ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠼᠦᠢ ᠢᠦᠶ ᠯᠠᠶ ᠮᠠᠨ ᠤ ᠰᠢᠶᠠᠨ ᠤ ᠴᠠᠩᠱᠦ᠋ᠨ ᠪᠠᠯᠭᠠᠰᠤ᠂ ᠳᠡᠪᠡᠭᠡᠲᠤ ᠰᠢᠶᠠᠩ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2020-06-08
   6 ᠰᠠᠷ᠎ᠠ ᠶᠢᠨ 5 ᠤ ᠡᠳᠦᠷ ᠠᠴᠠ 6 ᠰᠠᠷ᠎ᠠ ᠶᠢᠨ 6 ᠤ ᠡᠳᠦᠷ ᠪᠣᠯᠲᠠᠯ᠎ᠠ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠼᠦᠢ ᠢᠦᠶ ᠯᠠᠶ ᠴᠠᠩᠱᠦ᠋ᠨ ᠪᠠᠯᠭᠠᠰᠤ᠂  ᠳᠡᠪᠡᠭᠡᠲᠤ ᠰᠢᠶᠠᠩ ᠳᠤ ᠭᠦᠨᠵᠡᠭᠡᠶᠢᠷᠡᠨ ᠣᠳᠣᠬᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠪᠠ᠃ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠴᠢᠩ ᠾᠧ᠂ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠰᠢᠶᠣᠤ ᠵᠧᠨ ᠢᠦᠶ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠼᠦᠢ ᠢᠦᠢ ᠯᠠᠢ ᠨᠠᠷ ᠤᠷᠢᠳ ᠬᠤᠵᠢᠳ ᠴᠠᠩᠱᠦ᠋ᠨ ᠪᠠᠯᠭᠠᠰᠤᠨ ᠤ ᠯᠦ ᠢ ᠲᠣᠰᠬᠤᠨ᠂ ᠳᠡᠪᠡᠭᠡᠲᠤ ᠰᠢᠶᠠᠩ ᠤᠨ ᠳᠠᠭᠤᠯᠠᠭᠴᠢ᠂ ᠴᠢᠩ ᠯᠧ ᠲᠣᠰᠬᠤᠨ ᠳᠤ ᠭᠦᠨᠵᠡᠭᠡᠶᠢᠷᠡᠵᠦ᠂ ᠭᠡᠷ ᠪᠠᠶᠢᠰᠢᠩ ᠤᠨ ᠶᠠᠰᠤ ᠴᠢᠨᠠᠷ ᠤᠨ ᠠᠰᠠᠭᠤᠳᠠᠯ ᠢ ᠰᠠᠶᠢᠵᠢᠷᠠᠭᠤᠯᠤᠨ ᠵᠠᠰᠠᠬᠤ᠂ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ᠂ ᠣᠨᠳᠣᠣ ᠭᠠᠵᠠᠷ ᠲᠤ  ᠨᠡᠭᠦᠯᠭᠡᠭᠰᠡᠨ ᠤ ᠳᠠᠷᠠᠭᠠᠬᠢ ᠠᠵᠤ ᠦᠢᠯᠡᠰ ᠢ ᠲᠡᠳᠬᠦᠨ ᠳᠡᠮᠵᠢᠬᠦ ᠪᠠ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠪᠠᠭ᠎ᠠ ᠲᠣᠭᠠᠨ ᠤ ᠶᠠᠳᠠᠭᠤ ᠶᠢ ᠲᠡᠳᠬᠦᠬᠦ ᠵᠢᠭᠡᠯᠡᠯᠭᠡ ᠵᠢᠴᠢ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠪᠠᠶᠢᠳᠠᠯ ᠵᠡᠷᠭᠡ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃    ᠪᠠᠶᠢᠴᠠᠭᠠᠨ ᠰᠤᠳᠤᠯᠤᠯᠲᠠ ᠶᠢᠨ ᠳᠤᠮᠳᠠ᠂ ᠼᠦᠢ ᠢᠦᠶ ᠯᠠᠶ ᠵᠢᠭᠠᠵᠤ ᠭᠠᠷᠭᠠᠭᠰᠠᠨ ᠨᠢ᠂ ᠣᠳᠣᠬᠠᠨ ᠤ ᠪᠠᠶᠢᠳᠠᠯ ᠠᠴᠠ ᠦᠵᠡᠪᠡᠯ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠣᠯ ᠦᠨᠡᠯᠡᠨ ᠵᠢᠱᠢᠵᠦ ᠰᠢᠯᠭᠠᠨ ᠠᠪᠬᠤ ᠶᠢ  ᠨᠥᠯᠦᠭᠡᠯᠡᠬᠦ ᠭᠤᠤᠯ ᠬᠦᠴᠦᠨ ᠵᠦᠢᠯ ᠪᠣᠯᠣᠨ᠎ᠠ᠂ ᠬᠤᠯᠪᠤᠭᠠᠯᠠᠨ ᠳᠠᠭᠠᠭᠠᠴᠢᠯᠠᠬᠤ ᠬᠠᠷᠢᠭᠤᠴᠠᠯᠭ᠎ᠠ ᠪᠠᠨ ᠭᠦᠢᠴᠡᠳᠬᠡᠵᠦ᠂ ᠭᠦᠢᠴᠡᠳ ᠦᠢᠯᠡᠴᠢᠯᠡᠪᠡᠯ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠳᠠᠷᠤᠢ ᠳᠡᠭᠡᠭᠰᠢᠯᠡᠵᠦ᠂ ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠰᠠᠨ ᠦᠷ᠎ᠡ ᠪᠦᠲᠦᠮᠵᠢ ᠶᠢ ᠢᠯᠡᠷᠡᠭᠦᠯᠵᠦ ᠴᠢᠳᠠᠨ᠎ᠠ᠃ ᠡᠯ᠎ᠡ ᠱᠠᠲᠤᠨ ᠤ ᠺᠠᠳ᠋ᠷ ᠤᠨ ᠬᠠᠪᠰᠤᠷᠤᠨ ᠲᠡᠳᠬᠦᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠣᠯ ᠵᠥᠷᠢᠴᠡᠯ᠂ ᠵᠠᠩᠭᠢᠯᠠᠭ᠎ᠠ ᠶᠢᠨ ᠭᠤᠭᠴᠤᠭ᠎ᠠ ᠶᠢ ᠴᠢᠳᠠᠮᠠᠭᠠᠢ ᠪᠠᠷ ᠠᠳᠬᠤᠵᠤ᠂ ᠰᠤᠷᠪᠤᠯᠵᠢᠯᠠᠨ ᠪᠠᠶᠢᠴᠠᠭᠠᠨ ᠵᠢᠭᠰᠠᠭᠠᠬᠤ ᠠᠵᠢᠯ ᠢ ᠲᠥᠪᠯᠡᠷᠡᠭᠦᠯᠦᠨ ᠥᠷᠨᠢᠭᠦᠯᠵᠦ᠂ ᠲᠥᠷᠥ ᠶᠢᠨ ᠪᠣᠳᠣᠯᠭ᠎ᠠ ᠵᠢᠨ‌ᠨᠠᠶᠢᠳᠠᠪᠤᠷᠢᠵᠢᠭᠤᠯᠤᠯᠲᠠ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠵᠥᠷᠢᠴᠡᠯ ᠢ ᠰᠢᠢᠳᠪᠤᠷᠢᠯᠡᠬᠦ ᠵᠢᠴᠢ ᠬᠠᠶᠢᠷ᠎ᠠ ᠰᠡᠳᠬᠢᠯᠭᠡ ᠶᠢᠨ ᠬᠤᠯᠪᠣᠭ᠎ᠠ ᠠᠪᠬᠤ ᠠᠵᠢᠯ ᠢ ᠴᠢᠩᠭᠠᠳᠬᠠᠨ ᠨᠠᠮ ᠤᠨ ᠲᠥᠷᠥ ᠶᠢᠨ ᠪᠣᠳᠣᠯᠭ᠎ᠠ ᠶᠢ ᠨᠡᠪᠲᠡ ᠣᠶᠢᠯᠠᠭᠠᠵᠤ᠂ ᠣᠯᠠᠨ ᠲᠦᠮᠡᠨ ᠤ ᠰᠡᠳᠬᠢᠯ ᠳᠤ ᠴᠠᠭ ᠲᠤᠬᠠᠶ ᠳᠤᠨᠢ ᠬᠦᠷᠭᠡᠵᠦ᠂ ᠠᠴᠢ ᠡᠨᠡᠷᠢᠯ ᠳᠤ ᠲᠠᠯᠠᠷᠬᠠᠬᠤ ᠬᠥᠮᠦᠵᠢᠯ ᠢ ᠰᠠᠶᠢᠲᠤᠷ ᠥᠷᠨᠢᠭᠦᠯᠵᠦ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠭᠡᠪᠡ᠃    ᠼᠦᠢ ᠢᠦᠢ ᠯᠠᠢ᠂ ᠨᠢᠭᠡ ᠳᠤ᠂ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠠᠵᠤ ᠦᠢᠯᠡᠰ ᠢ ᠲᠡᠳᠬᠦᠨ ᠳᠡᠮᠵᠢᠬᠦ ᠪᠠ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠡᠯ᠎ᠡ ᠰᠢᠶᠠᠩ ᠪᠠᠯᠭᠠᠰᠤ ᠨᠢ ᠣᠨᠳᠣᠤ ᠭᠠᠵᠠᠷ ᠨᠡᠭᠦᠯᠭᠡᠭᠰᠡᠨ ᠡᠷᠦᠬᠡ ᠶᠢᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠵᠠᠷᠢᠮ ᠴᠢᠷᠮᠠᠶᠢᠯᠲᠠ ᠲᠠᠢ ᠡᠷᠦᠬᠡ᠂ ᠠᠵᠤ ᠦᠢᠯᠡᠰ ᠤᠨ ᠲᠥᠷᠥᠯ ᠵᠦᠢᠯ ᠢ ᠮᠡᠳᠡᠬᠦ ᠦᠭᠡᠢ ᠲᠠᠷᠢᠶᠠᠴᠢᠳ ᠤᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ᠬᠥᠮᠦᠨ ᠪᠠ ᠡᠷᠦᠬᠡ ᠶᠢᠨ ᠪᠠᠶᠢᠳᠠᠯ ᠢ ᠦᠨᠳᠦᠰᠦᠯᠡᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠬᠦ ᠬᠡᠷᠡᠭᠲᠡᠶ᠃ ᠬᠦᠴᠦ ᠶᠠᠪᠤᠭᠰᠠᠳ ᠲᠤ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠵᠤ ᠠᠵᠢᠯ ᠣᠯᠭᠤᠬᠤ᠂ ᠪᠣᠯᠪᠠᠰᠤᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠡᠭᠦᠨ ᠤ ᠬᠠᠮᠲᠤ᠂ ᠡᠯ᠎ᠡ ᠰᠢᠶᠠᠩ ᠪᠠᠯᠭᠠᠰᠤ ᠨᠢ ᠲᠤᠬᠠᠶ ᠶᠢᠨ ᠭᠠᠵᠠᠷ ᠤᠨ ᠳᠠᠪᠠᠭᠤᠯᠢᠭ ᠪᠠ ᠣᠨᠴᠠᠯᠢᠭᠲᠤ ᠠᠵᠤ ᠦᠢᠯᠡᠰ ᠢ ᠠᠰᠢᠭᠯᠠᠵᠤ᠂ ᠵᠢᠵᠢᠭ ᠠᠵᠤ ᠦᠢᠯᠡᠰ ᠢ ᠲᠣᠮᠣ ᠠᠵᠤ ᠦᠢᠯᠡᠰ ᠪᠣᠯᠭᠠᠵᠤ᠂ ᠰᠤᠯᠠ ᠲᠠᠯᠪᠢᠵᠤ ᠪᠠᠶᠢᠭ᠎ᠠ ᠵᠠᠷᠢᠮ ᠬᠠᠰᠢᠶ᠎ᠠ ᠰᠠᠷᠠᠪᠴᠢ ᠶᠢ ᠠᠰᠢᠭᠯᠠᠵᠤ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠠᠶᠢᠲᠤᠷ ᠰᠢᠢᠳᠪᠤᠷᠢᠯᠡᠬᠦ ᠬᠡᠷᠡᠭᠲᠡᠶ᠃ ᠬᠤᠶᠠᠷ ᠲᠤ᠂ ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ ᠢ ᠨᠤᠷᠠᠭᠠᠬᠤ᠂ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠪᠠ ᠭᠡᠷ ᠪᠠᠶᠢᠰᠢᠩ ᠤᠨ ᠶᠠᠰᠤ ᠴᠢᠨᠠᠷ ᠤᠨ ᠠᠰᠠᠭᠤᠳᠠᠯ ᠢ ᠰᠠᠶᠢᠵᠢᠷᠠᠭᠤᠯᠤᠨ ᠵᠠᠰᠠᠬᠤ ᠠᠵᠢᠯ ᠢ ᠴᠢᠩᠭ᠎ᠠ ᠠᠩᠬᠠᠷᠴᠤ᠂ ᠣᠨᠴᠠ ᠵᠠᠷᠢᠮ ᠬᠥᠳᠡᠭᠡ ᠲᠣᠰᠬᠤᠨ ᠤ ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ ᠢ ᠨᠤᠷᠠᠭᠠᠬᠤ ᠡᠭᠦᠷᠭᠡ ᠬᠦᠨᠳᠦ᠂ ᠥᠩᠭᠡᠷᠡᠭᠡᠭᠰᠡᠨ ᠳᠤ ᠦᠷᠢᠲᠦᠵᠦ ᠪᠠᠶᠢᠭᠰᠠᠨ ᠨᠤᠷᠠᠭᠠᠵᠤ ᠨᠡᠭᠦᠯᠭᠡᠬᠦ ᠵᠠᠷᠤᠳᠠᠯ ᠢ ᠠᠯᠢ ᠲᠦᠷᠭᠡᠨ ᠢᠶᠠᠷ ᠨᠦᠬᠦᠪᠦᠷᠢᠯᠡᠵᠦ ᠂ ᠵᠠᠰᠠᠬᠤ ᠴᠢᠬᠤᠯᠠᠲᠠᠶ ᠶᠢ ᠨᠢ ᠳᠠᠷᠤᠶ ᠲᠦᠷᠭᠡᠨ ᠨᠠᠶᠢᠳᠠᠪᠤᠷᠢᠵᠢᠭᠤᠯᠵᠤ᠂ ᠭᠡᠷ ᠪᠠᠶᠢᠰᠢᠩ ᠢ ᠨᠢ ᠰᠢᠢᠳᠪᠤᠷᠢᠯᠡᠬᠦ ᠴᠢᠬᠤᠯᠠᠲᠠᠶ ᠲᠠᠷᠢᠶᠠᠴᠢᠨ ᠡᠷᠦᠬᠡ ᠳᠤ ᠰᠣᠯᠢᠬᠤ᠂ ᠰᠢᠨ᠎ᠡ ᠪᠠᠷ ᠪᠠᠷᠢᠬᠤ ᠵᠡᠷᠭᠡ ᠠᠷᠭ᠎ᠠ ᠮᠠᠶ᠋ᠢᠭ ᠢᠶᠠᠷ ᠰᠢᠢᠳᠪᠤᠷᠢᠯᠡᠵᠦ᠂ 6 ᠰᠠᠷ᠎ᠠ ᠶᠢᠨ 15 ᠤ ᠡᠳᠦᠷ ᠠᠴᠠ ᠡᠮᠦᠨ᠎ᠡ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠢᠨᠵᠧᠨᠧᠷᠢᠩ ᠢ ᠪᠦᠬᠦᠨ ᠢ ᠠᠵᠢᠯ ᠳᠠᠭᠤᠰᠬᠠᠨ᠂ 6 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠢᠴᠢ ᠭᠡᠷ ᠪᠠᠶᠢᠰᠢᠩ ᠢ ᠵᠠᠰᠠᠬᠤ ᠪᠠ ᠨᠡᠭᠦᠵᠦ ᠣᠷᠣᠵᠤ ᠰᠠᠭᠤᠬᠤ ᠶᠢ ᠪᠡᠶᠡᠯᠡᠭᠦᠯᠬᠦ ᠬᠡᠷᠡᠭᠲᠡᠶ᠃ ᠭᠤᠷᠪᠠ ᠳᠤ᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠮᠠᠰᠢ ᠰᠠᠶᠢᠨ᠂ ᠣᠳᠣᠬᠠᠨ ᠳᠤ ᠣᠯᠠᠨ ᠲᠦᠮᠡᠨ ᠤ ᠵᠢᠭᠡᠯᠡᠯᠭᠡ ᠶᠢᠨ ᠬᠠᠲᠠᠭᠤ ᠬᠡᠷᠡᠭᠴᠡᠭᠡ ᠱᠠᠭᠠᠷᠳᠠᠯᠭ᠎ᠠ ᠦᠨᠳᠦᠷ ᠪᠠᠶᠢᠨ᠎ᠠ᠃ ᠶᠠᠳᠠᠭᠤ ᠶᠢ ᠲᠡᠳᠬᠦᠬᠦ ᠠᠯᠪᠠᠨ ᠭᠡᠷ᠂ ᠮᠥᠩᠭᠦᠨ ᠭᠦᠢᠯᠭᠡᠭᠡᠨ ᠤ ᠠᠯᠪᠠᠨ ᠭᠡᠷ ᠨᠢ ᠡᠯ᠎ᠡ ᠰᠢᠶᠠᠩ ᠪᠠᠯᠭᠠᠰᠤ᠂ ᠲᠣᠰᠬᠤᠨ ᠵᠢᠴᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠭᠠᠷ ᠭᠦᠢᠴᠡᠳᠬᠡᠯ ᠭᠦᠢᠴᠡᠳᠬᠡᠬᠦ ᠠᠬᠢᠴᠠ ᠶᠢ ᠲᠦᠷᠭᠡᠳᠬᠡᠵᠦ᠂ ᠴᠠᠭ ᠲᠤᠬᠠᠶ ᠳᠤᠨᠢ ᠵᠢᠭᠡᠯᠡᠯᠭᠡ ᠲᠠᠯᠪᠢᠵᠤ᠂ ᠵᠢᠭᠡᠯᠡᠯᠭᠡ ᠠᠪᠬᠤ ᠰᠠᠨᠠᠭ᠎ᠠ ᠲᠠᠢ᠂ ᠵᠢᠭᠡᠯᠡᠯᠭᠡ ᠶᠢᠨ ᠨᠥᠬᠦᠴᠡᠯ ᠳᠤ ᠨᠡᠶᠢᠴᠡᠭᠰᠡᠨ ᠶᠠᠳᠠᠭᠤ ᠬᠦᠴᠢᠷᠳᠡᠯᠲᠡᠶ ᠡᠷᠦᠬᠡ ᠪᠣᠯᠤᠨ ᠶᠠᠳᠠᠭᠤᠷᠠᠮᠠᠷ ᠪᠠᠶᠢᠭ᠎ᠠ ᠡᠷᠦᠬᠡ ᠶᠢᠨ ᠵᠢᠭᠡᠯᠡᠯᠭᠡ ᠵᠢᠭᠡᠯᠡᠪᠡᠯ ᠵᠣᠬᠢᠰᠲᠠᠢ  ᠪᠣᠯᠣᠨ ᠵᠢᠭᠡᠯᠡᠯᠭᠡ ᠥᠭᠴᠦ ᠪᠣᠯᠬᠤ ᠶᠢ ᠨᠢ ᠪᠦᠬᠦᠨ ᠢ ᠵᠢᠭᠡᠯᠡᠭᠦᠯᠦᠨ᠎ᠡ᠃ ᠳᠥᠷᠪᠡ ᠳᠤ᠂ ᠶᠠᠳᠠᠭᠤ ᠶᠢ ᠲᠡᠳᠬᠦᠬᠦ ᠲᠠᠩᠰᠠ ᠡᠪᠬᠡᠮᠡᠯ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠣᠨᠴᠠ ᠵᠠᠷᠢᠮ ᠲᠣᠰᠬᠤᠨ ᠤ ᠱᠠᠲᠤᠨ ᠤ ᠳᠠᠩᠰᠠ ᠡᠪᠬᠡᠮᠡᠯ ᠨᠢ ᠵᠢᠷᠤᠮᠵᠢᠯ ᠦᠭᠡᠢ ᠪᠣᠯ ᠪᠤᠰᠤᠳ ᠲᠠᠩᠰᠠ ᠡᠪᠬᠡᠮᠡᠯ ᠤᠨ ᠬᠠᠮᠢᠶᠠᠷᠤᠯᠲᠠ ᠨᠢ ᠵᠢᠷᠤᠮᠵᠢᠯ ᠲᠠᠢ ᠲᠣᠰᠬᠤᠨ ᠤ ᠲᠤᠷᠰᠢᠯᠭ᠎ᠠ᠂ ᠠᠷᠭ᠎ᠠ ᠶᠢ ᠰᠤᠷᠤᠯᠴᠠᠨ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ ᠲᠡᠭᠦᠯᠳᠡᠷᠵᠢᠭᠦᠯᠬᠦ ᠬᠡᠷᠡᠭᠲᠡᠢ ᠭᠡᠵᠦ ᠴᠢᠬᠤᠯᠠᠴᠢᠯᠡᠪᠡ᠃                   ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ                  ᠣᠷᠴᠢᠭᠤᠯᠤᠭᠴᠢ᠄ ᠭᠡᠷᠡᠯ         ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2