ᠬᠤᠸᠠᠳᠧ ᠰᠢᠶᠠᠨ ᠰᠢᠯᠢᠳᠡᠭ ᠵᠠᠯᠠᠭᠤ ᠺᠠᠳ᠋ᠷ ᠢ ᠬᠥᠮᠦᠵᠢᠭᠦᠯᠵᠦ ᠰᠢᠯᠢᠨ ᠳᠡᠪᠰᠢᠭᠦᠯᠬᠦ ᠶᠠᠪᠤᠳᠠᠯ ᠢ ᠳᠣᠪᠤᠶᠢᠮ᠎ᠠ | ᠪᠠᠶᠢᠷᠢᠨ ᠳᠤ ᠲᠠᠯᠪᠢᠵᠤ᠂ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠡᠨᠡᠬᠦ ᠺᠠᠳ᠋ᠷ ᠤᠨ ᠡᠩᠨᠡᠭᠡᠨ ᠤ | ᠪᠠᠶᠢᠭᠤᠯᠤᠯᠲᠠ ᠶᠢᠨ ᠭᠤᠣᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠢᠯᠡᠳᠦᠯᠭᠡ ᠶᠢᠨ ᠡᠮᠦᠨ᠎ᠡ | ᠹᠷᠣᠨᠲ ᠳᠤ ᠰᠠᠭᠤᠷᠢᠯᠠᠵᠤ ᠰᠢᠨ᠎ᠡ ᠴᠠᠭ ᠦᠶ᠎ᠡ ᠶᠢᠨ ᠵᠠᠯᠠᠭᠤ ᠺᠠᠳ᠋ᠷ ᠤᠨ ᠡᠩᠨᠡᠭᠡ ᠶᠢ ᠬᠦᠮᠦᠵᠢᠭᠦᠯᠵᠦ ᠪᠠᠶᠢᠨ᠎ᠠ᠃ | ᠺᠠᠳ᠋ᠷ ᠤᠨ ᠡᠩᠨᠡᠭᠡ ᠶᠢ ᠪᠦᠬᠦ ᠲᠠᠯ᠎ᠠ ᠪᠠᠷ ᠵᠠᠳᠠᠯᠤᠨ ᠰᠤᠳᠤᠯᠵᠤ ᠮᠠᠭᠠᠳᠯᠠᠬᠤ ᠪᠠᠷ ᠳᠠᠮᠵᠢᠭᠤᠯᠤᠨ᠂ ᠰᠢᠯᠢᠳᠡᠭ | ᠵᠠᠯᠠᠭᠤ ᠺᠠᠳ᠋ᠷ ᠲᠣᠬᠢᠷᠠᠭᠤᠯᠬᠤ ᠪᠠ ᠬᠥᠮᠦᠵᠢᠭᠦᠯᠵᠦ ᠰᠢᠯᠢᠨ ᠳᠡᠪᠰᠢᠭᠦᠯᠬᠦ ᠡᠷᠴᠢᠮ ᠢ ᠪᠦᠬᠦ ᠲᠠᠯ᠎ᠠ ᠪᠠᠷ ᠪᠣᠳᠣᠯᠬᠢᠯᠠᠵᠤ᠂ | ᠪᠦᠬᠦ ᠰᠢᠶᠠᠨ ᠤ ᠠᠵᠤ ᠠᠬᠤᠶ ᠨᠡᠶᠢᠭᠡᠮ ᠤᠨ ᠠᠯᠤᠰ ᠬᠡᠳᠦ ᠶᠢᠨ ᠬᠥᠭᠵᠢᠯᠲᠡ ᠪᠣᠯᠤᠨ ᠺᠠᠳ᠋ᠷ ᠤᠨ ᠡᠩᠨᠡᠭᠡᠨ ᠤ | ᠪᠠᠶᠢᠭᠤᠯᠤᠯᠲᠠ ᠶᠢᠨ ᠪᠣᠳᠠᠲᠤ ᠬᠡᠷᠡᠭᠴᠡᠭᠡ ᠶᠢ ᠪᠣᠳᠤᠯᠬᠢᠯᠠᠵᠤ᠂ ᠢᠯᠡᠷᠡᠭᠦᠯᠦᠨ ᠨᠥᠭᠡᠴᠡᠯᠡᠬᠦ᠂ ᠬᠥᠮᠦᠵᠢᠭᠦᠯᠦᠨ | ᠪᠣᠯᠪᠠᠰᠤᠷᠠᠭᠤᠯᠬᠤ᠂ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ᠂ ᠬᠢᠨᠠᠨ ᠬᠠᠮᠢᠶᠠᠷᠬᠤ᠂ ᠱᠠᠩᠨᠠᠵᠤ ᠲᠣᠷᠭᠠᠬᠤ | ᠵᠣᠷᠢᠭᠵᠢᠭᠤᠯᠬᠤ ᠵᠡᠷᠭᠡ ᠲᠠᠯ᠎ᠠ ᠳᠤ ᠠᠩᠬᠠᠷᠤᠯ ᠢᠶᠠᠨ ᠲᠦᠪᠯᠡᠷᠡᠭᠦᠯᠵᠦ᠂ ᠵᠠᠯᠠᠭᠤ ᠺᠠᠳ᠋ᠷ ᠤᠨ ᠦᠰᠦᠨ ᠪᠤᠶᠢᠵᠢᠬᠤ | ᠢᠨᠵᠧᠨᠧᠷᠢᠩ ᠢ ᠶᠡᠬᠡᠪᠡᠷ ᠬᠡᠷᠡᠭᠵᠢᠭᠦᠯᠦᠭᠰᠡᠨ ᠢᠶᠠᠷ᠂ ᠦᠯᠡᠮᠵᠢ ᠣᠯᠠᠨ ᠵᠠᠯᠠᠭᠤ ᠺᠠᠳ᠋ᠷ ᠴᠣᠯᠭᠤᠷᠠᠨ ᠭᠠᠷᠴᠤ᠂ ᠪᠦᠬᠦ | ᠰᠢᠶᠠᠨ ᠤ ᠺᠠᠳ᠋ᠷ ᠤᠨ ᠡᠩᠨᠡᠭᠡᠨ ᠤ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠺᠠᠳ᠋ᠷ ᠤᠨ ᠡᠩᠨᠡᠭᠡᠨ ᠤ | ᠠᠮᠢᠯᠠᠯ ᠤᠨ ᠬᠦᠴᠦᠨ ᠪᠠ ᠡᠷᠴᠢ ᠬᠦᠴᠦᠨ ᠢ ᠬᠥᠭᠵᠢᠭᠡᠪᠡ᠃ | ᠣᠳᠣᠬᠠᠨ ᠳᠤ᠂ ᠵᠠᠯᠠᠭᠤ ᠺᠠᠳ᠋ᠷ ᠢ ᠦᠶᠡᠯᠡᠯᠲᠦ ᠴᠢᠨᠠᠷᠲᠠᠶ ᠪᠠᠷ ᠰᠢᠯᠢᠨ ᠳᠡᠪᠰᠢᠭᠦᠯᠬᠦ᠂ ᠬᠡᠪᠰᠢᠭᠦᠯᠦᠨ ᠨᠥᠭᠡᠴᠡᠯᠡᠬᠦ | ᠂ ᠦᠷᠬᠦᠶᠢᠯᠵᠢᠲᠡ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠣᠳᠣᠬᠠᠨ ᠳᠤ ᠰᠠᠯᠠᠭᠠᠨ | ᠲᠠᠰ ᠤᠨ ᠪᠡᠯᠡᠳᠬᠡᠯ ᠺᠠᠳ᠋ᠷ ᠨᠡᠶᠢᠲᠡ 316 ᠶᠢ ᠨᠥᠭᠡᠴᠡᠯᠡᠵᠦ᠂ ᠡᠭᠦᠨ ᠳᠤ ᠳᠡᠳ᠋ ᠰᠠᠯᠠᠭᠠᠨ ᠲᠠᠰ ᠤᠨ ᠪᠡᠯᠡᠳᠬᠡᠯ | ᠺᠠᠳ᠋ᠷ 169 ᠬᠥᠮᠦᠨ᠂ ᠵᠢᠩᠬᠢᠨᠢ ᠰᠠᠯᠠᠭᠠᠨ ᠲᠠᠰ ᠤᠨ ᠪᠡᠯᠡᠳᠬᠡᠯ ᠺᠠᠳ᠋ᠷ 147 ᠬᠥᠮᠦᠨ ᠪᠣᠶ᠃ 2020 ᠣᠨ ᠠᠴᠠ | ᠨᠠᠰᠢ᠂ ᠳᠡᠪᠰᠢᠭᠦᠯᠦᠭᠰᠡᠨ 47 ᠰᠠᠯᠠᠭᠠᠨ ᠲᠡᠰ ᠤᠨ ᠺᠠᠳ᠋ᠷ ᠤᠨ ᠳᠣᠲᠣᠷ᠎ᠠ᠂ ᠪᠡᠯᠡᠳᠬᠡᠯ ᠺᠠᠳ᠋ᠷ 21 ᠬᠥᠮᠦᠨ ︵ | ᠳᠤᠮᠳᠠᠴᠢ ᠨᠠᠰᠤ ᠨᠢ 39.7 ᠨᠠᠰᠤ︶ ᠪᠠᠶᠢᠵᠤ᠂ 44.7% ᠶᠢ ᠡᠵᠡᠯᠡᠪᠡ᠃ ᠪᠦᠬᠦ ᠰᠢᠶᠠᠨ ᠤ ᠬᠡᠪᠴᠢᠶᠡᠨ ᠳᠤ | ᠲᠡᠷᠢᠭᠦᠨ ᠤ ᠬᠢ ᠶᠢ ᠵᠣᠷᠢᠭᠵᠢᠭᠤᠯᠬᠤ᠂ ᠬᠤᠴᠣᠷᠤᠩᠭᠤᠶ ᠶᠢ ᠰᠢᠪᠠᠳᠠᠭᠤᠯᠬᠤ ᠵᠤᠵᠠᠭᠠᠨ ᠠᠭᠤᠷ ᠠᠮᠢᠰᠬᠤᠯ ᠢ ᠪᠤᠢ | ᠪᠣᠯᠭᠠᠵᠤ᠂ ᠪᠦᠬᠦ ᠰᠢᠶᠠᠨ ᠤ ᠵᠠᠯᠠᠭᠤ ᠺᠠᠳ᠋ᠷᠴᠤᠳ ᠤᠨ ᠠᠵᠢᠯ ᠬᠢᠵᠦ ᠠᠳᠠᠯ ᠦᠢᠯᠡᠰ ᠴᠣᠭᠴᠠᠯᠠᠬᠤ ᠣᠷᠭᠢᠯᠤᠮ᠎ᠠ | ᠰᠡᠳᠬᠢᠯᠭᠡ ᠶᠢ ᠪᠦᠲᠦᠮᠵᠢᠲᠡᠶ ᠳᠠᠶᠢᠴᠢᠯᠠᠭᠰᠠᠨ ᠪᠠᠶᠢᠨ᠎ᠠ᠃ | ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ | ᠣᠷᠴᠢᠭᠤᠯᠤᠭᠴᠢ᠄ ᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ |