ᠮᠠᠨ ᠤ ᠰᠢᠶᠠᠨ ᠤ ᠪᠠᠶᠠᠨᠲᠠᠯ᠎ᠠ ᠰᠢᠶᠠᠩ ᠮᠢᠬᠠᠨ ᠤ ᠬᠤᠨᠢᠨ ᠤ ᠡᠭᠦᠯᠳᠡᠷ ᠰᠠᠶᠢᠵᠢᠷᠠᠭᠤᠯᠬᠤ ᠲᠥᠷᠥᠯ ᠵᠦᠢᠯ ᠢ ᠬᠡᠷᠡᠭᠵᠢᠭᠦᠯᠵᠦ ᠶᠠᠳᠠᠭᠤ ᠠᠴᠠ ᠠᠩᠭᠢᠵᠢᠷᠠᠭᠤᠯᠬᠤ ᠠᠯᠬᠤᠴᠠ ᠪᠠᠨ ᠲᠦᠷᠭᠡᠳᠬᠡᠪᠡ
ᠨᠡᠶᠢᠲᠡᠯᠡᠭᠰᠡᠨ ᠴᠠᠭ᠄
2020-06-28
   ᠲᠦᠷᠦᠭᠦᠬᠡᠨ᠂ ᠮᠠᠨ ᠤ ᠰᠢᠶᠠᠨ ᠤ ᠪᠠᠶᠠᠨᠲᠠᠯ᠎ᠠ ᠰᠢᠶᠠᠩ ᠤᠨ ᠮᠢᠨ ᠱᠧᠩ ᠲᠣᠰᠬᠤᠨ ᠤ ᠮᠢᠬᠠᠨ ᠤ ᠬᠤᠨᠢᠨ ᠤ ᠡᠭᠦᠯᠳᠡᠷ ᠢ ᠰᠠᠶᠢᠵᠢᠷᠠᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠥᠷᠲᠡᠭᠡ ᠳᠤ ︽ᠬᠤᠴᠠ︾ ᠲᠦᠷᠢᠶᠡᠰᠦᠯᠡᠬᠦ ᠠᠵᠢᠯᠯᠠᠭ᠎ᠠ ᠲᠤᠬᠠᠶ ᠶᠢᠨ ᠲᠠᠯᠠᠪᠠᠶ ᠳᠤ ᠶᠠᠪᠤᠭᠳᠠᠪᠠ᠃    ᠮᠠᠨ ᠤ ᠰᠢᠶᠠᠨ ᠤ ᠪᠠᠶᠠᠨᠲᠠᠯ᠎ᠠ ᠰᠢᠶᠠᠩ ᠮᠠᠯ ᠤᠨ ᠡᠭᠦᠯᠳᠡᠷ ᠰᠠᠶᠢᠵᠢᠷᠠᠭᠤᠯᠬᠤ ᠪᠠᠷ ᠪᠦᠬᠦ ᠰᠢᠶᠠᠩ ᠤᠨ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢ ᠠᠬᠢᠭᠤᠯᠵᠤ᠂ ᠲᠤᠷᠰᠢᠯᠲᠠ ᠬᠢᠬᠦ ᠪᠠᠷ ᠳᠠᠮᠵᠢᠨ ᠳᠥᠷᠪᠡᠳ ᠬᠤᠰᠢᠭᠤᠨ ᠤ ᠰᠠᠢ ᠨᠥᠸᠧ ᠺᠣᠮᠫᠠᠨᠢ ᠲᠠᠢ ᠬᠠᠮᠲᠤᠷᠠᠨ ᠠᠵᠢᠯᠯᠠᠵᠤ᠂ ᠲᠠᠷᠢᠶᠠᠴᠢᠨ ᠡᠷᠦᠬᠡ ᠥᠪᠡᠰᠦᠪᠡᠨ ᠰᠣᠩᠭᠤᠬᠤ ᠂ ᠵᠠᠰᠠᠭ ᠤᠨ ᠣᠷᠳᠣᠨ ᠲᠣᠭᠠᠴᠠᠭ᠎ᠠ ᠬᠢᠬᠦ ᠵᠠᠷᠴᠢᠮ ᠶᠣᠰᠣᠭᠠᠷ᠂ ︽ᠳ᠋ᠦ᠋ ᠬᠠᠨ F1 ᠦᠶ᠎ᠡ ᠶᠢᠨ ᠡᠷᠯᠢᠰᠡᠵᠢᠭᠦᠯᠦᠭᠰᠡᠨ︾ ᠬᠤᠴᠠ 228 ᠶᠢ ᠬᠤᠳᠠᠯᠳᠤᠨ ᠠᠪᠴᠤ᠂ ᠲᠦᠷᠢᠶᠡᠰᠦᠯᠡᠬᠦ ᠬᠡᠯᠪᠡᠷᠢ ᠪᠠᠷ ᠲᠠᠷᠢᠶᠠᠴᠢᠨ ᠡᠷᠦᠬᠡ ᠳᠤ ᠲᠠᠷᠬᠠᠭᠠᠵᠤ᠂ ᠮᠢᠨ ᠱᠧᠩ᠂ ᠲᠦᠩ ᠱᠦᠨ ᠵᠡᠷᠭᠡ 15 ᠵᠠᠰᠠᠭ ᠵᠠᠬᠢᠷᠭᠠᠨ ᠤ ᠲᠣᠰᠬᠤᠨ᠂ 200 ᠭᠠᠷᠤᠶ ᠲᠡᠵᠢᠭᠡᠨ ᠦᠷᠡᠵᠢᠭᠦᠯᠬᠦ ᠡᠷᠦᠬᠡ ᠶᠢ ᠬᠠᠮᠤᠷᠴᠠᠶ᠃ ᠪᠠᠶᠠᠨᠲᠠᠯ᠎ᠠ ᠰᠢᠶᠠᠩ ᠤᠨ ᠮᠡᠷᠭᠡᠵᠢᠯ ᠳᠡᠯᠭᠡᠷᠡᠭᠦᠯᠬᠦ ᠲᠥᠪ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠪᠠᠶᠠᠨᠲᠠᠯ᠎ᠠ ᠰᠢᠶᠠᠩ 228 ᠬᠤᠴᠠ ᠰᠢᠯᠵᠢᠭᠦᠯᠦᠨ ᠠᠪᠴᠢᠷᠠᠵᠤ᠂ 4 ᠬᠤᠴᠠ ᠶᠢᠨ ᠲᠠᠯᠠᠪᠠᠢ ᠪᠠᠶᠢᠭᠤᠯᠵᠤ᠂ ᠪᠦᠬᠦ ᠰᠢᠶᠠᠩ ᠤᠨ 15 ᠵᠠᠰᠠᠭ ᠵᠠᠬᠢᠷᠭᠠᠨ ᠤ ᠲᠣᠰᠬᠤᠨ ᠢ ᠬᠠᠮᠤᠷᠴᠤ᠂ ᠡᠭᠦᠨ ᠳᠤ ᠡᠩ ᠤᠨ ᠡᠷᠦᠬᠡ 150᠂ ᠶᠠᠳᠠᠭᠤ ᠬᠦᠴᠢᠷᠳᠡᠯᠲᠡᠶ ᠡᠷᠦᠬᠡ 65 ᠪᠠᠶᠢᠨ᠎ᠠ᠃    ᠲᠤᠰ ᠲᠥᠷᠥᠯ ᠵᠦᠢᠯ ᠨᠢ ᠠᠵᠤ ᠠᠬᠤᠶᠢᠯᠠᠯ ᠤᠨ ᠲᠡᠷᠢᠭᠦᠨ ᠤ ᠮᠡᠷᠭᠡᠵᠢᠯ ᠵᠢᠴᠢ ᠬᠠᠮᠢᠶᠠᠷᠤᠯᠲᠠ ᠳᠤ ᠲᠦᠰᠢᠭᠯᠡᠨ ᠡᠭᠦᠯᠳᠡᠷ ᠰᠠᠶᠢᠵᠢᠷᠠᠭᠤᠯᠤᠯᠲᠠ ᠶᠢᠨ ᠰᠢᠨᠵᠢᠯᠡᠬᠦ ᠮᠡᠷᠭᠡᠵᠢᠯ ᠤᠨ ᠦᠢᠯᠡᠴᠢᠯᠡᠭᠡᠨ ᠤ ᠥᠷᠲᠡᠭᠡ ᠳᠤ ᠰᠠᠭᠤᠷᠢᠰᠢᠵᠤ᠂ ᠲᠠᠷᠢᠶᠠᠴᠢᠨ ᠡᠷᠦᠬᠡ ᠶᠢᠨ ᠬᠡᠷᠡᠭᠴᠡᠭᠡ ᠪᠠᠷ ᠳᠠᠮᠵᠢᠭᠤᠯᠤᠨ᠂ ᠬᠠᠮᠲᠤ ᠶᠢᠨ ᠠᠵᠤ ᠠᠬᠤᠶ ᠶᠢᠨ ᠪᠠᠯᠠ ᠮᠥᠩᠭᠦ ᠪᠠᠷ 3500 ᠲᠥᠭᠦᠷᠢᠭ ᠳᠤ ᠨᠢᠭᠡ ︽ᠳ᠋ᠦ᠋ ᠬᠠᠨ F1 ᠦᠶ᠎ᠡ ᠶᠢᠨ ᠡᠷᠯᠢᠰᠡᠵᠢᠭᠦᠯᠦᠭᠰᠡᠨ︾ ᠰᠢᠯᠢᠳᠡᠭ ᠡᠭᠦᠯᠳᠡᠷ ᠤᠨ ᠬᠤᠨᠢ ᠬᠤᠳᠠᠯᠳᠤᠨ ᠠᠪᠴᠤ᠂ ᠲᠠᠷᠢᠶᠠᠴᠢᠨ ᠡᠷᠦᠬᠡ ᠵᠢᠯ ᠢᠶᠠᠷ ᠦᠷ᠎ᠡ ᠶᠢᠨ ᠬᠤᠨᠢ ᠶᠢ ᠳᠦᠷᠢᠶᠡᠰᠦᠯᠡᠵᠦ ᠴᠢᠨᠠᠷ ᠰᠠᠶᠢᠲᠠᠶ ᠦᠷᠡᠵᠢᠭᠦᠯᠦᠨ ᠪᠤᠶᠢᠵᠢᠭᠤᠯᠤᠨ᠎ᠠ᠃ ᠲᠡᠵᠢᠭᠡᠨ ᠦᠷᠡᠵᠢᠭᠦᠯᠬᠦ ᠡᠷᠦᠬᠡ ᠶᠢᠨ ᠠᠶᠤᠯ ᠲᠦᠭᠰᠢᠭᠦᠷᠢ ᠶᠢ ᠪᠠᠭᠠᠰᠬᠠᠬᠤ ᠶᠢᠨ ᠲᠥᠯᠥᠭᠡ᠂ ᠬᠤᠴᠠ ᠬᠤᠳᠠᠯᠳᠤᠬᠤ ᠦᠢᠯᠡᠳᠪᠤᠷᠢ ᠨᠢ ᠳᠠᠭᠠᠳᠬᠠᠯ ᠤᠨ ᠵᠠᠷᠤᠳᠠᠯ ᠪᠣᠯᠤᠨ ᠠᠯᠢᠪᠠ ᠬᠢᠵᠢᠭ ᠰᠡᠷᠭᠡᠶᠢᠯᠡᠬᠦ ᠵᠠᠷᠤᠳᠠᠯ ᠢ ᠡᠭᠦᠷᠭᠡᠯᠡᠵᠦ᠂ ᠬᠤᠴᠠᠨ ᠳᠤ ᠳᠠᠭᠠᠳᠬᠠᠯ ᠲᠤᠰᠢᠶᠠᠨ᠎ᠠ᠃ ᠡᠭᠦᠯᠳᠡᠷ ᠰᠠᠶᠢᠵᠢᠷᠠᠭᠤᠯᠬᠤ ᠲᠥᠷᠥᠯ ᠵᠦᠢᠯ ᠢ ᠲᠠᠷᠢᠶᠠᠴᠢᠨ ᠡᠷᠦᠬᠡ ᠶᠢᠨ ᠬᠦᠰᠡᠯ ᠡᠷᠡᠮᠡᠯᠵᠡᠯ ᠢᠶᠠᠷ ᠢᠶᠠᠨ ᠡᠷᠡᠮᠡᠯᠵᠢᠯᠡᠵᠦ᠂ ᠲᠣᠰᠬᠤᠨ ᠤ ᠠᠷᠠᠳ ᠤᠨ ᠶᠡᠭᠡ ᠬᠤᠷᠠᠯ ᠢᠶᠠᠷ ᠵᠥᠪᠳᠡᠨ ᠲᠣᠭᠲᠠᠭᠠᠵᠤ᠂ ᠰᠢᠶᠠᠩ ᠤᠨ ᠵᠠᠰᠠᠭ ᠤᠨ ᠣᠷᠳᠣᠨ ᠨᠢ ᠠᠵᠤ ᠠᠬᠤᠶᠢᠯᠠᠯ ᠲᠠᠢ ᠬᠡᠯᠡᠯᠴᠡᠭᠡᠷ ᠲᠣᠭᠲᠠᠵᠤ᠂ ᠲᠣᠰᠬᠤᠨ ᠤ ᠠᠷᠠᠳ ᠤᠨ ᠲᠦᠯᠦᠭᠡᠯᠡᠭᠴᠢ ᠡᠭᠦᠯᠳᠡᠷ ᠤᠨ ᠬᠤᠨᠢ ᠰᠤᠩᠭᠤᠨ ᠬᠤᠳᠠᠯᠳᠤᠨ ᠠᠪᠬᠤ ᠵᠡᠷᠭᠡ ᠵᠠᠩᠭᠢᠯᠠᠭ᠎ᠠ ᠶᠢ ᠴᠢᠩᠬ᠎ᠠ ᠪᠠᠷᠢᠮᠲᠠᠯᠠᠵᠤ᠂ ᠲᠠᠷᠢᠶᠠᠴᠢᠨ ᠡᠷᠦᠬᠡ ᠶᠢᠨ ᠲᠦᠷᠢᠶᠡᠰᠦᠨ ᠮᠥᠩᠭᠦ ᠲᠤᠰᠢᠶᠠᠬᠤ ᠳᠠᠷᠠᠭᠠᠯᠠᠯ ᠢᠶᠠᠷ ᠰᠢᠪᠠᠭ᠎ᠠ ᠰᠤᠭᠤᠯᠤᠨ ᠬᠤᠴᠠ ᠬᠤᠪᠢᠶᠠᠵᠤ᠂ ᠠᠵᠤ ᠠᠬᠤᠶᠢᠯᠠᠯ ᠲᠤᠬᠠᠶ ᠶᠢᠨ ᠭᠠᠵᠠᠷ ᠲᠤᠨᠢ ᠲᠡᠵᠢᠭᠡᠨ ᠦᠷᠡᠵᠢᠭᠦᠯᠬᠦ ᠮᠡᠷᠭᠡᠵᠢᠯ ᠢ ᠪᠤᠯᠪᠠᠰᠤᠷᠠᠭᠤᠯᠬᠤ ᠶᠢᠨ ᠬᠠᠮᠲᠤ ᠡᠭᠦᠯᠳᠡᠷ ᠤᠨ ᠬᠤᠨᠢᠨ ᠤ ᠬᠠᠮᠢᠶᠠᠷᠤᠯᠲᠠ ᠦᠢᠯᠡᠴᠢᠯᠡᠭᠡᠨ ᠤ ᠡᠬᠡ ᠳᠠᠩᠰᠠ ᠶᠢ ᠪᠠᠶᠢᠭᠤᠯᠵᠤ ᠥᠭᠭᠦᠨ᠎ᠡ᠃ ᠴᠡᠭ ᠢᠶᠠᠷ ᠨᠡᠶᠢᠳᠡᠮ ᠢ ᠳᠠᠶᠢᠴᠢᠯᠠᠬᠤ ᠮᠢᠨ ᠱᠧᠩ ᠵᠡᠷᠭᠡ 4 ᠵᠠᠰᠠᠭ ᠵᠠᠬᠢᠷᠭᠠᠨ ᠤ ᠲᠣᠰᠬᠤᠨ ᠳᠤ 4 ᠰᠠᠶᠢᠨ ᠡᠭᠦᠯᠳᠡᠷ ᠦᠷᠡᠵᠢᠭᠦᠯᠦᠨ ᠪᠣᠶᠢᠵᠢᠭᠤᠯᠬᠤ ᠵᠢᠵᠢᠭ ᠬᠡᠯᠪᠡᠷᠢ ᠶᠢᠨ ᠰᠠᠭᠤᠷᠢᠨ ᠭᠠᠵᠠᠷ ᠢ ᠥᠭᠡᠷᠡᠴᠢᠯᠡᠨ ᠪᠠᠶᠢᠭᠤᠯᠵᠤ᠂ ᠰᠢᠯᠢᠳᠡᠭ ᠴᠡᠪᠡᠷ ᠡᠭᠦᠯᠳᠡᠷ ᠤᠨ ᠰᠠᠭᠤᠷᠢ ᠡᠬᠡ ᠮᠠᠯ ᠵᠢᠴᠢ ᠳ᠋ᠦ᠋ ᠬᠠᠨ ᠡᠭᠦᠯᠳᠡᠷ ᠤᠨ ᠬᠤᠴᠠ ᠶᠢ ᠣᠷᠣᠭᠤᠯᠤᠨ ᠠᠪᠴᠢᠷᠠᠵᠤ᠂ ᠰᠠᠶᠢᠨ ᠡᠭᠦᠯᠳᠡᠷ ᠦᠷᠡᠵᠢᠭᠦᠯᠦᠨ ᠪᠤᠶᠢᠵᠢᠭᠤᠯᠬᠤ ᠪᠠᠷ ᠳᠠᠮᠵᠢᠨ᠂ ᠪᠦᠬᠦ ᠰᠢᠶᠠᠩ ᠤᠨ ᠮᠠᠯ ᠤᠨ ᠡᠭᠦᠯᠳᠡᠷ ᠢ ᠰᠢᠯᠢᠳᠡᠭᠵᠢᠭᠦᠯᠬᠦ ᠠᠬᠢᠴᠠ ᠶᠢ ᠲᠦᠯᠬᠢᠨ ᠠᠬᠢᠭᠤᠯᠪᠠ᠃    ᠮᠢᠨ ᠱᠧᠩ ᠲᠣᠰᠬᠤᠨ ᠤ ᠶᠠᠳᠠᠭᠤ ᠬᠦᠴᠢᠷᠳᠡᠯᠲᠡᠢ ᠡᠷᠦᠬᠡ ᠶᠢᠨ ᠮᠠ ᠢᠦᠢ ᠪᠠᠶᠠᠷᠲᠠᠢ ᠪᠠᠷ᠄ ︽ᠤᠤᠯ ᠨᠢ ᠮᠠᠨ ᠤ ᠮᠠᠯᠵᠢᠭᠰᠠᠨ ᠬᠤᠨᠢᠨ ᠤ ᠡᠭᠦᠯᠳᠡᠷ ᠪᠠᠷᠤᠭᠲᠠᠢ᠂ ᠤᠨᠳᠤᠷᠤᠯᠭ᠎ᠠ ᠨᠢ ᠮᠠᠭᠤ ᠪᠣᠯᠬᠤᠷ ᠬᠤᠳᠠᠯᠳᠤᠬᠤ ᠳᠤ ᠪᠡᠷᠬᠡ᠂ ᠰᠢᠶᠠᠩ ᠤᠨ ᠵᠠᠰᠠᠭ ᠤᠨ ᠣᠷᠳᠣᠨ ᠪᠣᠯᠤᠨ ᠲᠣᠰᠬᠤᠨ ᠤ ᠠᠷᠠᠳ ᠤᠨ ᠵᠥᠪᠯᠡᠯ ᠳ᠋ᠦ᠋ ᠪᠥᠸᠧ ᠡᠭᠦᠯᠳᠡᠷ ᠤᠨ ᠬᠤᠨᠢ ᠶᠢ ᠠᠪᠴᠢᠷᠠᠭᠰᠠᠨ ᠠᠴᠠ ᠤᠨᠳᠤᠷᠤᠯᠭ᠎ᠠ ᠨᠢ ᠪᠠᠰᠠ ᠰᠠᠶᠢᠨ ᠪᠣᠯᠵᠠᠶ᠃ ᠬᠤᠳᠠᠯᠳᠤᠬᠤ ᠦᠨ᠎ᠡ ᠨᠢ ᠴᠦ ᠥᠩᠭᠡᠷᠡᠭᠰᠡᠨ ᠤ ᠬᠢ ᠠᠴᠠ ᠪᠠᠨ ᠥᠨᠳᠥᠷ ᠪᠣᠯᠵᠠᠶ᠃ ᠮᠠᠨ ᠤ ᠣᠷᠣᠯᠭ᠎ᠠ ᠶᠢ ᠨᠡᠮᠡᠭᠳᠡᠭᠦᠯᠵᠦ᠂ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠠᠯᠬᠤᠭ᠎ᠠ ᠶᠢ  ᠲᠦᠷᠭᠡᠳᠬᠡᠵᠡᠢ︾ ᠭᠡᠵᠦ ᠶᠠᠷᠢᠨ᠎ᠠ᠃                ᠣᠷᠴᠢᠭᠤᠯᠤᠭᠴᠢ᠄ ᠭᠡᠷᠡᠯ       ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2