ᠮᠠᠨ ᠤ ᠰᠢᠶᠠᠨ ᠪᠦᠬᠦ ᠰᠢᠶᠠᠨ ᠤ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2020-07-10
   ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠭᠠᠵᠤ᠂ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠴᠢᠳᠠᠪᠤᠷᠢ ᠪᠠ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠪᠣᠯᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ 7 ᠰᠠᠷ᠎ᠠ ᠶᠢᠨ 8 ᠤ ᠡᠳᠦᠷ᠂ ᠮᠠᠨ ᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠂ ᠲᠣᠪᠴᠢᠶᠠᠨ ᠤ ᠬᠤᠷᠠᠯ ᠤᠨ ᠭᠡᠷ ᠲᠤ ᠪᠥᠬᠦ ᠰᠢᠶᠠᠨ ᠤ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠯ  ᠶᠠᠪᠤᠭᠳᠠᠭᠤᠯᠪᠠ᠃ ᠠᠩᠭᠢ ᠡᠬᠢᠯᠡᠬᠦ ᠶᠣᠰᠣᠯᠠᠯ ᠢ ᠰᠢᠶᠠᠨ ᠤ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ ᠳ᠋ᠦᠩ ᠬᠠᠶ ᠴᠢᠨ ᠡᠷᠬᠢᠯᠡᠵᠦ᠂ ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠ ᠸᠠᠩ  ᠵᠢᠶᠦ᠋ᠨ᠂ ᠬᠠᠤᠯᠢ ᠳᠦᠷᠢᠮ ᠤᠨ ᠲᠠᠰᠤᠭ ᠤᠨ ᠳᠠᠷᠤᠭ᠎ᠠ ᠵᠠᠩ ᠠᠶ ᠣᠷᠣᠯᠴᠠᠵᠠᠶ᠃    ᠪᠣᠯᠪᠠᠰᠤᠷᠠᠯ ᠤᠨ ᠬᠤᠷᠠᠯ ᠳᠡᠭᠡᠷ᠎ᠡ᠂ ᠳ᠋ᠦᠩ ᠬᠠᠶ ᠴᠢᠨ ᠰᠢᠨ᠎ᠡ ᠪᠠᠶᠢᠳᠠᠯ ᠳᠤ ᠴᠢᠭᠯᠡᠭᠦᠯᠦᠨ ᠡᠯ᠎ᠡ ᠰᠢᠶᠠᠩ ᠪᠠᠯᠭᠠᠰᠤᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠳᠤ ᠰᠢᠨ᠎ᠡ ᠱᠠᠭᠠᠷᠳᠠᠯᠭ᠎ᠠ ᠳᠤᠷᠠᠳᠴᠤ᠂ ᠡᠯ᠎ᠡ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠨᠢᠭᠡᠴᠡ ᠬᠠᠤᠯᠢ ᠬᠡᠷᠡᠭᠵᠢᠭᠦᠯᠬᠦ ᠶᠠᠪᠤᠴᠠ ᠳᠤ ᠠᠯᠬᠤᠮ ᠠᠯᠬᠤᠮ ᠢᠶᠠᠷ ᠵᠢᠷᠤᠮᠵᠢᠭᠤᠯᠵᠤ᠂ ᠡᠷᠬᠡᠪᠰᠢ ᠬᠠᠤᠯᠢ ᠶᠣᠰᠣᠭᠠᠷ ᠵᠠᠰᠠᠭ ᠶᠠᠪᠤᠭᠤᠯᠵᠤ᠂ ᠴᠢᠩᠭ᠎ᠠ ᠵᠢᠷᠤᠮᠵᠢᠯ ᠲᠠᠢ᠂ ᠪᠣᠯᠪᠠᠰᠤᠨ ᠢᠶᠠᠷ ᠬᠠᠤᠯᠢ ᠬᠡᠷᠡᠭᠵᠢᠭᠦᠯᠵᠦ᠂ ᠪᠣᠯᠪᠠᠰᠤᠷᠠᠭᠤᠯᠤᠯ ᠳᠤ ᠣᠷᠣᠯᠴᠠᠭᠰᠠᠳ ᠤᠨ ᠬᠢᠨᠠᠮᠠᠭᠠᠶ ᠰᠤᠷᠤᠯᠴᠠᠨ ᠣᠶᠢᠯᠠᠭᠠᠬᠤ ᠶᠢ ᠬᠦᠰᠡᠪᠡ᠃ ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠ ᠸᠠᠩ ᠵᠢᠶᠦ᠋ᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠤᠨ ᠲᠤᠬᠠᠶ ᠲᠠᠶᠢᠯᠤᠮᠵᠢ ᠬᠢᠵᠦ᠂ ᠬᠠᠤᠯᠢ ᠲᠦᠷᠢᠮ ᠤᠨ ᠲᠠᠰᠤᠭ  