᠤᠨ | ᠬᠠᠭᠠᠰ ᠪᠦᠲᠦᠭᠡᠭᠳᠡᠬᠦᠨ ᠤ ᠬᠥᠮᠥᠷᠭᠡ 1150 ᠲᠡᠭᠰᠢ ᠳᠥᠷᠪᠡᠯᠵᠢᠨ ᠮᠧᠲᠷ ᠪᠠᠶᠢᠭᠤᠯᠵᠤ ᠂ ᠲᠡᠷᠡᠴᠢᠯᠡᠨ ᠬᠡᠰᠡᠭ | ᠲᠡᠷᠢᠭᠦᠨ ᠤ ᠦᠢᠯᠡᠳᠪᠤᠷᠢᠯᠡᠯ ᠤᠨ ᠲᠥᠬᠦᠭᠡᠷᠦᠮᠵᠢ ᠶᠢ ᠬᠤᠳᠠᠯᠳᠤᠨ ᠠᠪᠤᠪᠠ᠃ | ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠠᠵᠤ | ᠠᠬᠤᠶᠢᠯᠠᠯ ᠤᠨ ᠪᠣᠷᠣᠯᠠᠭᠤᠯᠤᠯᠲᠠ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 640 ᠲᠦᠮᠡᠨ ᠲᠥᠭᠦᠷᠢᠭ | ᠨᠡᠮᠡᠭᠳᠡᠵᠦ᠂ 380 ᠲᠦᠮᠡᠨ ᠲᠥᠭᠦᠷᠢᠭ ᠤᠨ ᠴᠡᠪᠡᠷ ᠠᠰᠢᠭ ᠬᠤᠨᠵᠢᠪᠣᠷᠢ ᠶᠢ ᠪᠡᠶᠡᠯᠡᠭᠦᠯᠪᠡ᠃ ᠡᠭᠦᠨ ᠤ ᠬᠠᠮᠲᠤ᠂ | ᠲᠠᠷᠢᠶᠠᠯᠠᠩ ᠲᠠᠢ ᠬᠤᠯᠪᠣᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ | ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠬᠡᠪᠴᠢᠶᠡᠵᠢᠭᠰᠡᠨ᠂ ᠡᠷᠴᠢᠮᠵᠢᠭᠰᠡᠨ ᠬᠢᠷᠢ ᠲᠦᠪᠰᠢᠨ ᠪᠣᠯᠤᠨ | ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠬᠠᠮᠲᠤ 180 ᠬᠥᠮᠦᠨ ᠳᠤ ᠰᠢᠨ᠎ᠡ ᠪᠠᠷ ᠠᠵᠢᠯ ᠣᠯᠭᠤᠵᠤ᠂ | ᠰᠠᠷ᠎ᠠ ᠪᠦᠷᠢ 4500 ᠲᠥᠭᠦᠷᠢᠭ ᠤᠨ ᠴᠠᠯᠢᠩ ᠤᠨ ᠣᠷᠣᠯᠭ᠎ᠠ ᠲᠠᠢ᠂ 30 ᠶᠠᠳᠠᠭᠤ ᠬᠦᠴᠢᠷᠳᠡᠯᠲᠡᠢ ᠡᠷᠦᠬᠡ ᠳᠤ | ᠠᠵᠢᠯ ᠣᠯᠭᠤᠵᠤ᠂ ᠨᠢᠭᠡ ᠬᠥᠮᠦᠨ ᠳᠤ ᠠᠵᠢᠯ ᠣᠯᠭᠤᠵᠤ᠂ ᠪᠦᠬᠦ ᠭᠡᠷ ᠢᠶᠠᠷ ᠢᠶᠠᠨ ᠶᠠᠳᠠᠭᠤ ᠠᠴᠠ ᠠᠩᠭᠢᠵᠢᠷᠠᠭᠤᠯᠬᠤ | ᠬᠠᠷᠠᠯᠲᠠ ᠶᠢ ᠪᠡᠶᠡᠯᠡᠭᠦᠯᠪᠡ᠃ | ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ | ᠣᠷᠴᠢᠭᠤᠯᠤᠭᠴᠢ᠄ ᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ |