ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠯᠢ ᠶᠦᠩ ᠮᠠᠨ ᠤ ᠰᠢᠶᠠᠨ ᠳᠤ ᠭᠦᠨᠵᠡᠭᠡᠶᠢᠷᠡᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠢᠴᠢ ᠠᠷᠠᠳ ᠤᠨ ᠠᠮᠢᠳᠤᠷᠠᠯ ᠨᠠᠰᠤᠵᠢᠯ ᠤᠨ ᠠᠰᠠᠷᠠᠮᠵᠢ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-07-16
   7 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠯᠢ ᠶᠦᠩ ᠨᠠᠷ ᠮᠠᠨ ᠤ ᠰᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠼᠦᠢ ᠢᠦᠶ ᠯᠠᠶ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠭᠦᠸᠧ ᠵᠢᠶᠠ᠂ ᠰᠢᠶᠠᠨ ᠤ ᠳᠡᠳ᠋ ᠳᠠᠷᠤᠭ᠎ᠠ ᠡᠦ ᠴᠢᠯᠠᠭᠤ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠵᠢᠴᠢ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠪᠠ᠃
   ᠯᠢ ᠶᠦᠩ ᠨᠠᠷ ᠤᠷᠢᠳ ᠬᠤᠵᠢᠳ ᠰᠢᠨᠡᠤᠰᠤ ᠲᠣᠰᠬᠤᠨ᠂ ᠪᠠᠶᠠᠨᠲᠠᠯ᠎ᠠ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠦᠢᠯᠡᠳᠪᠤᠷᠢ ᠶᠢᠨ ᠲᠠᠰᠤᠭ᠂ ᠲᠣᠰᠬᠤᠨ ᠤ ᠵᠥᠪᠯᠡᠯ ᠳᠤ ᠬᠦᠷᠴᠦ᠂  ᠳᠣᠯᠤᠭᠠᠨᠬᠤᠳᠳᠤᠭ ᠲᠣᠰᠬᠤᠨ ᠤ ᠵᠣᠯ ᠵᠢᠷᠭᠠᠯ ᠤᠨ ᠬᠦᠷᠢᠶᠡᠯᠡᠩ᠂ ᠥᠪᠥᠷ ᠮᠣᠩᠭᠤᠯ ᠤᠨ ᠬᠤᠩ ᠶᠢ ᠢᠳᠡᠭᠡᠨ ᠤ ᠬᠢᠵᠠᠭᠠᠷᠲᠤ ᠺᠣᠮᠫᠠᠨᠢ ᠵᠡᠷᠭᠡ ᠭᠠᠵᠠᠷ ᠣᠷᠣᠨ ᠳᠤ ᠪᠠᠶᠢᠴᠠᠭᠠᠨ ᠰᠤᠳᠤᠯᠤᠯᠲᠠ ᠬᠢᠵᠡᠶ᠃    ᠨᠢᠭᠡ ᠭᠠᠵᠠᠷ ᠬᠦᠷᠬᠦ ᠪᠦᠷᠢ᠂ ᠯᠢ ᠶᠦᠩ ᠪᠦᠷ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠶᠠᠳᠠᠭᠤ ᠠᠴᠠ ᠠᠩᠭᠢᠵᠢᠷᠠᠭᠤᠯᠬᠤ ᠦᠢᠯᠡᠳᠪᠦᠷᠢ ᠶᠢᠨ ᠲᠠᠰᠤᠭ ᠤᠨ ᠪᠥᠭᠡᠮ ᠢᠶᠠᠷ ᠰᠠᠪᠠᠯᠠᠬᠤ ᠤᠭᠤᠲᠠ᠂ ᠳᠠᠩᠰᠠ ᠡᠪᠬᠡᠮᠡᠯ ᠤᠨ ᠬᠠᠶᠢᠷᠴᠠᠭ ᠢ ᠪᠣᠯᠪᠠᠰᠤᠷᠠᠭᠤᠯᠤᠨ ᠡᠵᠡᠩᠨᠡᠬᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠣᠷᠣᠯᠭ᠎ᠠ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠥᠷᠨᠢᠭᠦᠯᠬᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠵᠢᠴᠢ ᠬᠥᠳᠡᠭᠡ ᠲᠣᠰᠬᠤᠨ ᠤ ᠵᠣᠯ ᠵᠢᠷᠭᠠᠯᠲᠤ ᠬᠦᠷᠢᠶᠡᠯᠡᠩ ᠤᠨ ᠪᠠᠶᠢᠭᠤᠯᠤᠯᠲᠠ᠂ ᠬᠠᠮᠢᠶᠠᠷᠤᠯᠲᠠ᠂ ᠨᠠᠰᠤᠲᠠᠶᠢᠴᠤᠳ ᠤᠨ ᠠᠮᠢᠳᠤᠷᠠᠯ ᠤᠨ ᠪᠠᠶᠢᠳᠠᠯ ᠵᠡᠷᠭᠡ ᠦᠨᠳᠦᠰᠦᠨ ᠪᠠᠶᠢᠳᠠᠯ ᠢ ᠨᠠᠷᠢᠨ ᠣᠶᠢᠯᠠᠭᠠᠪᠠ᠃ ᠬᠡᠷᠡᠭᠯᠡᠭᠡ ᠪᠠᠷ ᠶᠠᠳᠠᠭᠤ ᠶᠢ ᠲᠡᠳᠬᠦᠬᠦ ᠲᠠᠷᠢᠶᠠᠯᠠᠩ ᠤᠨ ᠪᠦᠲᠦᠭᠡᠭᠳᠡᠬᠦᠨ᠂ ᠵᠣᠯ ᠵᠢᠷᠭᠠᠯ ᠤᠨ ᠬᠦᠷᠢᠶᠡᠯᠡᠩ ᠤᠨ ᠨᠠᠰᠤᠲᠠᠶᠢᠴᠤᠳ ᠤᠨ ᠭᠡᠷ ᠪᠠᠶᠢᠰᠢᠩ᠂ ᠵᠤᠭ᠎ᠠ ᠴᠡᠩᠭᠡᠯ ᠤᠨ ᠠᠵᠢᠯᠯᠠᠭᠠᠨ ᠤ ᠲᠠᠰᠤᠭ ᠵᠡᠷᠭᠡ ᠰᠠᠭᠤᠷᠢ ᠲᠦᠬᠦᠭᠡᠷᠦᠮᠵᠢ ᠶᠢ ᠨᠠᠷᠢᠨ ᠪᠠᠶᠢᠴᠠᠭᠠᠨ ᠦᠵᠡᠵᠦ᠂ ᠲᠠᠷᠢᠶᠠᠨ ᠭᠠᠵᠠᠷ ᠲᠤ ᠭᠦᠨᠵᠡᠭᠡᠶᠢᠷᠡᠵᠦ᠂ ᠪᠤᠭᠤᠳᠠᠶ ᠶᠢᠨ ᠥᠰᠥᠯᠲᠡ ᠶᠢᠨ ᠪᠠᠶᠢᠳᠠᠯ ᠢ ᠪᠠᠶᠢᠴᠠᠭᠠᠵᠠᠶ᠃
   ᠲᠤᠬᠠᠶ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠪᠠᠷ ᠳᠡᠮᠵᠢᠨ᠂ ᠯᠢ ᠶᠦᠩ ᠮᠠᠨ ᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠦᠢᠯᠡᠳᠪᠤᠷᠢ ᠶᠢᠨ ᠲᠠᠰᠤᠭ ᠤᠨ ᠡᠵᠡᠩᠨᠡᠯᠲᠡ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠥᠷᠨᠢᠭᠦᠯᠦᠭᠰᠡᠨ ᠪᠠᠶᠢᠳᠠᠯ᠂ ᠬᠥᠳᠡᠭᠡ ᠲᠣᠰᠬᠤᠨ ᠤ ᠵᠣᠯ ᠵᠢᠷᠭᠠᠯ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠵᠡᠷᠭᠡ ᠠᠵᠢᠯ ᠢ ᠭᠦᠢᠴᠡᠳ ᠨᠤᠲᠠᠯᠠᠪᠠ᠃
   ᠯᠢ ᠶᠦᠩ ᠵᠢᠭᠠᠵᠤ ᠭᠠᠷᠭᠠᠭᠰᠠᠨ ᠨᠢ᠂ ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠬᠢᠵᠦ᠂ ᠦᠢᠯᠡᠳᠬᠦᠨ ᠤ ᠶᠠᠰᠤ ᠴᠢᠨᠠᠷ ᠢ ᠴᠢᠩᠭ᠎ᠠ ᠠᠩᠬᠠᠷᠴᠤ᠂ ᠳᠡᠭᠡᠳᠤ ᠲᠡᠰ ᠤᠨ ᠪᠣᠷᠣᠯᠠᠭᠤᠯᠬᠤ ᠵᠠᠮ ᠢᠶᠠᠷ ᠰᠠᠶᠢᠲᠤᠷ ᠵᠠᠮᠨᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠬᠤ ᠠᠷᠭ᠎ᠠ ᠵᠠᠮ ᠢ ᠥᠷᠭᠡᠳᠬᠡᠵᠦ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠳᠤ ᠦᠨᠡᠨᠬᠦ ᠦᠷ᠎ᠡ ᠪᠦᠲᠦᠮᠵᠢ ᠭᠠᠷᠭᠠᠵᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠨᠡᠮᠡᠭᠳᠡᠭᠦᠯᠬᠦ ᠬᠡᠷᠡᠭᠲᠡᠢ᠃ ᠠᠵᠤ ᠠᠬᠤᠶᠢᠯᠠᠯ ᠦᠢᠯᠡᠳᠬᠦᠨ ᠤ ᠶᠠᠰᠤ ᠴᠢᠨᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠢᠯᠡᠳᠪᠤᠷᠢᠯᠡᠯ ᠤᠨ ᠬᠡᠪᠴᠢᠶ᠎ᠡ ᠪᠠᠨ ᠥᠷᠭᠡᠳᠬᠡᠨ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢᠶᠠᠨ ᠳᠡᠭᠡᠭᠰᠢᠯᠡᠭᠦᠯᠵᠦ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠶᠢ ᠢᠳᠡᠪᠬᠢᠲᠡᠶ ᠡᠷᠢᠯᠬᠢᠯᠡᠵᠦ᠂ ᠠᠵᠤ ᠠᠬᠤᠶᠢᠯᠠᠯ ᠤᠨ ᠨᠡᠩ ᠰᠠᠶᠢᠨ ᠨᠡᠩ ᠲᠦᠷᠭᠡᠨ ᠬᠥᠭᠵᠢᠯᠲᠡ ᠶᠢ ᠠᠶᠢᠭᠤᠯᠵᠤ᠂ ᠲᠣᠰ ᠭᠠᠵᠠᠷ ᠤᠨ ᠣᠯᠠᠨ ᠲᠦᠮᠡᠨ ᠢ ᠨᠠᠩ ᠣᠯᠠᠨ ᠳᠠᠶᠢᠴᠢᠯᠠᠨ ᠠᠵᠢᠯ ᠣᠯᠭᠤᠵᠤ᠂ ᠶᠠᠳᠠᠭᠤ ᠠᠴᠠ ᠠᠩᠭᠢᠵᠢᠷᠠᠭᠤᠯᠤᠨ ᠪᠠᠶᠠᠵᠢᠬᠤ ᠶᠢ
ᠪᠡᠶᠡᠯᠡᠭᠦᠯᠬᠦ ᠬᠡᠷᠡᠭᠲᠡᠢ᠃
   ᠯᠢ ᠶᠦᠩ ᠱᠠᠭᠠᠷᠳᠠᠭᠰᠠᠨ ᠨᠢ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠠᠵᠢᠯ ᠪᠣᠯ ᠨᠡᠶᠢᠭᠡᠮ ᠤᠨ ᠲᠤᠭᠲᠠᠭᠤᠨ ᠪᠠᠶᠢᠳᠠᠯ ᠢ ᠬᠠᠮᠠᠭᠠᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ ᠶᠢᠨ ᠵᠠᠩᠭᠢᠯᠠᠭ᠎ᠠ ᠮᠥᠨ᠃ ᠦᠢᠯᠡᠴᠢᠯᠡᠭᠡᠨ ᠤ ᠶᠠᠰᠤ ᠴᠢᠨᠠᠷ ᠢᠶᠠᠨ ᠦᠷᠭᠦᠯᠵᠢᠯᠡᠨ ᠴᠢᠩᠭᠠᠳᠬᠠᠵᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠴᠢᠷᠮᠠᠶᠢᠨ ᠰᠠᠶᠢᠲᠤᠷ ᠬᠢᠵᠦ᠂ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ᠪᠠᠶᠢᠭᠤᠯᠤᠯᠲᠠ ᠪᠣᠯᠤᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠶ᠎ᠡ ᠵᠣᠬᠢᠴᠠᠯ ᠲᠠᠢ ᠨᠡᠶᠢᠭᠡᠮ ᠢ  ᠢᠳᠡᠪᠬᠢᠲᠡᠢ ᠪᠠᠶᠢᠭᠤᠯᠵᠤ᠂ ᠥᠲᠡᠯᠪᠡᠯ ᠠᠰᠠᠷᠠᠮᠵᠢ ᠲᠠᠢ᠂ ᠥᠲᠡᠯᠪᠡᠯ ᠲᠦᠰᠢᠭ ᠲᠠᠢ ᠪᠣᠯᠭᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠪᠡ᠃              ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ              ᠣᠷᠴᠢᠭᠤᠯᠤᠭᠴᠢ᠄ ᠭᠡᠷᠡᠯ     ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2