ᠤᠨ ᠳᠠᠷᠤᠭ᠎ᠠ ᠵᠠᠩ ᠠᠶ ᠰᠢᠶᠠᠩ ᠪᠠᠯᠭᠠᠰᠤ ᠠᠴᠠ ᠳᠣᠷᠣᠭᠰᠢ ᠪᠠᠭᠤᠯᠭᠠᠭᠰᠠᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠵᠦᠢᠯᠡᠰ ᠤᠨ ᠲᠤᠬᠠᠶ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠦᠨᠳᠦᠰᠦᠨ ᠮᠡᠳᠡᠯᠭᠡ ᠶᠢᠨ ᠲᠤᠬᠠᠶ ᠨᠠᠷᠢᠨ ᠲᠠᠶᠢᠯᠤᠮᠵᠢ ᠬᠢᠪᠠ᠃    ᠡᠨᠡ ᠤᠳᠠᠭᠠᠨ ᠤ ᠲᠤᠰᠬᠠᠶ ᠰᠡᠳᠦᠪᠲᠦ ᠪᠣᠯᠪᠠᠰᠤᠷᠠᠯ ᠢᠶᠠᠷ ᠳᠠᠮᠵᠢᠨ᠂ ᠬᠤᠶᠢᠰᠢᠳᠠ ᠡᠯ᠎ᠡ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠵᠦ ᠬᠡᠷᠡᠭ ᠰᠢᠢᠳᠪᠤᠷᠢᠯᠡᠬᠦ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠪᠠᠶᠢᠵᠤ ᠥᠷᠭᠡᠨ ᠣᠯᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠢ ᠬᠠᠤᠯᠢ ᠶᠣᠰᠣᠭᠠᠷ ᠵᠠᠰᠠᠭ ᠶᠠᠪᠤᠭᠤᠯᠬᠤ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠦᠨᠳᠦᠰᠦᠨ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠬᠤ ᠳᠤ ᠠᠰᠢᠭᠲᠠᠶ ᠶᠤᠮ᠃ ᠬᠠᠤᠯᠢ ᠬᠡᠷᠡᠭᠵᠢᠭᠦᠯᠬᠦ ᠰᠠᠭᠤᠷᠢ ᠶᠢ ᠣᠶᠢᠯᠠᠭᠠᠬᠤ ᠪᠠ ᠡᠵᠡᠮᠰᠢᠬᠦ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ ᠰᠤᠷᠤᠭᠰᠠᠨ ᠢᠶᠠᠨ ᠬᠡᠷᠡᠭᠯᠡᠬᠦ ᠶᠢ ᠦᠨᠡᠨᠬᠦ ᠪᠡᠶᠡᠯᠡᠭᠦᠯᠵᠦ᠂ ᠳᠠᠷᠠᠭᠠᠴᠢ ᠶᠢᠨ ᠠᠯᠬᠤᠮ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠳᠤ ᠰᠠᠶᠢᠨ ᠰᠠᠶᠢᠬᠠᠨ ᠠᠵᠢᠯ ᠤᠨ ᠣᠷᠴᠢᠨ ᠲᠣᠭᠤᠷᠢᠨ ᠢ ᠪᠤᠢ ᠪᠣᠯᠭᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃    ᠮᠠᠨ ᠤ ᠰᠢᠶᠠᠨ ᠤ ᠡᠯ᠎ᠡ ᠰᠢᠶᠠᠩ ᠪᠠᠯᠭᠠᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠪᠠ ᠪᠦᠬᠦ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠬᠠᠤᠯᠢ ᠬᠡᠷᠡᠭᠵᠢᠭᠦᠯᠬᠦ ᠠᠵᠢᠯᠲᠠᠨ᠂ ᠨᠡᠶᠢᠲᠡ 96 ᠬᠥᠮᠦᠨ ᠪᠣᠯᠪᠠᠰᠤᠷᠠᠯ ᠳᠤ ᠣᠷᠣᠯᠴᠠᠪᠠ᠃                ᠵᠣᠬᠢᠶᠠᠭᠴᠢ᠄  ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ                ᠣᠷᠴᠢᠭᠤᠯᠤᠭᠴᠢ᠄ ᠭᠡᠷᠡᠯ       ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2