6 ᠰᠠᠷ᠎ᠠ ᠶᠢᠨ 6 ᠤ ᠡᠳᠦᠷ ᠠᠴᠠ 6 ᠰᠠᠷ᠎ᠠ ᠶᠢᠨ 7 ᠤ ᠡᠳᠦᠷ ᠪᠣᠯᠲᠠᠯ᠎ᠠ᠂ ᠰᠢᠶᠠᠨ ᠤ ᠨᠠᠮ ᠤᠨ ᠬᠤᠷᠢᠶᠠᠨ ᠤ | ᠱᠦᠵᠢ ᠸᠠᠩ ᠪᠢᠩ ᠳᠣᠯᠣᠳᠤᠭᠠᠷ ᠪᠠᠯᠭᠠᠰᠤ᠂ ᠪᠠᠶᠠᠨᠲᠠᠯ᠎ᠠ ᠰᠢᠶᠠᠩ ᠳᠤ ᠭᠦᠨᠵᠡᠭᠡᠶᠢᠷᠡᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ | ᠰᠢᠮᠳᠠᠭᠤᠯᠤᠨ ᠵᠢᠯᠣᠭᠤᠳᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ | ᠴᠠᠭᠠᠵᠠ ᠶᠢᠨ ᠬᠤᠷᠢᠶᠠᠨ ᠤ ᠱᠦᠵᠢ ᠪᠠᠢ ᠵᠢᠶᠦ᠋ᠨ ᠸᠧᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠡᠳ᠋ ᠡᠷᠬᠢᠯᠡᠭᠴᠢ ᠵᠧᠩ ᠵᠧᠦ ᠴᠢ᠂ ᠭᠤᠤ ᠶᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | ᠸᠠᠩ ᠪᠢᠩ ᠨᠡᠷ ᠤᠷᠢᠳ ᠬᠤᠵᠢᠳ ᠳᠤᠯᠤᠳᠤᠭᠠᠷ ᠪᠠᠯᠭᠠᠰᠤᠨ ᠤ ᠪᠠᠭ᠎ᠠ ᠭᠦᠨᠤᠰᠤ᠂ ᠳᠤᠯᠤᠳᠤᠭᠠᠷ ᠲᠣᠰᠬᠤᠨ᠂ | ᠪᠠᠶᠠᠨᠲᠠᠯ᠎ᠠ ᠰᠢᠶᠠᠩ ᠤᠨ ᠪᠠᠶ ᠳᠧᠦ ᠱᠠᠨ ᠲᠣᠰᠬᠤᠨ᠂ ᠳ᠋ᠠ ᠫᠠᠨ ᠭᠸᠦ ᠲᠣᠰᠬᠤᠨ ᠵᠡᠷᠭᠡ ᠭᠠᠵᠠᠷ ᠲᠤ ᠭᠦᠨᠵᠡᠭᠡᠶᠢᠷᠡᠵᠦ | ᠡᠭᠦᠨ ᠤ ᠬᠠᠮᠲᠤ ᠬᠡᠰᠡᠭ ᠶᠠᠳᠠᠭᠤ ᠬᠦᠴᠢᠷᠳᠡᠯᠲᠡᠶ ᠡᠷᠦᠬᠡ ᠶᠢᠨ ᠬᠡᠷ ᠢᠶᠠᠷ ᠲᠣᠭᠤᠷᠢᠨ ᠦᠵᠡᠵᠦ ᠬᠡᠷ ᠪᠠᠶᠢᠰᠢᠩ ᠤᠨ | ᠶᠠᠰᠤ ᠴᠢᠨᠠᠷ ᠤᠨ ᠠᠰᠠᠭᠤᠳᠠᠯ ᠢ ᠵᠠᠰᠠᠬᠤ᠂ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ᠂ | ᠣᠨᠳᠣᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠠᠵᠤ ᠦᠢᠯᠡᠰ ᠢ ᠲᠡᠳᠬᠦᠨ ᠳᠡᠮᠵᠢᠬᠦ ᠪᠠ ᠲᠥᠷᠥ ᠶᠢᠨ | ᠪᠣᠳᠤᠯᠭ᠎ᠠ ᠶᠢ ᠨᠠᠶᠢᠳᠠᠪᠤᠷᠢᠵᠢᠭᠤᠯᠬᠤ᠂ ᠪᠠᠭ᠎ᠠ ᠲᠣᠭᠠᠨ ᠤ ᠶᠠᠳᠠᠭᠤ ᠶᠢ ᠲᠡᠳᠬᠦᠬᠦ ᠵᠢᠭᠡᠯᠡᠯᠭᠡ ᠵᠢᠴᠢ ᠲᠠᠩᠰᠠ ᠡᠪᠬᠡᠮᠡᠯ | ᠤᠨ ᠬᠠᠮᠢᠶᠠᠷᠤᠯᠲᠠ ᠶᠢᠨ ᠪᠠᠶᠢᠳᠠᠯ ᠵᠡᠷᠭᠡ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ | | ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠸᠠᠩ ᠪᠢᠩ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ | ᠶᠠᠳᠠᠭᠤ ᠶᠢ ᠲᠡᠳᠬᠦᠬᠦ ᠳᠠᠩᠰᠠ ᠡᠪᠬᠡᠮᠡᠯ ᠢ ᠵᠢᠷᠤᠮᠵᠢᠭᠤᠯᠤᠯᠲᠠ᠂ ᠶᠠᠳᠠᠭᠤ ᠬᠦᠴᠢᠷᠳᠡᠯᠲᠡᠶ ᠡᠷᠦᠬᠡ ᠶᠢᠨ ᠪᠣᠳᠠᠲᠠᠶ | ᠪᠠᠶᠢᠳᠠᠯ ᠢ ᠣᠶᠢᠯᠭᠠᠨ ᠡᠵᠡᠮᠰᠢᠭᠰᠡᠨ ᠬᠡᠮᠵᠢᠶ᠎ᠡ᠂ ᠠᠵᠤ ᠦᠢᠯᠡᠰ ᠤᠨ ᠬᠡᠷᠡᠭᠵᠢᠭᠦᠯᠦᠯᠲᠡ᠂ ᠣᠨᠳᠣᠤ ᠭᠠᠵᠠᠷ ᠨᠡᠭᠦᠯᠭᠡᠬᠦ | ᠂ ᠨᠡᠭᠦᠳᠡᠯ ᠬᠦᠮᠦᠨ ᠠᠮᠠ᠂ ᠮᠥᠩᠭᠦᠨ ᠭᠦᠢᠯᠭᠡᠭᠡ ᠪᠠᠷ ᠲᠥᠪᠬᠢᠨᠡᠭᠦᠯᠬᠦ ᠵᠡᠷᠭᠡ ᠪᠠᠶᠢᠳᠠᠯ ᠤᠨᠲ᠋ᠤᠬᠠᠶ ᠭᠦᠨᠵᠡᠭᠡᠶ | ᠰᠤᠳᠤᠯᠤᠨ ᠶᠠᠷᠢᠯᠴᠠᠭᠰᠠᠨ ᠤ ᠬᠠᠮᠲᠤ ᠡᠯ᠎ᠡ ᠲᠣᠰᠬᠤᠨ ᠤ ᠶᠠᠳᠠᠭᠤ ᠬᠦᠴᠢᠷᠳᠡᠯᠲᠡᠶ ᠡᠷᠦᠬᠡ ᠶᠢ ᠰᠤᠷᠪᠤᠯᠵᠢᠯᠠᠵᠤ᠂ | ᠶᠠᠳᠠᠭᠤ ᠬᠦᠴᠢᠷᠳᠡᠯᠲᠡᠢ ᠡᠷᠦᠬᠡ ᠶᠢᠨ ᠭᠡᠷ ᠪᠠᠶᠢᠰᠢᠩ ᠤᠨ ᠲᠠᠯᠠᠪᠠᠶ᠂ ᠣᠷᠣᠨ ᠰᠠᠭᠤᠴᠠ ᠶᠢᠨ ᠣᠷᠴᠢᠨ ᠲᠣᠭᠤᠷᠢᠨ᠂ | ᠠᠵᠤ ᠦᠢᠯᠡᠰ ᠤᠨ ᠬᠦᠭᠵᠢᠯᠲᠡ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠ ᠠᠶᠤᠯᠭᠦᠶ | ᠤᠰᠤ ᠤᠮᠳᠠ᠂ ᠡᠮ ᠡᠮᠨᠡᠯᠭᠡ ᠶᠢᠨ ᠦᠢᠯᠡᠴᠢᠯᠡᠭᠡᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ | ᠪᠠᠶᠢᠳᠠᠯ ᠢ ᠨᠠᠷᠢᠨ ᠣᠶᠢᠯᠠᠭᠠᠵᠠᠶ᠃ ᠶᠠᠳᠠᠭᠤ ᠬᠦᠴᠢᠷᠳᠡᠯᠲᠡᠶ ᠡᠷᠦᠬᠡ ᠶᠢᠨ ᠶᠠᠳᠠᠭᠤ ᠶᠢ ᠲᠡᠳᠬᠦᠬᠦ ᠠᠵᠢᠯ ᠪᠠ ᠰᠢᠨ᠎ᠡ | ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠳᠤ ᠬᠠᠨᠤᠮᠵᠢᠲᠠᠶ ᠪᠠᠶᠢᠬᠤ ᠬᠡᠮᠵᠢᠶ᠎ᠡ ᠶᠢ ᠯᠠᠪᠯᠠᠨ ᠠᠰᠠᠭᠤᠵᠤ᠂ ᠶᠠᠳᠠᠭᠤ | ᠬᠦᠴᠢᠷᠳᠡᠯᠲᠡᠶ ᠡᠷᠦᠬᠡ ᠶᠢ ᠬᠠᠪᠰᠤᠷᠤᠨ ᠲᠡᠳᠬᠦᠬᠦ ᠭᠠᠷ ᠳᠡᠪᠲᠡᠷ ᠢ ᠬᠢᠨᠠᠮᠠᠭᠠᠶ ᠪᠠᠶᠢᠴᠠᠭᠠᠨ ᠦᠵᠡᠵᠦ᠂ ᠶᠠᠳᠠᠭᠤ | ᠬᠦᠴᠢᠷᠳᠡᠯᠲᠡᠶ ᠡᠷᠦᠬᠡ ᠶᠢᠨ ᠣᠳᠣᠬᠠᠨ ᠤ ᠶᠠᠳᠠᠭᠤ ᠠᠴᠠ ᠠᠩᠭᠢᠵᠢᠷᠠᠭᠰᠠᠨ ᠪᠠᠶᠢᠳᠠᠯ ᠪᠠ ᠦᠢᠯᠡᠳᠪᠤᠷᠢᠯᠡᠯ | ᠠᠮᠢᠳᠤᠷᠠᠯ ᠤᠨ ᠳᠤᠮᠳᠠ ᠲᠤᠯᠭᠠᠷᠠᠭᠰᠠᠨ ᠠᠰᠠᠭᠤᠳᠠᠯ ᠢ ᠣᠶᠢᠯᠭᠠᠪᠡ᠃ | | ᠪᠠᠶᠢᠴᠠᠭᠠᠨ ᠰᠤᠳᠤᠯᠤᠯᠲᠠ ᠶᠢᠨ ᠳᠤᠮᠳᠠ᠂ ᠸᠠᠩ ᠪᠢᠩ ᠵᠢᠭᠠᠵᠤ ᠭᠠᠷᠭᠠᠭᠰᠠᠨ ᠨᠢ᠂ ᠳᠠᠩᠰᠠ ᠡᠪᠬᠡᠮᠡᠯ ᠤᠨ | ᠮᠠᠲ᠋ᠧᠷᠢᠶᠠᠯ ᠢ ᠵᠢᠷᠤᠮᠵᠢᠭᠤᠯᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ | ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠶᠢ ᠴᠢᠩᠭ᠎ᠠ ᠠᠩᠬᠠᠷᠴᠤ᠂ ᠶᠠᠳᠠᠭᠤ ᠠᠴᠠ ᠠᠩᠭᠢᠵᠢᠷᠠᠭᠠᠳᠤᠶ | ᠡᠷᠦᠬᠡ᠂ ᠶᠠᠳᠠᠭᠤᠷᠠᠮᠠᠷ ᠪᠠᠶᠢᠭ᠎ᠠ ᠡᠷᠦᠬᠡ᠂ ᠶᠠᠳᠠᠭᠤ ᠠᠴᠠ ᠠᠩᠭᠢᠵᠢᠷᠠᠭᠤᠯᠬᠤ ᠶᠢ ᠬᠢᠨᠠᠨ ᠬᠡᠮᠵᠢᠬᠦ ᠡᠷᠦᠬᠡ ᠵᠡᠷᠭᠡ | ᠭᠤᠷᠪᠠᠨ ᠲᠥᠷᠥᠯ ᠤᠨ ᠭᠤᠤᠯᠳᠠᠯᠭ᠎ᠠ ᠲᠠᠢ ᠡᠲᠡᠭᠡᠳ ᠲᠤ᠂ ᠲᠣᠰᠬᠤᠨ ᠡᠷᠦᠬᠡ ᠬᠥᠮᠦᠨ ᠳᠠᠷᠠᠭᠠᠯᠠᠨ ᠰᠢᠭᠰᠢᠵᠦ᠂ | ᠬᠦᠷᠦᠯᠴᠡᠬᠦ ᠦᠭᠡᠢ ᠲᠠᠯ᠎ᠠ᠂ ᠪᠠᠭᠤᠷᠠᠶ ᠲᠠᠯ᠎ᠠ ᠶᠢ ᠪᠦᠬᠦ ᠲᠠᠯ᠎ᠠ ᠪᠠᠷ ᠨᠥᠬᠦᠪᠥᠷᠢᠯᠡᠵᠦ᠂ ᠪᠣᠢ ᠪᠦᠬᠦᠢ ᠮᠠᠲ᠋ᠧᠷᠢᠶᠡᠯ ᠢ | ᠨᠢᠭᠡᠳ ᠨᠢᠭᠡ ᠪᠠᠷ ᠬᠠᠷᠭᠤᠭᠤᠯᠵᠤ᠂ ᠳᠤᠲᠠᠭᠳᠠᠯ ᠢ ᠨᠢ ᠪᠠᠶᠢᠴᠠᠭᠠᠵᠤ ᠳᠤᠲᠠᠭᠤ ᠶᠢ ᠨᠢ ᠨᠥᠬᠦᠪᠥᠷᠢᠯᠡᠬᠦ ᠶᠠᠳᠠᠭᠤ | ᠬᠦᠴᠢᠷᠳᠡᠯᠲᠡᠶ ᠡᠷᠦᠬᠡ ᠶᠢᠨ ᠳᠠᠩᠰᠠ ᠡᠪᠬᠡᠮᠡᠯ ᠤᠨ ᠮᠠᠲ᠋ᠧᠷᠢᠶᠠᠯ ᠪᠦᠷᠢᠨ ᠭᠦᠢᠴᠡᠳ᠂ ᠲᠠᠭᠯᠠᠭᠰᠠᠨ ᠨᠢ ᠳᠦᠷᠢᠮᠵᠢᠯ | ᠲᠠᠢ᠂ ᠠᠭᠤᠯᠭ᠎ᠠ ᠨᠢ ᠨᠠᠷᠢᠨ ᠪᠣᠳᠠᠲᠠᠶ ᠪᠠᠶᠢᠬᠤ ᠶᠢ ᠦᠨᠡᠨᠬᠦ ᠪᠠᠲᠤᠯᠠᠵᠤ᠂ ᠰᠢᠶᠠᠩ᠂ ᠲᠣᠰᠬᠤᠨ ᠬᠤᠶᠠᠷ ᠱᠠᠲᠤᠨ ᠤ | ᠺᠠᠳ᠋ᠷ ᠠᠵᠢᠯ ᠢᠶᠠᠨ ᠤᠯᠠᠮ ᠨᠠᠷᠢᠯᠢᠭᠵᠢᠭᠤᠯᠬᠤ ᠬᠡᠷᠡᠭᠲᠡᠶ᠃ ᠬᠤᠸᠠᠷ ᠬᠠᠳᠬᠤᠬᠤ ᠡᠷᠳᠡᠮ ᠭᠠᠷᠭᠠᠵᠤ ᠪᠠᠶᠢᠳᠠᠯ ᠢ | ᠣᠶᠢᠯᠠᠭᠠᠵᠤ ᠵᠢᠭᠰᠠᠭᠠᠨ ᠪᠠᠶᠢᠴᠠᠭᠠᠬᠤ᠂ ᠣᠷᠬᠢᠭᠳᠠᠯ ᠢ ᠪᠠᠶᠢᠴᠠᠭᠠᠵᠤ ᠳᠤᠲᠠᠭᠤᠳᠠᠯ ᠢ ᠨᠦᠬᠦᠪᠦᠷᠢᠯᠡᠬᠦ ᠠᠵᠢᠯ ᠢ ᠪᠥᠬᠦ | ᠬᠦᠴᠦᠨ ᠢᠶᠠᠷ ᠢᠶᠠᠨ ᠪᠣᠳᠠᠲᠠᠶ ᠪᠥᠭᠡᠳ ᠨᠠᠷᠢᠯᠢᠭ ᠬᠢᠵᠦ᠂ ᠬᠦᠰᠦᠨᠦᠭᠲᠦ ᠲᠠᠭᠯᠠᠬᠤ᠂ ᠡᠷᠦᠬᠡ ᠳᠤ ᠬᠦᠷᠴᠦ ᠬᠢᠨᠠᠨ | ᠬᠠᠷᠭᠤᠭᠤᠯᠬᠤ᠂ ᠵᠠᠳᠠᠯᠤᠨ ᠰᠤᠳᠤᠯᠵᠤ ᠮᠠᠭᠠᠳᠯᠠᠬᠤ ᠵᠡᠷᠭᠡ ᠠᠵᠢᠯ ᠢ ᠴᠢᠨᠠᠷ ᠰᠠᠶᠢᠲᠠᠶ ᠪᠡᠶᠡᠯᠡᠭᠦᠯᠵᠦ᠂ ︽ᠬᠥᠮᠦᠨ᠂ | ᠪᠣᠳᠠᠲᠠᠶ ᠪᠠᠶᠢᠳᠠᠯ᠂ ᠲᠠᠩᠰᠠᠨ᠂ ᠮᠠᠰᠢᠨ︾ ᠳᠥᠷᠪᠡ ᠨᠢᠭᠡᠳᠦᠯᠲᠡᠶ ᠪᠠᠶᠢᠬᠤ ᠶᠢ ᠪᠡᠶᠡᠯᠡᠭᠦᠯᠬᠦ ᠬᠡᠷᠡᠭᠲᠡᠢ᠃ | | ᠸᠠᠩ ᠪᠢᠩ᠂ ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ ᠢ ᠨᠤᠷᠠᠭᠠᠬᠤ᠂ ᠬᠥᠳᠡᠭᠡ ᠲᠣᠰᠬᠤᠨ ᠤ ᠨᠤᠷᠠᠬᠤ | ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠪᠠ ᠭᠡᠷ ᠪᠠᠶᠢᠰᠢᠩ ᠤᠨ ᠶᠠᠰᠤ ᠴᠢᠨᠠᠷ ᠤᠨ ᠠᠰᠠᠭᠤᠳᠠᠯ ᠢ ᠰᠡᠯᠪᠢᠨ | ᠵᠠᠰᠠᠬᠤ ᠠᠵᠢᠯ ᠢ ᠴᠢᠩᠭ᠎ᠠ ᠠᠩᠬᠠᠷᠴᠤ᠂ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠪᠠ ᠨᠡᠭᠦᠨ | ᠣᠷᠣᠵᠤ ᠰᠠᠭᠤᠬᠤ ᠠᠵᠢᠯ ᠢ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯᠲᠠᠨ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠥᠳᠡᠭᠡ | ᠲᠣᠰᠬᠤᠨ ᠤ ᠰᠠᠭᠤᠷᠢᠰᠢᠯ ᠤᠨ ᠣᠷᠴᠢᠨ ᠨᠥᠬᠦᠴᠡᠯ ᠢ ᠴᠡᠭᠴᠡᠯᠡᠨ ᠵᠠᠰᠠᠬᠤ ᠶᠢ ᠡᠮᠬᠢ ᠵᠢᠷᠤᠮ ᠲᠠᠢ ᠪᠠᠷ ᠠᠬᠢᠭᠤᠯᠵᠤ᠂ | ᠣᠷᠴᠢᠨ ᠠᠬᠤᠶ ᠶᠢᠨ ᠡᠷᠡᠭᠦᠯ ᠬᠠᠮᠠᠭᠠᠯᠠᠯ ᠤᠨ ᠵᠠᠰᠠᠯᠲᠠ ᠶᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ | ᠪᠠᠯᠭᠠᠰᠤ ᠲᠣᠰᠬᠤᠨ ᠤ ᠬᠤᠶᠠᠷ ᠱᠠᠲᠤᠨ ᠤ ᠺᠠᠳ᠋ᠷ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠨᠢ ᠴᠢᠩᠭ᠎ᠠ | ᠨᠢᠭᠲᠠᠷᠠᠵᠤ᠂ ᠰᠢᠷᠭᠠᠭᠤ ᠬᠠᠲᠠᠭᠤᠵᠢᠯᠲᠠᠶ ᠠᠵᠢᠯᠯᠠᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ | ᠬᠦᠴᠢᠷᠳᠡᠯᠲᠡᠶ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠠᠷ ᠶᠠᠳᠠᠭᠤ ᠠᠴᠠ ᠠᠩᠭᠢᠵᠢᠷᠠᠭᠤᠯᠬᠤ | ᠠᠵᠢᠯ ᠢ ᠰᠢᠯᠭᠠᠬᠤ ᠴᠢᠬᠤᠯᠠ ᠪᠠᠷᠢᠮᠵᠢᠶ᠎ᠠ ᠪᠣᠯᠭᠠᠵᠤ᠂ ᠰᠤᠷᠪᠤᠯᠵᠢᠯᠠᠨ ᠦᠵᠡᠵᠦ ᠪᠠᠶᠢᠴᠠᠭᠠᠨ ᠵᠢᠭᠰᠠᠭᠠᠬᠤ ᠠᠵᠢᠯ ᠢ | ᠲᠥᠪᠯᠡᠷᠡᠭᠦᠯᠦᠨ ᠦᠷᠨᠢᠭᠦᠯᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ᠂ ᠵᠥᠷᠢᠴᠡᠯ ᠢ ᠨᠠᠮᠳᠠᠭᠤᠯᠬᠤ ᠵᠢᠴᠢ ᠬᠠᠶᠢᠷ᠎ᠠ ᠰᠡᠳᠬᠢᠯᠭᠡ ᠲᠠᠢ ᠬᠠᠷᠢᠯᠴᠠᠬᠤ ᠠᠵᠢᠯ ᠢ ᠴᠢᠩᠭᠠᠳᠬᠠᠨ | ᠨᠠᠮ ᠤᠨ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠨᠠᠮ ᠤᠨ ᠡᠯ᠎ᠡ ᠵᠦᠢᠯ ᠤᠨ ᠲᠠᠷᠢᠶᠠᠴᠢᠳ ᠲᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠴᠢᠭᠯᠡᠯᠲᠡ ᠶᠢ ᠲᠠᠷᠢᠬᠢ ᠲᠣᠯᠣᠭᠠᠶ ᠳᠤ ᠪᠠᠨ ᠬᠠᠳᠠᠩᠰᠢᠭᠤᠯᠵᠤ᠂ | ᠶᠠᠳᠠᠭᠤ ᠬᠦᠴᠢᠷᠳᠡᠯᠲᠡᠶ ᠡᠷᠦᠬᠡ ᠶᠢᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ᠂ ᠬᠠᠪᠰᠤᠷᠤᠨ ᠲᠡᠳᠬᠦᠬᠦ | ᠠᠷᠭ᠎ᠠ ᠬᠡᠮᠵᠢᠶ᠎ᠡ ᠶᠢ ᠣᠶᠢᠯᠠᠭᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠲᠦᠮᠡᠨ ᠤ | ᠬᠠᠨᠤᠮᠵᠢ ᠶᠢᠨ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠬᠦ ᠭᠡᠵᠦ ᠱᠠᠭᠠᠷᠳᠠᠪᠡ᠃ | | ᠸᠠᠩ ᠪᠢᠩ ᠵᠢᠭᠠᠵᠤ ᠭᠠᠷᠭᠠᠭᠰᠠᠨ ᠨᠢ᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ ᠪᠣᠯ ᠶᠠᠳᠠᠭᠤ | ᠬᠦᠴᠢᠷᠳᠡᠯᠲᠡᠶ ᠣᠯᠠᠨ ᠲᠦᠮᠡᠨ ᠢ ᠶᠠᠳᠠᠭᠤ ᠠᠴᠠ ᠠᠩᠭᠢᠵᠢᠷᠠᠭᠤᠯᠬᠤ ᠴᠢᠬᠤᠯᠠ ᠠᠷᠭ᠎ᠠ ᠪᠠᠷᠢᠯ ᠪᠣᠯᠬᠤ ᠲᠤᠯᠠ ᠡᠯ᠎ᠡ | ᠱᠠᠲᠤ ᠡᠯ᠎ᠡ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠵᠡᠯ ᠰᠠᠨᠠᠭ᠎ᠠ ᠪᠠᠨ ᠤᠯᠠᠮ ᠨᠢᠭᠡ | ᠠᠯᠬᠤᠮ ᠨᠢᠭᠡᠳᠬᠡᠵᠦ᠂ ᠠᠵᠢᠯ ᠤᠨ ᠬᠠᠷᠢᠭᠤᠴᠠᠯᠭ᠎ᠠ ᠪᠠᠨ ᠱᠠᠲᠤ ᠱᠠᠲᠤ ᠪᠠᠷ ᠪᠤᠳᠠᠲᠠᠶᠢᠵᠢᠭᠤᠯᠵᠤ᠂ ᠶᠠᠳᠠᠭᠤ ᠶᠢ | ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠠᠵᠢᠯ ᠢ ᠪᠣᠳᠠᠲᠠᠶᠢᠵᠢᠭᠤᠯᠵᠤ᠂ ᠪᠠᠷᠢᠮᠵᠢᠶ᠎ᠠ ᠳᠤ | ᠨᠡᠶᠢᠴᠡᠭᠰᠡᠨ᠂ ᠴᠢᠳᠠᠪᠤᠷᠢ ᠲᠠᠢ᠂ ᠲᠦᠭᠰᠢᠭᠦᠷᠢ ᠶᠢ ᠡᠵᠡᠮᠳᠡᠵᠦ ᠳᠡᠶᠢᠯᠬᠦ ᠶᠠᠳᠠᠭᠤ ᠬᠦᠴᠢᠷᠲᠡᠯᠲᠡᠢ ᠡᠷᠦᠬᠡ ᠳᠤ | ᠵᠢᠭᠡᠯᠡᠯᠭᠡ ᠥᠭᠬᠦ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠠᠪᠤᠴᠠ ᠳᠠᠬᠢ | ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠤᠯᠭᠠᠭᠤᠷᠢᠯᠠᠬᠤ ᠦᠢᠯᠡᠳᠦᠯ ᠢ ᠦᠨᠡᠨ ᠬᠦ | ᠪᠠᠳᠠᠷᠠᠭᠤᠯᠬᠤ ᠬᠡᠷᠡᠭᠲᠡᠢ ᠭᠡᠪᠡ᠃ | | ᠸᠠᠩ ᠪᠢᠩ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ | ᠨᠢᠭᠡᠨᠲᠡ ᠵᠠᠩᠭᠢᠯᠠᠭ᠎ᠠ ᠶᠢᠨ ᠱᠠᠲᠤᠨ ᠳᠤ ᠣᠷᠣᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠣᠯ | ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠤᠨ᠎ᠠ᠂ ᠬᠦᠳᠡᠭᠡ ᠲᠣᠰᠬᠤᠨ ᠤ ᠬᠤᠶᠠᠷ ᠱᠠᠲᠤ᠂ ᠲᠣᠰᠬᠤᠨ ᠳᠤ | ᠰᠠᠭᠤᠭ᠎ᠠ ᠠᠵᠢᠯᠯᠠᠬᠤ ᠠᠩᠭᠢ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ | ᠴᠢᠩᠭᠠᠳᠬᠠᠵᠤ᠂ ᠠᠵᠢᠯ ᠤᠨ ᠰᠤᠷᠲᠠᠯ ᠢᠶᠠᠨ ᠦᠨᠡᠨ ᠬᠦ ᠬᠤᠪᠢᠷᠠᠭᠤᠯᠵᠤ᠂ ᠰᠡᠳᠬᠢᠯ ᠰᠠᠨᠠᠭ᠎ᠠ ᠪᠠᠨ ᠲᠣᠭᠲᠠᠭᠤᠨ | ᠪᠠᠶᠢᠯᠭᠠᠵᠤ᠂ ᠬᠠᠶᠢᠷ᠎ᠠ ᠰᠡᠳᠬᠢᠯᠭᠡ ᠪᠠᠨ ᠡᠪᠦᠷᠯᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠠᠵᠤ | ᠦᠢᠯᠡᠰ ᠢ ᠲᠡᠳᠬᠦᠨ ᠳᠡᠮᠵᠢᠬᠦ ᠪᠠ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ | ᠬᠥᠮᠦᠨ ᠪᠠ ᠡᠷᠦᠬᠡ ᠠᠮᠠ ᠶᠢᠨ ᠪᠠᠶᠢᠳᠠᠯ ᠢ ᠦᠨᠳᠦᠰᠦᠯᠡᠨ ᠨᠠᠷᠢᠯᠢᠭ ᠣᠨᠤᠴᠢᠲᠠᠢ ᠪᠠᠷ ᠠᠷᠭ᠎ᠠ ᠪᠣᠳᠣᠯᠭ᠎ᠠ | ᠬᠡᠷᠡᠭᠵᠢᠭᠦᠯᠬᠦ ᠬᠡᠷᠡᠭᠲᠡᠢ᠃ ᠡᠭᠦᠨ ᠤ ᠬᠠᠮᠲᠤ᠂ ᠡᠯ᠎ᠡ ᠰᠢᠶᠠᠩ ᠪᠠᠯᠭᠠᠰᠤ ᠨᠢ ᠲᠤᠬᠠᠶ ᠶᠢᠨ ᠭᠠᠵᠠᠷ ᠤᠨ ᠳᠠᠪᠠᠭᠤᠯᠢᠭ | ᠪᠠ ᠣᠨᠴᠠᠯᠢᠭᠲᠤ ᠠᠵᠤ ᠦᠢᠯᠡᠰ ᠢ ᠠᠰᠢᠭᠯᠠᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠦᠷᠭᠦᠯᠵᠢᠯᠡᠨ | ᠠᠬᠢᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠵᠠᠬ᠎ᠠ ᠳᠡᠯᠭᠡᠭᠦᠷ ᠤᠨ ᠢᠷᠡᠭᠡᠳᠦᠶ ᠪᠣᠯᠤᠨ ᠨᠡᠭᠡᠭᠡᠨ ᠬᠥᠭᠵᠢᠭᠦᠯᠬᠦ | ᠳᠠᠯᠳᠠ ᠬᠦᠴᠦᠨ ᠲᠠᠢ ᠲᠠᠷᠢᠵᠤ ᠲᠡᠵᠢᠭᠡᠬᠦ ᠠᠵᠤ ᠦᠢᠯᠡᠰ ᠢ ᠶᠡᠬᠡᠪᠡᠷ ᠬᠥᠭᠵᠢᠭᠦᠯᠬᠦ ᠶᠢ ᠵᠣᠷᠢᠭᠵᠢᠭᠤᠯᠵᠤ᠂ ᠶᠠᠳᠠᠭᠤ | ᠬᠦᠴᠢᠷᠳᠡᠯᠲᠡᠶ ᠡᠷᠦᠬᠡ ᠶᠢᠨ ᠠᠵᠤ ᠦᠢᠯᠡᠰ ᠤᠨ ᠬᠥᠭᠵᠢᠯᠲᠡ ᠳᠤᠮᠳᠠ ᠪᠣᠳᠠᠲᠤ ᠠᠰᠢᠭ ᠬᠦᠷᠲᠡᠬᠦ ᠪᠠ | ᠣᠷᠤᠯᠭ᠎ᠠ ᠪᠠᠨ ᠨᠡᠮᠡᠭᠳᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃ | ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ | ᠣᠷᠴᠢᠭᠤᠯᠤᠭᠴᠢ᠄ ᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | |