︽ᠬᠤᠸᠠᠳᠧ ᠰᠢᠶᠠᠨ ᠤ ᠬᠤᠲᠠ ᠪᠠᠯᠭᠠᠰᠤᠨ ᠤ ᠶᠠᠳᠠᠭᠤ ᠬᠦᠴᠢᠷᠳᠡᠯᠲᠡᠶ ᠠᠵᠢᠯᠲᠠᠨ ᠠᠵᠢᠯᠴᠢᠨ ᠵᠡᠷᠭᠡ ᠭᠤᠤᠯᠳᠠᠯᠭ᠎ᠠ ᠲᠠᠢ ᠬᠥᠮᠦᠰ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠷᠡᠭᠵᠢᠭᠦᠯᠬᠦ ᠲᠥᠰᠦᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2020-06-04
   2020 ᠣᠨ ᠤ 4 ᠰᠠᠷ᠎ᠠ ᠶᠢᠨ 26 ᠤ ᠡᠳᠦᠷ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ︽ᠬᠤᠸᠠᠳᠧ ᠰᠢᠶᠠᠨ ᠤ ᠬᠤᠲᠠ ᠪᠠᠯᠭᠠᠰᠤᠨ ᠤ ᠬᠦᠴᠢᠷᠳᠡᠯᠲᠡᠶ ᠠᠵᠢᠯᠲᠠᠨ ᠠᠵᠢᠯᠴᠢᠨ ᠵᠡᠷᠭᠡ ᠭᠤᠤᠯᠳᠠᠯᠭ᠎ᠠ ᠲᠠᠢ ᠬᠠᠮᠲᠤᠯᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠷᠡᠭᠵᠢᠭᠦᠯᠬᠦ ᠲᠥᠰᠦᠯ︾ ︵ᠬᠤᠸᠠᠳᠧ ᠵᠠᠰᠠᠭ ᠠᠯᠪᠠᠨ ᠲᠠᠷᠬᠠᠭᠠᠭᠰᠠᠨ ︹ 2020 ︺ 20 ᠳ᠋ᠤᠭᠠᠷ ᠲᠣᠭᠠᠲᠤ᠂ ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠨᠢᠭᠡᠨᠲᠡ ᠳᠠᠷᠤᠮᠠᠯᠯᠠᠨ ᠲᠠᠷᠬᠠᠭᠠᠪᠠ᠂ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢᠨ ᠲᠠᠶᠢᠯᠤᠮᠵᠢ ᠨᠢ ᠳᠣᠤᠷᠠᠬᠢ ᠮᠡᠲᠦ᠃   ᠨᠢᠭᠡ᠂ ᠲᠤᠭᠤᠷᠪᠢᠭᠰᠠᠨ ᠠᠬᠤᠶ ᠪᠠᠶᠢᠳᠠᠯ    ︽ᠬᠡᠷᠡᠭᠵᠢᠭᠦᠯᠬᠦ ᠲᠥᠰᠦᠯ︾ ᠢ ᠲᠣᠭᠲᠠᠭᠠᠬᠤ ᠪᠣᠯ ᠤᠯᠤᠰ ᠤᠨ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠦᠴᠢᠷᠳᠡᠯᠲᠡᠢ ᠠᠵᠢᠯᠲᠠᠨ ᠠᠵᠢᠯᠴᠢᠨ ᠤ ᠬᠦᠴᠢᠷᠳᠡᠯ ᠠᠴᠠ ᠠᠩᠭᠢᠵᠢᠷᠠᠬᠤ ᠠᠵᠢᠯ ᠤᠨ ᠲᠤᠬᠠᠶ ᠤᠯᠤᠰ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠶᠢᠯᠠᠰᠢ ᠥᠬᠡᠶ ᠱᠠᠭᠠᠷᠳᠠᠯᠭ᠎ᠠ ᠪᠣᠯᠤᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠣᠯᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠬᠤ ᠶᠢᠨ ᠲᠥᠯᠥᠭᠡ ᠂ ᠬᠤᠲᠠ ᠶᠢᠨ ᠬᠦᠴᠢᠷᠳᠡᠯ ᠲᠠᠢ ᠠᠵᠢᠯᠲᠠᠨ ᠠᠵᠢᠯᠴᠢᠨ ᠤ ᠬᠦᠴᠢᠷᠳᠡᠯ ᠠᠴᠠ ᠠᠩᠭᠢᠵᠢᠷᠠᠵᠤ ᠬᠠᠪᠰᠤᠷᠤᠨ ᠲᠡᠳᠬᠦᠬᠦ ᠪᠠ ᠪᠠᠲᠤᠯᠠᠬᠤ ᠡᠷᠴᠢᠮ ᠢ ᠴᠢᠩᠭᠠᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠬᠤᠲᠠ ᠪᠠᠯᠭᠠᠰᠤ ᠶᠢᠨ ᠬᠦᠴᠢᠷᠳᠡᠯᠲᠡᠢ ᠠᠵᠢᠯᠲᠠᠨ ᠠᠵᠢᠯᠴᠢᠨ ᠤ ᠬᠦᠴᠢᠷᠳᠡᠯ ᠠᠴᠠ ᠠᠩᠭᠢᠵᠢᠷᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ︹ 2018 ︺ 47 ᠳ᠋ᠤᠭᠠᠷ ᠲᠣᠭᠠᠲᠤ︶᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠪᠠᠯᠭᠠᠰᠤ ᠶᠢᠨ ᠬᠦᠴᠢᠷᠳᠡᠯᠲᠡᠶ ᠠᠵᠢᠯᠲᠠᠨ ᠠᠵᠢᠯᠴᠢᠨ ᠵᠡᠷᠭᠡ ᠭᠤᠤᠯᠳᠠᠯᠭ᠎ᠠ ᠲᠠᠢ ᠬᠥᠮᠦᠰ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠬᠡᠷᠡᠭᠵᠢᠭᠦᠯᠬᠦ ᠲᠥᠰᠦᠯ︾ ︵ᠥᠪᠥᠷ ᠪᠦᠲᠦᠭᠡᠨ ᠪᠠᠶᠢᠭᠤᠯᠤᠯᠲᠠ ᠪᠠᠲᠤᠯᠠᠭ᠎ᠠ ︹ 2019 ︺ 160 ᠳ᠋ᠤᠭᠠᠷ ᠲᠣᠭᠠᠲᠤ︶ ᠪᠣᠯᠤᠨ ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ︽ᠬᠤᠲᠠ ᠪᠠᠯᠭᠠᠰᠤ ᠶᠢᠨ ᠣᠷᠣᠨ ᠰᠠᠭᠤᠴᠠ ᠬᠦᠴᠢᠷᠳᠡᠯᠲᠡᠶ ᠠᠵᠢᠯᠲᠠᠨ ᠠᠵᠢᠯᠴᠢᠨ ᠵᠡᠷᠭᠡ ᠭᠤᠤᠯᠳᠠᠯᠭ᠎ᠠ ᠲᠠᠢ ᠬᠥᠮᠦᠰ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠤᠨ ᠲᠥᠰᠦᠯ︾ ︵ᠤᠯᠠᠭᠠᠨᠴᠠᠪ ᠰᠠᠭᠤᠴᠠ ᠪᠠᠶᠢᠭᠤᠯᠤᠯᠲᠠ ︹ 2019 ︺ 16 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠲᠠ ᠨᠢᠭᠡᠳᠦᠯᠲᠡᠶ ᠲᠥᠯᠥᠪᠵᠢᠭᠦᠯᠵᠦ᠂ ᠵᠡᠷᠭᠡᠪᠡᠷ ᠠᠬᠢᠭᠤᠯᠤᠨ᠎ᠠ᠃ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︽ᠣᠷᠣᠨ ᠰᠠᠭᠤᠴᠠ ᠪᠠ ᠣᠷᠣᠨ ᠰᠠᠭᠤᠴᠠ ᠶᠢᠨ ᠠᠶᠤᠯᠲᠠᠶ ᠭᠡᠷ ᠪᠠᠶᠢᠰᠢᠩ ᠪᠠᠶᠢᠬᠤ ᠦᠭᠡᠢ ᠪᠤᠶᠤ ᠭᠡᠷ ᠲᠦᠷᠢᠶᠡᠰᠦᠯᠡᠬᠦ ᠵᠠᠷᠤᠳᠠᠯ ᠶᠡᠭᠡ ᠬᠦᠴᠢᠷᠳᠡᠯ ᠲᠠᠢ ᠠᠵᠢᠯᠲᠠᠨ ᠠᠵᠢᠯᠴᠢᠨ ᠳᠤ᠂ ᠣᠷᠣᠨ ᠰᠠᠭᠤᠴᠠ ᠶᠢᠨ ᠪᠠᠲᠤᠯᠠᠭ᠎ᠠ ᠪᠠᠷ ᠳᠠᠮᠵᠢᠨ ᠨᠢᠭᠡ ᠪᠦᠯᠦᠭ ᠢ ᠬᠦᠴᠢᠷᠳᠡᠯ ᠡᠴᠠ‌ᠨᠢ ᠠᠩᠭᠢᠵᠢᠷᠠᠭᠤᠯᠤᠨ᠎ᠠ᠃ ᠬᠤᠲᠠ ᠪᠠᠯᠭᠠᠰᠤᠨ ᠤ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠣᠷᠣᠨ ᠰᠠᠭᠤᠴᠠ ᠦᠭᠡᠶ ᠪᠠ ᠨᠤᠷᠠᠬᠤ ᠠᠶᠤᠯᠲᠠᠶ ᠭᠡᠷ ᠪᠠᠶᠢᠰᠢᠩ ᠲᠠᠢ ᠶᠠᠳᠠᠭᠤ ᠬᠦᠴᠢᠷᠳᠡᠯᠲᠡᠶ ᠠᠵᠢᠯᠲᠠᠨ ᠠᠵᠢᠯᠴᠢᠨ ᠤ ᠭᠡᠷ ᠪᠦᠯᠢ ᠳᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠥᠬᠦᠴᠡᠯ ᠳᠤ ᠨᠡᠶᠢᠴᠡᠬᠦ ᠶᠠᠳᠠᠭᠤ ᠬᠦᠴᠢᠷᠳᠡᠯᠲᠡᠶ ᠠᠵᠢᠯᠲᠠᠨ ᠠᠵᠢᠯᠴᠢᠨ ᠳᠤ ᠤᠯᠤᠰ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠡᠷ ᠲᠤᠬᠢᠷᠠᠭᠤᠯᠤᠨ ᠥᠭᠴᠦ ᠲᠦᠷᠢᠶᠡᠰᠦᠯᠡᠭᠦᠯᠬᠦ ᠪᠠ ᠳᠦᠷᠢᠶᠡᠰᠦᠯᠡᠯ ᠤᠨ ᠨᠥᠬᠦᠪᠥᠷᠢ ᠣᠯᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠲᠤᠯᠠᠬᠤ ᠬᠡᠷᠡᠭᠲᠡᠶ᠃︾ ᠲᠣᠰ ᠡᠭᠦᠷᠭᠡ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃   ᠬᠤᠶᠠᠷ᠂ ᠭᠤᠤᠯ ᠠᠭᠤᠯᠭ᠎ᠠ   ︵ᠨᠢᠭᠡ︶ ᠭᠤᠤᠯᠳᠠᠯᠭ᠎ᠠ ᠲᠠᠢ ᠬᠠᠮᠲᠤᠯᠢᠭ ᠤᠨ ᠪᠣᠳᠠᠲᠠᠶ ᠳ᠋ᠦᠶ᠋ᠰᠢᠶᠠᠩ ᠪᠠ ᠪᠠᠲᠤᠯᠠᠭ᠎ᠠ ᠶᠢᠨ ᠠᠷᠭ᠎ᠠ ᠮᠠᠶ᠋ᠢᠭ ᠢ ᠲᠣᠳᠤᠷᠬᠠᠶᠢᠯᠠᠨ᠎ᠠ    ︽ᠬᠡᠷᠡᠭᠵᠢᠭᠦᠯᠬᠦ ᠲᠥᠰᠦᠯ︾ ᠳᠤ᠂ ᠮᠠᠨ ᠤ ᠰᠢᠶᠠᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠵᠥᠪᠰᠢᠶᠡᠷᠡᠨ ᠣᠷᠤᠭᠤᠯᠬᠤ ᠨᠥᠬᠦᠴᠡᠯ ᠳᠤ ᠨᠡᠶᠢᠴᠡᠭᠰᠡᠨ ᠲᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠬᠤᠲᠠ ᠪᠠᠯᠭᠠᠰᠤᠨ ᠤ ᠬᠦᠴᠢᠷᠳᠡᠯᠲᠡᠢ ᠠᠵᠢᠯᠲᠠᠨ ᠠᠵᠢᠯᠴᠢᠨ᠂ ᠦᠨᠡᠨ ᠶᠣᠰᠣᠨ ᠤ ᠲᠥᠯᠥᠭᠡ ᠡᠷᠡᠯᠬᠡᠭ ᠢᠶᠠᠷ ᠲᠡᠮᠡᠴᠡᠭᠰᠡᠨ ᠬᠥᠮᠦᠰ᠂ ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠭᠥᠷᠳᠡᠭᠰᠡᠨ ᠠᠰᠠᠷᠠᠨ ᠬᠠᠷᠠᠭᠠᠯᠵᠠᠬᠤ ᠡᠲᠡᠭᠡᠳ᠂ ᠥᠨᠥᠴᠢᠨ ᠨᠠᠰᠤᠲᠠᠶ ᠡᠪᠡᠳᠴᠢᠲᠡᠨ ᠵᠡᠮᠳᠡᠭ ᠬᠥᠮᠦᠰ᠂ ᠣᠷᠣᠨ ᠰᠠᠭᠤᠴᠠ ᠶᠢᠨ ᠠᠪᠤᠷᠠᠨ ᠲᠤᠰᠠᠯᠠᠬᠤ ᠡᠲᠡᠭᠡᠳ᠂ ᠲᠦᠯᠦᠪᠯᠡᠭᠡᠲᠤ ᠦᠷᠡᠵᠢᠯ ᠤᠨ ᠣᠨᠴᠠᠭᠠᠶ ᠬᠡᠷ ᠪᠦᠯᠢ᠂ ᠬᠢᠯᠢ ᠬᠢᠵᠠᠭᠠᠷ ᠤᠨ ᠬᠠᠲᠠᠭᠤ ᠪᠡᠷᠬᠡᠰᠢᠶᠡᠯᠲᠡᠶ ᠭᠠᠵᠠᠷ ᠣᠷᠣᠨ ᠤ ᠬᠥᠳᠡᠭᠡ ᠲᠣᠰᠬᠤᠨ ᠤ ᠰᠤᠷᠭᠠᠭᠤᠯᠢ ᠶᠢᠨ ᠪᠠᠭᠰᠢ᠂ ᠵᠠᠯᠠᠭᠤ ᠡᠮᠴᠢ᠂ ᠵᠠᠯᠠᠭᠤ ᠪᠠᠭᠰᠢ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠴᠢᠨ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠵᠢᠯᠣᠭᠤᠴᠢ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠬᠡᠷ ᠪᠦᠯᠢ᠂ ᠭᠠᠪᠢᠶ᠎ᠠ ᠵᠢᠳᠬᠦᠯ ᠢᠷᠠᠭᠤ ᠠᠯᠳᠠᠷ ᠤᠨ  ᠰᠠᠶᠢᠰᠢᠶᠠᠯ ᠬᠦᠬᠢᠭᠦᠯᠦᠯ ᠬᠦᠷᠲᠡᠭᠴᠢ᠂ ᠬᠤᠲᠠ ᠣᠷᠣᠵᠤ ᠬᠦᠯᠦᠰᠦᠨ ᠠᠵᠢᠯᠴᠢᠨ ᠪᠣᠯᠣᠭᠰᠠᠨ ᠳᠡᠩᠰᠡᠯᠡᠨ ᠺᠠᠷᠲᠯᠠᠭᠰᠠᠨ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠵᠢᠴᠢ ᠪᠤᠰᠤᠳ ᠨᠦᠭᠦᠴᠡᠯ ᠳᠤ ᠨᠡᠶᠢᠴᠡᠭᠰᠡᠨ ᠣᠷᠤᠨ ᠰᠠᠭᠤᠴᠠ ᠶᠢᠨ ᠬᠦᠴᠢᠷᠳᠡᠯᠲᠡᠢ ᠣᠯᠠᠨ ᠲᠦᠮᠡᠨ ᠪᠠᠭᠲᠠᠨ᠎ᠠ᠃ ᠡᠭᠦᠨ ᠳᠤ᠂ ᠵᠥᠪᠰᠢᠶᠡᠷᠡᠨ ᠣᠷᠣᠭᠤᠯᠬᠤ ᠨᠥᠬᠦᠴᠡᠯ ᠳᠤ ᠨᠡᠶᠢᠴᠡᠬᠦ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠬᠥᠮᠦᠰ᠂ ᠤᠯᠤᠰ ᠠᠴᠠ ᠲᠣᠭᠲᠠᠮᠠᠯ ᠬᠤᠭᠤᠴᠠᠭᠠᠲᠤ ᠠᠰᠠᠷᠠᠮᠵᠢ ᠶᠢᠨ ᠨᠥᠬᠦᠪᠥᠷᠢ ᠬᠦᠷᠲᠡᠬᠦ ᠠᠰᠠᠷᠠᠨ ᠬᠠᠷᠠᠭᠠᠯᠵᠠᠬᠤ ᠡᠲᠡᠭᠡᠳ᠂ ᠥᠨᠥᠴᠢᠨ ᠨᠠᠰᠤᠲᠠᠨ ᠡᠪᠡᠳᠴᠢᠨ ᠲᠠᠢ ᠵᠡᠮᠳᠡᠭ ᠬᠥᠮᠦᠰ᠂ ᠣᠷᠣᠨ ᠰᠠᠭᠤᠴᠠ ᠶᠢᠨ ᠠᠪᠤᠷᠠᠨ ᠲᠤᠰᠠᠯᠠᠬᠤ ᠡᠲᠡᠭᠡᠳ᠂ ᠲᠥᠯᠥᠪᠯᠡᠭᠡᠲᠦ ᠦᠷᠡᠵᠢᠯ ᠤᠨ ᠣᠨᠴᠠᠭᠠᠢ ᠭᠡᠷ ᠪᠦᠯᠢ᠂ ᠭᠠᠪᠢᠶ᠎ᠠ ᠵᠢᠳᠬᠦᠯ ᠢᠷᠠᠭᠤ ᠠᠯᠳᠠᠷ ᠢ ᠬᠥᠬᠢᠭᠦᠯᠦᠨ ᠱᠠᠩᠨᠠᠬᠤ ᠬᠥᠮᠦᠰ᠂ ᠬᠤᠲᠠ ᠣᠷᠣᠵᠤ ᠠᠵᠢᠯ ᠬᠥᠳᠡᠯᠮᠦᠷᠢ ᠬᠢᠵᠦ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠵᠡᠷᠭᠡ ᠶᠢ ᠠᠳᠠᠯᠢ ᠨᠥᠬᠦᠴᠡᠯ ᠤᠨ ᠳᠣᠤᠷ᠎ᠠ ᠤᠷᠢᠳᠠᠪᠡᠷ ᠪᠠᠲᠤᠯᠠᠨ᠎ᠠ᠃   ᠭᠤᠤᠯᠳᠠᠯᠭ᠎ᠠ ᠲᠠᠢ ᠣᠯᠠᠨ ᠲᠦᠮᠡᠨ ᠤ ᠪᠣᠳᠠᠲᠠᠶ ᠳ᠋ᠦᠶ᠋ᠰᠢᠶᠠᠩ ᠳᠤ ᠵᠢᠭᠰᠠᠭᠠᠬᠤ ᠲᠥᠷᠥ ᠶᠢᠨ ᠪᠣᠳᠣᠯᠭ᠎ᠠ ᠶᠢᠨ ᠦᠨᠳᠦᠰᠦ ᠪᠠᠷᠢᠮᠲᠠ᠄    1᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽ᠬᠤᠲᠠ ᠪᠠᠯᠭᠠᠰᠤ ᠶᠢᠨ ᠬᠦᠴᠢᠷᠳᠡᠯᠲᠡᠶ ᠠᠵᠢᠯᠲᠠᠨ ᠠᠵᠢᠯᠴᠢᠨ ᠤ ᠬᠦᠴᠢᠷᠳᠡᠯ ᠠᠴᠠ ᠠᠩᠭᠢᠵᠢᠷᠠᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ︹ 2018 ︺ 47 ᠳ᠋ᠤᠭᠠᠷ ᠲᠣᠭᠠᠲᠤ︶᠄ ᠬᠤᠲᠠ ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠣᠷᠣᠨ ᠰᠠᠭᠤᠴᠠ ᠦᠭᠡᠶ ᠪᠠ ᠨᠤᠷᠠᠬᠤ ᠠᠶᠤᠯᠲᠠᠶ ᠭᠡᠷ ᠪᠠᠶᠢᠰᠢᠩ ᠲᠠᠢ ᠶᠠᠳᠠᠭᠤ ᠬᠦᠴᠢᠷᠲᠡᠶ ᠠᠵᠢᠯᠲᠠᠨ ᠠᠵᠢᠯᠴᠢᠨ ᠤ ᠭᠡᠷ ᠪᠦᠯᠢ ᠳᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠥᠬᠦᠴᠡᠯ ᠳᠤ ᠨᠡᠶᠢᠴᠡᠬᠦ ᠬᠦᠴᠢᠷᠳᠡᠯᠲᠡᠶ ᠠᠵᠢᠯᠲᠠᠨ ᠠᠵᠢᠯᠴᠢᠨ ᠳᠤ ᠤᠯᠤᠰ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠤᠭᠠᠷ ᠭᠡᠷ ᠲᠤᠬᠢᠷᠠᠭᠤᠯᠤᠨ ᠥᠭᠴᠦ ᠲᠦᠷᠢᠶᠡᠰᠦᠯᠡᠭᠦᠯᠬᠦ ᠪᠠ ᠲᠦᠷᠢᠶᠡᠰᠦᠯᠡᠬᠦ ᠨᠥᠬᠦᠪᠥᠷᠢ ᠣᠯᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠲᠤᠯᠠᠭ᠎ᠠ ᠣᠯᠭᠤᠬᠤ ᠬᠡᠷᠡᠭᠲᠡᠶ᠃    2᠂ ︽ᠬᠤᠲᠠ ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ︹ 2013 ︺ 70 ᠳ᠋ᠤᠭᠠᠷ ᠲᠣᠭᠠᠲᠤ︶᠄ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠨᠢᠭᠡᠳᠦᠭᠡᠷ ᠹᠷᠣᠨᠲ ᠤᠨ ᠬᠠᠲᠠᠭᠤ ᠪᠡᠷᠬᠡ ᠠᠵᠢᠯ ᠤᠨ ᠪᠠᠶᠢᠷᠢ ᠶᠢᠨ ᠬᠥᠮᠦᠰ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠬᠥᠮᠦᠰ᠂ ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠭᠥᠷᠳᠡᠭᠰᠡᠨ ᠠᠰᠠᠷᠠᠨ ᠬᠠᠷᠠᠭᠠᠯᠵᠠᠬᠤ ᠡᠲᠡᠭᠡᠳ᠂ ᠠᠮᠢ ᠠᠬᠤᠶ ᠶᠢᠨ ᠨᠡᠭᠦᠳᠡᠯ ᠠᠷᠠᠳ ᠤᠨ ᠶᠠᠪᠤᠴᠠ ᠳᠤ ᠬᠤᠲᠠ ᠳᠤ ᠣᠷᠣᠵᠤ ᠠᠵᠢᠯ ᠣᠯᠤᠭᠰᠠᠨ ᠮᠠᠯᠴᠢᠨ ᠲᠠᠷᠢᠶᠠᠴᠢᠨ᠂ ᠥᠨᠥᠴᠢᠨ ᠨᠠᠰᠤᠲᠠᠶ ᠡᠪᠡᠳᠴᠢᠨ ᠲᠠᠢ ᠵᠡᠮᠳᠡᠭ ᠬᠥᠮᠦᠰ ᠵᠡᠷᠭᠡ ᠶᠢ ᠠᠳᠠᠯᠢ ᠨᠥᠬᠦᠴᠡᠯ ᠤᠨ ᠳᠣᠤᠷ᠎ᠠ ᠤᠷᠢᠳᠠᠪᠠᠷ ᠪᠠᠲᠤᠯᠠᠨ᠎ᠠ᠃    3᠂ ︽ᠨᠡᠶᠢᠭᠡᠮ ᠤᠨ ᠠᠪᠤᠷᠠᠨ ᠲᠤᠰᠠᠯᠠᠬᠤ ᠲᠦᠷ ᠬᠡᠷᠡᠭᠵᠢᠭᠦᠯᠬᠦ ᠠᠷᠭ᠎ᠠ︾ ︵2014 ᠣᠨ ᠤ 2 ᠰᠠᠷ᠎ᠠ ᠶᠢᠨ 21 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 649 ᠳ᠋ᠦ᠋ᠭᠡᠷ ᠲᠣᠭᠠᠲᠤ︶᠄ ᠭᠤᠴᠢᠨ ᠳᠣᠯᠣᠳᠤᠭᠠᠷ ᠵᠣᠷᠪᠤᠰ ᠲᠤ᠂ ᠤᠯᠤᠰ ᠠᠴᠠ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ᠣᠷᠣᠨ ᠰᠠᠭᠤᠴᠠ ᠶᠢᠨ ᠬᠦᠴᠢᠷᠳᠡᠯ ᠲᠠᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ᠂ ᠲᠠᠷᠠᠬᠠᠶ ᠪᠤᠲᠠᠷᠬᠠᠶ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠶ ᠬᠥᠮᠦᠰ ᠲᠤ ᠣᠷᠣᠨ ᠰᠠᠭᠤᠴᠠ ᠶᠢᠨ ᠲᠤᠰᠠᠯᠠᠮᠵᠢ ᠦᠵᠡᠭᠦᠯᠬᠦ ᠬᠡᠷᠡᠭᠲᠡᠶ᠃ ᠭᠤᠴᠢᠨ ᠨᠠᠢᠮᠠᠳᠤᠭᠠᠷ  ᠵᠣᠷᠪᠤᠰ ᠲᠤ᠂  ᠣᠷᠣᠨ ᠰᠠᠭᠤᠴᠠ ᠶᠢᠨ ᠠᠪᠤᠷᠠᠨ ᠲᠤᠰᠠᠯᠠᠯᠲᠠ ᠶᠢ ᠣᠯᠠᠨ ᠨᠡᠶᠢᠲᠡ ᠶᠢᠨ ᠲᠦᠷᠢᠶᠡᠰᠦᠨ ᠣᠷᠤᠨ ᠰᠠᠭᠤᠴᠠ ᠲᠤᠬᠢᠷᠠᠭᠤᠯᠤᠨ ᠲᠦᠷᠢᠶᠡᠰᠦᠯᠡᠭᠦᠯᠬᠦ᠂ ᠲᠦᠷᠢᠶᠡᠰᠦᠯᠡᠬᠦ ᠨᠥᠬᠦᠪᠥᠷᠢ ᠣᠯᠭᠤᠬᠤ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠡᠷᠡᠭᠵᠢᠭᠦᠯᠦᠨ᠎ᠡ᠃ ᠳᠥᠴᠢᠳᠦᠭᠡᠷ ᠵᠣᠷᠪᠤᠰ ᠲᠤ᠂ ᠬᠤᠲᠠ ᠪᠠᠯᠭᠠᠰᠤᠨ ᠤ ᠭᠡᠷ ᠪᠦᠯᠢ ᠣᠷᠣᠨ ᠰᠠᠭᠤᠴᠠ ᠶᠢᠨ ᠠᠪᠤᠷᠠᠨ ᠲᠤᠰᠠᠯᠠᠯᠲᠠ ᠭᠤᠶᠤᠴᠢᠯᠠᠭᠰᠠᠨ ᠪᠠᠶᠢᠪᠠᠯ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠰᠠᠯᠠᠭ᠎ᠠ ᠮᠦᠴᠢᠷ ᠲᠤ ᠰᠢᠭᠤᠳ ᠳᠤᠷᠠᠳᠴᠤ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠭᠡᠷ ᠪᠦᠯᠢ ᠶᠢᠨ ᠣᠷᠣᠯᠭ᠎ᠠ᠂ ᠡᠳ᠋ ᠬᠥᠷᠥᠩᠭᠡ ᠶᠢᠨ ᠪᠠᠶᠢᠳᠠᠯ ᠪᠠ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠭᠡᠷ ᠪᠦᠯᠢ ᠶᠢᠨ ᠣᠷᠣᠨ ᠰᠠᠭᠤᠴᠠ ᠶᠢᠨ ᠪᠠᠶᠢᠳᠠᠯ ᠢ ᠬᠢᠨᠠᠨ ᠬᠠᠷᠭᠤᠭᠤᠯᠬᠤ ᠶᠢᠨ ᠬᠠᠮᠲᠤ ᠢᠯᠡ ᠨᠡᠶᠢᠲᠡᠯᠡᠭᠰᠡᠨ ᠤ ᠳᠠᠷᠠᠭ᠎ᠠ᠂ ᠭᠤᠶᠤᠴᠢᠯᠠᠬᠤ ᠨᠥᠬᠦᠴᠡᠯ ᠳᠤ ᠨᠡᠶᠢᠴᠡᠬᠦ ᠠᠯᠤᠰ ᠤᠨ ᠭᠤᠶᠤᠴᠢᠯᠠᠭᠴᠢ ᠳᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠤᠷᠢᠳᠠᠪᠠᠷ ᠪᠠᠲᠤᠯᠠᠭ᠎ᠠ ᠣᠯᠭᠤᠨ᠎ᠠ᠃    4᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ︽ᠲᠥᠯᠥᠪᠯᠡᠭᠡᠲᠦ ᠦᠷᠡᠵᠢᠯ ᠤᠨ ᠣᠨᠴᠠᠭᠠᠢ ᠬᠡᠷ ᠪᠦᠯᠢ ᠶᠢ ᠲᠡᠳᠬᠦᠨ ᠲᠤᠰᠠᠯᠠᠬᠤ ᠬᠠᠯᠠᠮᠵᠢᠯᠠᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠵᠥᠪᠯᠡᠯ ᠤᠨ ᠬᠡᠷᠡᠭᠵᠢᠭᠦᠯᠬᠦ ᠰᠠᠨᠠᠯ︾ ︵ᠥᠪᠥᠷ ᠡᠷᠡᠭᠦᠯ ᠲᠦᠯᠦᠪᠯᠡᠭᠡᠲᠤ ᠬᠡᠷ ᠪᠦᠯᠢ ᠲᠠᠷᠬᠠᠭᠠᠭᠰᠠᠨ ︹ 2015 ︺ 259 ᠳ᠋ᠦ᠋ᠭᠡᠷ ᠲᠣᠭᠠᠲᠤ︶᠄ ᠣᠯᠠᠨ ᠨᠡᠶᠢᠲᠡ ᠶᠢᠨ ᠳᠦᠷᠢᠶᠡᠰᠦᠨ ᠣᠷᠣᠨ ᠰᠠᠭᠤᠴᠠ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠠᠶᠢᠵᠢᠷᠠᠭᠤᠯᠬᠤ ᠪᠠᠷ ᠭᠤᠶᠤᠴᠢᠯᠠᠬᠤ ᠨᠥᠬᠦᠴᠡᠯ ᠳᠤ ᠨᠡᠶᠢᠴᠡᠭᠰᠡᠨ ᠲᠥᠯᠥᠪᠯᠡᠭᠡᠲᠦ ᠦᠷᠡᠵᠢᠯ ᠤᠨ ᠣᠨᠴᠣᠭᠤᠶ ᠬᠡᠷ ᠪᠦᠯᠢ ᠳᠤ ᠤᠷᠢᠳᠠᠪᠠᠷ ᠲᠣᠬᠢᠷᠠᠭᠤᠯᠤᠨ᠎ᠠ    5᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ︽ᠰᠢᠶᠠᠨ ᠤ ᠬᠡᠪᠴᠢᠶᠡᠨ ᠳᠠᠬᠢ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ ︾ ︵ᠲᠥᠷᠥ ᠲᠠᠷᠬᠠᠭᠠᠭᠰᠠᠨ ︹ 2016 ︺ 40 ᠳ᠋ᠦ᠋ᠭᠡᠷ ᠲᠣᠭᠠᠲᠤ︶᠄ ᠨᠥᠬᠦᠴᠡᠯ ᠳᠤ ᠨᠡᠶᠢᠴᠡᠬᠦ ᠬᠢᠯᠢ ᠬᠢᠵᠠᠭᠠᠷ ᠤᠨ ᠬᠠᠲᠠᠭᠤ ᠪᠡᠷᠬᠡᠰᠢᠶᠡᠯᠲᠡᠶ ᠭᠠᠵᠠᠷ ᠣᠷᠣᠨ ᠤ ᠬᠥᠳᠡᠭᠡ ᠲᠣᠰᠬᠤᠨ ᠤ ᠰᠤᠷᠭᠠᠭᠤᠯᠢ ᠶᠢᠨ ᠪᠠᠭᠰᠢ ᠶᠢ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮᠵᠢ ᠳᠤ ᠣᠷᠣᠭᠤᠯᠤᠨ᠎ᠠ᠃ ᠬᠢᠯᠢ ᠬᠢᠵᠠᠭᠠᠷ ᠬᠠᠲᠠᠭᠤ ᠪᠡᠷᠬᠡᠰᠢᠶᠡᠯᠲᠡᠶ ᠭᠠᠵᠠᠷ ᠣᠷᠣᠨ ᠤ ᠬᠥᠳᠡᠭᠡ ᠲᠣᠰᠬᠤᠨ ᠤ ᠪᠠᠭᠰᠢ ᠶᠢᠨ ᠡᠷᠭᠢᠯᠲᠡ ᠶᠢᠨ ᠪᠠᠶᠢᠷᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃    6᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ︽ᠣᠷᠣᠨ ᠰᠠᠭᠤᠴᠠ ᠶᠢᠨ ᠲᠦᠷᠢᠶᠡᠰᠦᠯᠡᠯ ᠤᠨ ᠵᠠᠬ᠎ᠠ ᠳᠡᠯᠭᠡᠭᠦᠷ ᠢ ᠲᠦᠷᠭᠡᠳᠬᠡᠨ ᠪᠤᠶᠢᠵᠢᠭᠤᠯᠤᠨ ᠬᠥᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ ᠤᠳ︾ ︵ᠲᠥᠷᠥ ᠠᠯᠪᠠᠨ ᠲᠠᠷᠬᠠᠭᠠᠭᠰᠠᠨ ︹ 2016 ︺ 39 ᠳ᠋ᠦ᠋ᠭᠡᠷ ᠲᠣᠭᠠᠲᠤ︶᠄ ᠬᠤᠲᠠ ᠪᠠᠯᠭᠠᠰᠤᠨ ᠳᠤ ᠲᠣᠭᠲᠠᠪᠤᠷᠢᠲᠠᠶ ᠠᠵᠢᠯ ᠣᠯᠤᠭᠰᠠᠨ ᠭᠠᠳᠠᠨ᠎ᠠ ᠠᠴᠠ ᠢᠷᠡᠵᠦ ᠬᠦᠴᠦ ᠶᠠᠪᠤᠭᠰᠠᠳ᠂ ᠰᠢᠨ᠎ᠡ ᠪᠠᠷ ᠠᠵᠢᠯ ᠣᠯᠤᠭᠰᠠᠨ ᠣᠶᠤᠲᠠᠨ ᠪᠠ ᠵᠠᠯᠠᠭᠤ ᠡᠮᠴᠢ᠂ ᠵᠠᠯᠠᠭᠤ ᠪᠠᠭᠰᠢ ᠵᠡᠷᠭᠡ ᠲᠤᠰᠬᠠᠶ ᠮᠡᠷᠭᠡᠵᠢᠯ ᠤᠨ ᠠᠵᠢᠯᠲᠠᠨ᠂ ᠲᠤᠬᠠᠶ ᠶᠢᠨ ᠭᠠᠵᠠᠷ ᠤᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠡᠶᠢᠲᠡ ᠶᠢᠨ ᠲᠦᠷᠢᠶᠡᠰᠦᠨ ᠭᠡᠷ ᠪᠠᠶᠢᠰᠢᠩ ᠢ ᠵᠥᠪᠰᠢᠶᠡᠷᠡᠨ ᠣᠷᠣᠭᠤᠯᠬᠤ ᠨᠥᠬᠦᠴᠡᠯ ᠳᠤ ᠨᠡᠶᠢᠴᠡᠭᠰᠡᠨ ᠪᠦᠬᠦᠨ ᠢ ᠨᠡᠶᠢᠲᠡ ᠶᠢᠨ ᠲᠦᠷᠢᠶᠡᠰᠦᠨ ᠭᠡᠷ ᠪᠠᠶᠢᠰᠢᠩ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠬᠤ ᠬᠡᠷᠡᠭᠲᠡᠶ᠃    7. ︽ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠢ ᠲᠡᠭᠦᠯᠳᠡᠷᠵᠢᠭᠦᠯᠬᠦ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ ᠤᠨ ᠪᠠᠲᠤᠯᠠᠭ᠎ᠠ ᠶᠢᠨ ᠪᠢᠴᠢᠭ ︹ 2017 ︺ 634 ᠳ᠋ᠦ᠋ᠭᠡᠷ ᠲᠣᠭᠠᠲᠤ︶᠄ ᠬᠤᠲᠠ ᠶᠢᠨ ᠨᠠᠭᠠᠳᠤ ᠵᠠᠬ᠎ᠠ ᠶᠢᠨ ᠪᠠᠲᠤᠯᠠᠭ᠎ᠠ᠂ ᠣᠷᠣᠯᠭ᠎ᠠ ᠪᠠᠭᠠᠲᠠᠶ ᠣᠷᠣᠨ ᠰᠠᠭᠤᠴᠠ ᠬᠦᠴᠢᠷᠳᠡᠯᠲᠡᠶ ᠬᠡᠷ ᠪᠦᠯᠢ ᠶᠢᠨ ᠪᠠᠲᠤᠯᠠᠪᠠᠰᠤ ᠵᠣᠬᠢᠬᠤ ᠶᠢ ᠨᠢ ᠠᠯᠢ ᠴᠢᠳᠠᠬᠤ ᠪᠠᠷ ᠪᠠᠲᠤᠯᠠᠬᠤ ᠶᠢ ᠦᠨᠡᠨ ᠬᠦ ᠪᠠᠲᠤᠯᠠᠨ᠎ᠠ᠃ ᠤᠯᠤᠰ ᠤᠨ ᠲᠣᠭᠲᠠᠮᠠᠯ ᠬᠤᠭᠤᠴᠠᠭᠠᠨ ᠤ ᠠᠰᠠᠷᠠᠮᠵᠢ ᠶᠢᠨ ᠨᠥᠬᠦᠪᠥᠷᠢ ᠶᠢ ᠬᠦᠷᠲᠡᠬᠦ ᠨᠥᠬᠦᠴᠡᠯ ᠳᠤ ᠨᠡᠶᠢᠴᠡᠭᠰᠡᠨ ᠬᠠᠷᠠᠭᠠᠯᠵᠠᠯ ᠬᠦᠷᠲᠡᠬᠦ ᠡᠲᠡᠭᠡᠳ᠂ ᠥᠨᠥᠴᠢᠨ ᠨᠠᠰᠤᠲᠠᠨ ᠡᠪᠡᠳᠴᠢᠲᠡᠶ ᠵᠡᠮᠳᠡᠭ ᠬᠥᠮᠦᠰ ᠵᠡᠷᠭᠡ ᠡᠯ᠎ᠡ ᠲᠥᠷᠥᠯ ᠤᠨ ᠣᠨᠴᠠᠭᠠᠶ ᠬᠦᠴᠢᠷᠳᠡᠯᠲᠡᠶ ᠭᠡᠷ ᠪᠦᠯᠢ ᠶᠢ ᠡᠩ ᠲᠡᠷᠢᠭᠦᠨ ᠳᠤ ᠪᠠᠲᠤᠯᠠᠨ᠎ᠠ ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠨ᠂ ᠨᠡᠶᠢᠲᠡ ᠶᠢᠨ ᠮᠠᠰᠢᠨ ᠲᠡᠷᠭᠡᠨ ᠤ ᠵᠢᠯᠣᠭᠤᠴᠢ ᠵᠡᠷᠭᠡ ᠣᠷᠣᠨ ᠰᠠᠭᠤᠴᠠ ᠶᠢᠨ ᠬᠦᠴᠢᠷᠳᠡᠯ ᠥᠷᠭᠡᠨ ᠠᠵᠢᠯ ᠲᠥᠷᠥᠯ ᠤᠨ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠨᠦᠭᠦᠴᠡᠯ ᠢ ᠢᠳᠡᠪᠬᠢᠲᠡᠶ ᠰᠠᠶᠢᠵᠢᠷᠠᠭᠤᠯᠤᠨ᠎ᠠ᠃    8᠂ ︽ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠵᠤ ᠪᠠᠲᠤᠯᠠᠬᠤ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠪᠠᠲᠤᠯᠠᠬᠤ ᠠᠵᠢᠯ ᠤᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠤ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠰᠠᠨᠠᠯ ᠬᠤᠷᠢᠶᠠᠬᠤ ᠵᠠᠬᠢᠳᠠᠯ︾ ︵ᠥᠪᠥᠷ ᠠᠷᠠᠳ ᠤᠨ ᠶᠠᠪᠤᠳᠠᠯ ᠨᠡᠶᠢᠭᠡᠮ ᠤᠨ ᠶᠠᠪᠤᠳᠠᠯ ︹ 2018 ︺ 38 ᠳ᠋ᠤᠭᠠᠷ ᠲᠣᠭᠠᠲᠤ︶ ᠤᠨ ᠳᠣᠲᠣᠷᠠᠬᠢ  ᠥᠪᠡᠷᠲᠡᠭᠡᠨ‌ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠪᠣᠯ᠄ ᠪᠥᠬᠦ ᠣᠷᠣᠨ ᠤ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠢ ᠵᠢᠯᠣᠭᠤᠳᠴᠤ ᠪᠠᠶᠢᠭᠠᠳ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠲᠤᠬᠢᠷᠠᠭᠤᠯᠤᠨ ᠲᠦᠷᠢᠶᠡᠰᠦᠯᠡᠭᠦᠯᠬᠦ ᠪᠤᠶᠤ ᠲᠦᠷᠢᠶᠡᠰᠦᠯᠡᠯ ᠤᠨ ᠨᠥᠬᠦᠪᠥᠷᠢ ᠣᠯᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠷᠣᠨ ᠰᠠᠭᠤᠴᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠲᠠᠷᠢᠶᠠᠴᠢᠨ ᠬᠦᠴᠦ ᠶᠠᠪᠤᠭᠰᠠᠳ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠭᠡᠷ ᠪᠦᠯᠢ ᠶᠢ ᠪᠠᠲᠤᠯᠠᠭ᠎ᠠ ᠶᠢᠨ ᠬᠡᠪᠴᠢᠶᠡᠨ ᠳᠤ ᠣᠷᠤᠭᠤᠯᠤᠨ᠎ᠠ᠃    9᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ︽ᠭᠠᠪᠢᠶ᠎ᠠ ᠵᠢᠳᠬᠦᠯ ᠢᠷᠠᠭᠤ ᠠᠯᠳᠠᠷ ᠤᠨ ᠬᠥᠬᠢᠭᠦᠯᠦᠯ ᠭᠥᠷᠳᠡᠭᠰᠡᠳ ᠢ ᠬᠥᠬᠢᠭᠦᠯᠦᠨ ᠱᠠᠩᠨᠠᠬᠤ ᠬᠠᠷᠠᠭᠠᠯᠵᠠᠯ ᠤᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠲᠣᠭᠲᠠᠭᠠᠯ ︵ᠲᠤᠷᠰᠢᠨ‌‍ᠬᠡᠷᠡᠭᠵᠢᠭᠦᠯᠬᠦ︶᠂ ᠠᠮᠢᠳᠤᠷᠠᠯ ᠤᠨ ᠬᠦᠴᠢᠷᠳᠡᠯ ᠤᠨ ᠬᠥᠬᠢᠭᠦᠯᠦᠯ ᠭᠥᠷᠳᠡᠭᠰᠡᠳ ᠢ ᠬᠠᠪᠰᠤᠷᠤᠨ ᠲᠡᠳᠬᠦᠬᠦ ᠠᠷᠭ᠎ᠠ ︵ᠲᠤᠷᠰᠢᠨ ᠬᠡᠷᠡᠭᠵᠢᠭᠦᠯᠬᠦ︶ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠲᠥᠪ ᠠᠯᠪᠠᠨ‌‍ᠲ᠋ᠠᠷᠬᠠᠭᠠᠭᠰᠠᠨ ︹ 2018 ︺31 ᠳ᠋ᠦ᠋ᠭᠡᠷ ᠲᠣᠭᠠᠲᠤ︶᠄ ᠲᠤᠬᠠᠶ ᠶᠢᠨ ᠭᠠᠵᠠᠷ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠭᠰᠡᠨ ᠬᠠᠪᠰᠤᠷᠤᠨ ᠲᠡᠳᠬᠦᠬᠦ ᠡᠲᠡᠭᠡᠳ ᠢ ᠠᠳᠠᠯᠢ ᠨᠥᠬᠦᠴᠡᠯ ᠳᠣᠤᠷ᠎ᠠ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ ᠤᠷᠢᠳᠠᠪᠠᠷ ᠬᠠᠩᠭᠠᠨ᠎ᠠ᠃ ᠣᠷᠣᠨ ᠰᠠᠭᠤᠴᠠ ᠨᠢ ᠣᠨᠴᠠ ᠬᠦᠴᠢᠷᠳᠡᠯᠲᠡᠶ ᠪᠣᠯ ᠲᠣᠭᠲᠠᠭᠠᠯ ᠶᠣᠰᠣᠭᠠᠷ ᠣᠷᠣᠨ ᠰᠠᠭᠤᠴᠠ ᠬᠠᠪᠰᠤᠷᠤᠨ ᠲᠡᠳᠬᠦᠬᠦ ᠶᠢ ᠬᠠᠩᠭᠠᠵᠤ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠲᠤᠬᠢᠷᠠᠭᠤᠯᠤᠨ ᠲᠦᠷᠢᠶᠡᠰᠦᠯᠡᠭᠦᠯᠬᠦ᠂ ᠳᠦᠷᠢᠶᠡᠰᠦᠯᠡᠯ ᠤᠨ ᠨᠥᠬᠦᠪᠥᠷᠢ ᠣᠯᠭᠤᠬᠤ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠠᠶᠢᠵᠢᠷᠠᠭᠤᠯᠬᠤ ᠵᠡᠷᠭᠡ ᠲᠠᠯ᠎ᠠ ᠪᠠᠷ ᠬᠠᠪᠰᠤᠷᠤᠨ ᠲᠡᠳᠬᠦᠨ᠎ᠡ᠃    10. ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ 12 ᠶᠠᠮᠤᠨ ᠵᠥᠪᠯᠡᠯ ᠬᠤᠲᠠ ᠣᠷᠣᠭᠰᠠᠨ ᠬᠦᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠳᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠤᠷᠢᠳᠠᠪᠡᠷ ᠡᠳ᠋ᠯᠡᠭᠦᠯᠬᠦ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠶᠢᠨ ᠬᠠᠮᠲᠤ ᠬᠤᠲᠠ ᠶᠢᠨ ᠠᠷᠠᠳ ᠪᠣᠯᠭᠠᠬᠤ ᠶᠢ ᠡᠮᠬᠢ ᠵᠢᠷᠤᠮ ᠲᠠᠢ ᠪᠡᠶᠡᠯᠡᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠪᠠ᠃ ᠨᠥᠬᠦᠴᠡᠯ ᠳᠤ ᠨᠡᠶᠢᠴᠡᠬᠦ ᠬᠤᠲᠠ ᠳᠤ ᠤᠷᠤᠭᠰᠠᠨ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠳᠤ ᠵᠠᠰᠠᠭ ᠤᠨ ᠣᠷᠳᠣᠨ ᠤ ᠦᠨᠳᠦᠰᠦᠨ ᠣᠷᠣᠨ ᠰᠠᠭᠤᠴᠠ ᠶᠢᠨ ᠪᠠᠲᠤᠯᠠᠭ᠎ᠠ ᠬᠠᠩᠭᠠᠬᠤ ᠡᠷᠬᠡ ᠶᠢ ᠡᠩ ᠲᠡᠷᠢᠭᠦᠨ ᠳᠤ ᠬᠦᠷᠲᠡᠭᠡᠬᠦ ᠶᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠰᠢᠨ᠎ᠡ ᠦᠢᠯᠡᠰ ᠤᠨ ᠭᠠᠵᠠᠷ ᠲᠠᠭᠠᠨ ᠣᠯᠠᠨ ᠨᠡᠶᠢᠲᠡ ᠶᠢᠨ ᠲᠦᠷᠢᠶᠡᠰᠦᠨ ᠭᠡᠷ ᠪᠠᠶᠢᠰᠢᠩ ᠭᠤᠶᠤᠴᠢᠯᠠᠵᠤ ᠪᠣᠯᠤᠨ᠎ᠠ᠂ ᠡᠭᠦᠨ ᠤ ᠬᠠᠮᠲᠤ ᠤᠷᠢᠳᠠᠪᠠᠷ ᠪᠠᠲᠤᠯᠠᠭ᠎ᠠ ᠬᠦᠷᠲᠡᠵᠦ᠂ ᠣᠯᠠᠨ ᠨᠡᠶᠢᠲᠡ ᠶᠢᠨ ᠲᠦᠷᠢᠶᠡᠰᠦᠨ ᠭᠡᠷ ᠪᠠᠶᠢᠰᠢᠩ ᠤᠨ ᠪᠤᠳᠠᠲᠤ ᠪᠣᠳᠠᠰ ᠤᠨ ᠪᠠᠲᠤᠯᠠᠭ᠎ᠠ ᠪᠠ ᠲᠦᠷᠢᠶᠡᠰᠦᠯᠡᠬᠦ ᠨᠥᠬᠦᠪᠥᠷᠢ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠬᠠᠪᠰᠤᠷᠤᠨ ᠲᠡᠳᠬᠦᠨ᠎ᠡ᠃ ᠭᠠᠳᠠᠨ᠎ᠠ ᠠᠴᠠ ᠢᠷᠡᠵᠦ ᠬᠦᠴᠦ ᠶᠠᠪᠤᠭᠰᠠᠳ ᠲᠥᠪᠯᠡᠷᠡᠭᠰᠡᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠣᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠠᠵᠢᠯ ᠲᠥᠷᠥᠯ ᠤᠨ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃    ︵ᠬᠤᠶᠠᠷ︶ ᠭᠤᠤᠯᠳᠠᠯᠭ᠎ᠠ ᠲᠠᠢ ᠣᠯᠠᠨ ᠨᠡᠶᠢᠲᠡ ᠶᠢᠨ ᠪᠠᠲᠤᠯᠠᠭ᠎ᠠ ᠶᠢᠨ ᠬᠠᠷᠢᠭᠤᠴᠠᠯᠭ᠎ᠠ ᠶᠢᠨ ᠪᠡᠶᠡᠴᠢ ᠴᠣᠭᠴᠠ ᠪᠠ ᠣᠷᠣᠨ ᠰᠠᠭᠤᠴᠠ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶ ᠪᠣᠯᠭᠠᠪᠠ    ᠰᠢᠶᠠᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠨᠢ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠤᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠲᠡᠭᠦᠨ ᠤ ᠭᠤᠤᠯ ᠡᠭᠦᠷᠭᠡ ᠬᠠᠷᠢᠭᠤᠴᠠᠯᠭ᠎ᠠ᠄ ᠨᠢᠭᠡ ᠳᠤ᠂ ᠦᠨᠡᠨᠬᠦ ᠪᠦᠲᠦᠮᠵᠢᠲᠡᠶ ᠭᠤᠤᠯᠳᠠᠯᠭ᠎ᠠ ᠲᠠᠢ ᠨᠡᠶᠢᠲᠡ ᠴᠣᠭᠴᠠ ᠶᠢᠨ ᠦᠨᠳᠦᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠤᠨ ᠲᠥᠰᠦᠯ ᠢ ᠲᠣᠭᠲᠠᠭᠠᠵᠤ᠂ ᠬᠤᠲᠠ ᠪᠠᠯᠭᠠᠰᠤᠨ ᠤ ᠬᠦᠴᠢᠷᠳᠡᠯᠲᠡᠶ ᠠᠵᠢᠯᠲᠠᠨ ᠠᠵᠢᠯᠴᠢᠨ ᠵᠡᠷᠭᠡ ᠭᠤᠤᠯᠳᠠᠯᠭ᠎ᠠ ᠲᠠᠢ ᠬᠥᠮᠦᠰ ᠤᠨ ᠦᠨᠳᠦᠰᠦᠨ ᠣᠷᠣᠨ ᠰᠠᠭᠤᠴᠠ ᠶᠢᠨ ᠠᠰᠠᠭᠤᠳᠠᠯ ᠢ ᠦᠨᠡᠨᠬᠦ ᠰᠢᠢᠳᠪᠤᠷᠢᠯᠡᠵᠦ᠂ ᠣᠷᠣᠨ ᠰᠠᠭᠤᠴᠠ ᠶᠢᠨ ᠲᠦᠷᠢᠶᠡᠰᠦᠯᠡᠯ ᠤᠨ ᠨᠥᠬᠦᠪᠥᠷᠢ ᠪᠠᠷ ᠳᠠᠮᠵᠢᠭᠤᠯᠤᠨ ᠰᠢᠢᠳᠪᠤᠷᠢᠯᠡᠨ᠎ᠡ᠃ ᠠᠵᠢᠯᠴᠢᠨ ᠤ ᠡᠪᠯᠡᠯ᠂ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ  ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠡᠮ ᠡᠮᠨᠡᠯᠭᠡ ᠡᠷᠡᠭᠦᠯ ᠬᠠᠮᠠᠭᠠᠯᠠᠯ᠂ ᠶᠠᠳᠠᠭᠤ ᠶᠢ ᠲᠡᠳᠬᠦᠬᠦ᠂ ᠵᠡᠮᠳᠡᠭᠴᠦᠳ ᠤᠨ ᠬᠤᠯᠪᠣᠭ᠎ᠠ᠂ ᠰᠤᠷᠭᠠᠨ ᠬᠥᠮᠦᠵᠢᠯ ᠪᠡᠶ᠎ᠡ ᠲᠠᠮᠢᠷ᠂ ᠳᠣᠲᠣᠭᠠᠳᠤ ᠶᠢ ᠬᠠᠮᠠᠭᠠᠯᠠᠬᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠨᠡᠪᠲᠡᠷᠡᠯᠴᠡᠭᠡ ᠵᠣᠬᠢᠴᠠᠭᠤᠯᠭ᠎ᠠ ᠪᠠᠨ ᠢᠳᠡᠪᠬᠢᠲᠡᠶ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠡᠯ᠎ᠡ ᠲᠥᠷᠥᠯ ᠤᠨ ᠭᠤᠤᠯᠳᠠᠯᠭ᠎ᠠ ᠲᠠᠢ ᠨᠡᠶᠢᠲᠡ ᠴᠣᠭᠴᠠ ᠶᠢᠨ ᠲᠤᠭ᠎ᠠ ᠬᠡᠮᠵᠢᠶ᠎ᠡ ᠪᠣᠯᠤᠨ ᠪᠠᠲᠤᠯᠠᠭ᠎ᠠ ᠶᠢᠨ ᠪᠠᠶᠢᠳᠠᠯ ᠢ ᠲᠣᠳᠣᠷᠬᠠᠶ ᠣᠶᠢᠯᠠᠭᠠᠵᠤ᠂ ᠠᠵᠢᠯ ᠤᠨ ᠡᠬᠡ ᠳᠠᠩᠰᠠ ᠪᠠᠶᠢᠭᠤᠯᠤᠨ᠎ᠠ᠃ ᠬᠤᠲᠠ ᠪᠠᠯᠭᠠᠰᠤᠨ ᠤ ᠬᠦᠴᠢᠷᠳᠡᠯ ᠲᠠᠢ ᠠᠵᠢᠯᠲᠠᠨ ᠠᠵᠢᠯᠴᠢᠨ ᠵᠡᠷᠭᠡ ᠭᠤᠣᠯᠳᠠᠯᠭ᠎ᠠ ᠲᠠᠢ ᠣᠯᠠᠨ ᠲᠦᠮᠡᠨ ᠳᠦᠷᠢᠶᠡᠰᠦᠯᠡᠯ ᠤᠨ ᠨᠥᠬᠦᠪᠥᠷᠢ ᠭᠤᠶᠤᠴᠢᠯᠠᠬᠤ ᠦᠶᠡᠰ᠂ ᠬᠤᠪᠢ ᠬᠥᠮᠦᠨ ᠭᠤᠶᠤᠴᠢᠯᠠᠯ ᠭᠠᠷᠭᠠᠵᠤ ᠪᠣᠯᠤᠨ᠎ᠠ᠂ ᠪᠠᠰᠠ ᠠᠵᠢᠯᠴᠢᠨ ᠬᠡᠷᠡᠭᠯᠡᠬᠦ ᠨᠢᠭᠡᠴᠡ ᠪᠠᠷ ᠳᠠᠮᠵᠢᠨ ᠨᠢᠭᠡᠳᠦᠯᠲᠡᠢ ᠭᠤᠶᠤᠴᠢᠯᠠᠯ ᠭᠠᠷᠭᠠᠵᠤ ᠪᠣᠯᠤᠨ᠎ᠠ᠂ ᠨᠥᠬᠦᠴᠡᠯ ᠳᠤ ᠨᠡᠶᠢᠴᠡᠬᠦ ᠬᠤᠲᠠ ᠪᠠᠯᠭᠠᠰᠤ ᠶᠢᠨ ᠬᠦᠴᠢᠷᠳᠡᠯᠲᠡᠶ ᠠᠵᠢᠯᠲᠠᠨ ᠠᠵᠢᠯᠴᠢᠨ ᠵᠡᠷᠭᠡ ᠭᠤᠤᠯᠳᠠᠯᠭ᠎ᠠ ᠲᠠᠢ ᠬᠥᠮᠦᠰ ᠢ ᠪᠦᠬᠦᠨ ᠢ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠬᠤ ᠶᠢ ᠪᠡᠶᠡᠯᠡᠭᠦᠯᠦᠨ᠎ᠡ᠃    ︵ᠭᠤᠷᠪᠠ︶ ᠭᠤᠤᠯᠳᠠᠯᠭ᠎ᠠ ᠲᠠᠢ ᠣᠯᠠᠨ ᠨᠡᠶᠢᠲᠡ ᠶᠢᠨ ᠣᠷᠣᠨ ᠰᠠᠭᠤᠴᠠ ᠶᠢᠨ ᠨᠥᠬᠦᠪᠥᠷᠢ ᠶᠢᠨ ᠪᠣᠳᠠᠲᠠᠶ ᠱᠠᠭᠠᠷᠳᠠᠯᠭ᠎ᠠ ᠶᠢ ᠳᠤᠷᠠᠳᠪᠠ    ᠨᠢᠭᠡ ᠳᠤ᠂ ᠭᠤᠶᠤᠴᠢᠯᠠᠯ ᠢ ᠬᠢᠨᠠᠨ ᠬᠠᠷᠭᠤᠭᠤᠯᠬᠤ᠂ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠲᠦᠷᠢᠮ ᠢ ᠲᠡᠭᠦᠯᠳᠡᠷᠵᠢᠭᠦᠯᠦᠨ᠎ᠡ᠃ ᠬᠤᠲᠠ ᠪᠠᠯᠭᠠᠰᠤ ᠶᠢᠨ ᠬᠦᠴᠢᠷᠳᠡᠯᠲᠡᠶ ᠠᠵᠢᠯᠲᠠᠨ ᠠᠵᠢᠯᠴᠢᠨ ᠵᠡᠷᠭᠡ ᠭᠤᠤᠯᠳᠠᠯᠭ᠎ᠠ ᠲᠠᠢ ᠣᠯᠠᠨ ᠨᠡᠶᠢᠲᠡ ᠶᠢᠨ ᠳᠦᠷᠢᠶᠡᠰᠦᠯᠡᠯ ᠤᠨ ᠨᠥᠬᠦᠪᠥᠷᠢ ᠭᠤᠶᠤᠴᠢᠯᠠᠬᠤ᠂ ᠬᠢᠨᠠᠬᠤ᠂ ᠢᠯᠡ ᠨᠡᠶᠢᠲᠡᠯᠡᠬᠦ᠂ ᠣᠯᠭᠤᠬᠤ ᠲᠣᠭᠲᠠᠴᠠ ᠵᠡᠷᠭᠡ ᠡᠯ᠎ᠡ ᠭᠤᠭᠴᠣᠭᠠᠨ ᠳᠠᠬᠢ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ ᠢ ᠲᠡᠭᠦᠯᠳᠡᠷᠵᠢᠭᠦᠯᠦᠨ᠎ᠡ᠃    ᠬᠤᠶᠠᠷ ᠲᠤ᠂ ᠳᠠᠩᠰᠠ ᠡᠪᠬᠡᠮᠡᠯ ᠤᠨ ᠭᠡᠷ᠎ᠡ ᠶᠢᠨ ᠬᠠᠮᠢᠶᠠᠷᠤᠯᠲᠠ ᠪᠠ ᠲᠤᠭ᠎ᠠ ᠪᠠᠷᠢᠮᠲᠠ ᠶᠢᠨ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠨ᠎ᠡ᠃    ᠭᠤᠷᠪᠠ ᠳᠤ᠂ ᠬᠢᠨᠠᠨ ᠵᠢᠯᠣᠭᠤᠳᠴᠤ ᠪᠠᠶᠢᠴᠠᠭᠠᠬᠤ ᠪᠠ ᠪᠦᠷᠢᠳᠬᠡᠨ ᠲᠣᠬᠢᠷᠠᠭᠤᠯᠬᠤ ᠠᠵᠢᠯ ᠢ ᠴᠢᠩᠭᠠᠳᠬᠠᠨ᠎ᠠ᠃ ᠲᠤᠭ᠎ᠠ ᠬᠡᠮᠵᠢᠶ᠎ᠡ ᠶᠢ ᠲᠥᠷᠥᠯ ᠬᠤᠪᠢᠶᠠᠨ ᠪᠦᠷᠢᠳᠬᠡᠬᠦ ᠠᠵᠢᠯ ᠢ ᠴᠢᠬᠤᠯᠠᠴᠢᠯᠠᠨ ᠪᠠᠲᠤᠯᠠᠵᠤ᠂ ᠭᠤᠤᠯᠳᠠᠯᠭ᠎ᠠ ᠲᠠᠢ ᠬᠥᠮᠦᠰ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠬᠢᠨᠠᠮᠠᠭᠠᠶ ᠡᠮᠬᠢᠯᠡᠵᠦ᠂ ᠲᠤᠲᠠᠭᠤᠳᠠᠯ ᠢ ᠪᠠᠶᠢᠴᠠᠭᠠᠵᠤ ᠳᠤᠲᠠᠭᠤᠳᠠᠯ ᠢ ᠨᠦᠬᠦᠪᠦᠷᠢᠯᠡᠨ᠎ᠡ᠃                 ᠣᠷᠴᠢᠭᠤᠯᠤᠭᠴᠢ᠄ ᠭᠡᠷᠡᠯ       ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2