ᠬᠤᠸᠠᠳᠧ ᠰᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠣᠷᠣᠰᠢᠵᠤ ᠪᠠᠶᠢᠭ᠎ᠠ | ᠭᠤᠤᠯᠳᠠᠯᠭ᠎ᠠ ᠲᠠᠢ ᠠᠰᠠᠭᠤᠳᠠᠯ ᠤᠨ ᠲᠣᠭᠤᠷᠢᠨ ᠳᠤ᠂ ᠪᠠᠷᠢᠮᠵᠢᠶ᠎ᠠ ᠶᠢ ᠪᠠᠭᠤᠷᠠᠭᠤᠯᠬᠤ ᠥᠬᠡᠶ᠂ ᠡᠷᠴᠢᠮ ᠢ | ᠰᠤᠯᠠᠷᠠᠭᠤᠯᠬᠤ ᠥᠬᠡᠶ᠂ ᠠᠵᠢᠯ ᠢᠶᠠᠨ ᠰᠤᠯᠠᠷᠠᠭᠤᠯᠬᠤ ᠥᠬᠡᠶ ᠪᠠᠶᠢᠬᠤ ᠶᠢ ᠪᠠᠷᠢᠮᠲᠠᠯᠠᠵᠤ᠂ ᠡᠷᠴᠢ ᠵᠣᠷᠢᠭ ᠢᠶᠠᠨ | ᠬᠥᠪᠴᠢᠯᠡᠨ᠂ ᠬᠦᠴᠢᠷᠳᠡᠯ ᠢ ᠢᠯᠡᠨ ᠳᠠᠪᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ | ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢᠨ ᠲᠠᠯ᠎ᠠ ᠪᠠᠷ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠵᠠᠢ᠃ | ᠨᠠᠷᠢᠯᠢᠭ ᠣᠨᠣᠴᠠᠲᠠᠶ ᠪᠠᠷ ᠢᠯᠭᠠᠨ ᠲᠠᠨᠢᠬᠤ ᠲᠠᠯ᠎ᠠ ᠪᠠᠷ ︽ᠨᠠᠷᠢᠨ ᠨᠢᠮᠪᠡᠢ ᠬᠠᠨᠳᠤᠪᠠ︾᠃ ᠪᠥᠬᠦ | ᠰᠢᠶᠠᠨ ᠢᠶᠠᠷ ᠢᠶᠠᠨ ᠶᠠᠳᠠᠭᠤ ᠶᠢ ᠲᠡᠳᠬᠦᠬᠦ ᠠᠵᠢᠯ ᠤᠨ ᠥᠷᠲᠡᠭᠡ ᠳᠤ ᠲᠦᠰᠢᠭᠯᠡᠨ᠂ ︽ᠨᠢᠭᠡ ᠡᠩᠨᠡᠭᠡ᠂ ᠨᠢᠭᠡ ᠲᠠᠰ | ᠳᠠᠷᠠᠭᠠᠯᠠᠯ᠂ ᠨᠢᠭᠡ ᠪᠠᠷᠢᠮᠵᠢᠶ᠎ᠠ︾ ᠶᠣᠰᠣᠭᠠᠷ᠂ ᠨᠠᠷᠢᠯᠢᠭ ᠣᠨᠤᠴᠢᠲᠠᠢ ᠪᠠᠷ ᠢᠯᠭᠠᠨ ᠲᠠᠨᠢᠬᠤ᠂ ᠬᠠᠪᠰᠤᠷᠤᠨ | ᠲᠡᠳᠬᠦᠬᠦ ᠠᠵᠢᠯ ᠢ ᠴᠡᠭᠴᠡᠯᠡᠨ ᠰᠠᠶᠢᠵᠢᠷᠠᠭᠤᠯᠬᠤ ᠪᠠᠨ ᠦᠷᠭᠦᠯᠵᠢ ᠶᠢᠨ ᠴᠢᠨᠠᠷᠲᠠᠢ ᠥᠷᠨᠢᠭᠦᠯᠵᠦ᠂ ᠨᠠᠷᠢᠯᠢᠭ | ᠣᠨᠤᠴᠢᠲᠠᠢ ᠪᠠᠷ ᠢᠯᠭᠠᠨ ᠲᠠᠨᠢᠬᠤ ᠳᠠᠭᠠᠨ ᠨᠢᠭᠡ ᠶᠢ ᠴᠤ ᠣᠷᠬᠢᠭᠳᠠᠭᠤᠯᠬᠤ ᠥᠬᠡᠶ᠂ ᠨᠠᠷᠢᠯᠢᠭ ᠣᠨᠤᠴᠢᠲᠠᠢ ᠪᠠᠷ | ᠬᠠᠪᠰᠤᠷᠤᠨ ᠲᠡᠳᠬᠦᠬᠦ ᠳᠡᠭᠡᠨ ᠨᠢᠭᠡ ᠶᠢ ᠴᠤ ᠭᠡᠭᠡᠭᠳᠡᠭᠦᠯᠬᠦ ᠦᠭᠡᠢ ᠪᠠᠶᠢᠬᠤ ᠶᠢ ᠦᠨᠡᠨᠬᠦ ᠪᠠᠲᠤᠯᠠᠪᠠ᠃ ︽ᠬᠤᠶᠠᠷ ᠢ | ᠦᠨᠡᠯᠡᠨ ᠶᠠᠷᠢᠯᠴᠠᠵᠤ ᠬᠤᠶᠠᠷ ᠢ ᠢᠯᠡ ᠨᠡᠶᠢᠲᠡᠯᠡᠵᠦ ᠨᠢᠭᠡ ᠶᠢ ᠬᠠᠷᠢᠴᠠᠭᠤᠯᠤᠨ ᠨᠢᠭᠡ ᠶᠢ ᠬᠠᠷᠭᠤᠭᠤᠯᠬᠤ︾ ᠢᠯᠭᠠᠨ | ᠲᠠᠨᠢᠬᠤ ᠶᠠᠪᠤᠴᠠ ᠪᠠ ︽ᠳᠥᠷᠪᠡ ᠶᠢ ᠣᠷᠣᠭᠤᠯᠵᠤ ᠳᠣᠯᠤᠭ᠎ᠠ ᠶᠢ ᠣᠷᠣᠭᠤᠯᠬᠤ ᠥᠬᠡᠶ︾ ᠪᠠᠷᠢᠮᠵᠢᠶ᠎ᠠ ᠶᠤᠰᠤᠭᠠᠷ | ᠲᠠᠰ ᠳᠠᠷᠠᠭᠠᠯᠠᠯ ᠢ ᠵᠢᠷᠤᠮᠵᠢᠭᠤᠯᠤᠨ ᠢᠯᠡ ᠪᠠᠷ ᠠᠵᠢᠯᠯᠠᠭᠤᠯᠵᠤ᠂ ᠰᠢᠶᠠᠨ ᠰᠢᠶᠠᠩ ᠬᠤᠯᠪᠣᠭᠠᠯᠠᠨ ᠡᠷᠦᠬᠡ ᠳᠠᠷᠠᠭᠠᠯᠠᠨ | ᠢᠯᠭᠠᠨ ᠪᠠᠶᠢᠴᠠᠭᠠᠬᠤ ᠶᠢ ᠪᠠᠷᠢᠮᠲᠠᠯᠠᠨ᠂ ᠪᠥᠬᠦ ᠲᠠᠯ᠎ᠠ ᠪᠠᠷ ᠪᠠᠶᠢᠴᠠᠭᠠᠨ ᠦᠢᠯᠠᠭᠠᠬᠤ ᠠᠵᠢᠯ ᠢ ᠨᠠᠷᠢᠯᠢᠭ ᠪᠣᠳᠠᠲᠠᠶ | ᠭᠦᠢᠴᠡᠳᠬᠡᠵᠦ᠂ ᠬᠦᠰᠦᠨᠦᠭᠲᠦ ᠲᠠᠭᠯᠠᠬᠤ᠂ ᠡᠷᠦᠬᠡ ᠳᠤ ᠣᠷᠣᠵᠤ ᠬᠢᠨᠠᠨ ᠬᠠᠷᠭᠤᠭᠤᠯᠬᠤ᠂ ᠵᠠᠳᠠᠯᠤᠨ ᠮᠠᠭᠠᠳᠯᠠᠬᠤ | ᠠᠵᠢᠯ ᠢ ᠴᠢᠨᠠᠷ ᠰᠠᠶᠢᠲᠠᠶ ᠪᠡᠶᠡᠯᠡᠭᠦᠯᠵᠦ᠂ ︽ᠬᠥᠮᠦᠨ᠂ ᠪᠣᠳᠠᠲᠠᠶ᠂ ᠳᠠᠩᠰᠠ᠂ ᠮᠠᠰᠢᠨ︾ ᠳᠥᠷᠪᠡᠨ ᠨᠢᠭᠡᠳᠦᠯᠲᠡᠶ | ᠪᠠᠶᠢᠬᠤ ᠶᠢ ᠦᠨᠡᠨᠬᠦ ᠬᠢᠵᠡᠢ᠃ | ᠣᠷᠣᠨ ᠰᠠᠭᠤᠴᠠ ᠶᠢᠨ ᠠᠮᠤᠷ ᠲᠦᠪᠰᠢᠨ ᠤ ᠲᠠᠯ᠎ᠠ ᠪᠠᠷ ︽ᠥᠭᠡᠷᠡᠴᠢᠯᠡᠪᠡᠰᠦ ᠵᠣᠬᠢᠬᠤ ᠶᠢ ᠨᠢ ᠴᠥᠮ | ᠥᠭᠡᠷᠡᠴᠢᠯᠡᠪᠡ︾᠃ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ | ᠠᠵᠢᠯᠲᠠᠨ ᠡᠷᠦᠬᠡ ᠳᠠᠷᠠᠭᠠᠯᠠᠨ 6 ᠰᠢᠶᠠᠩ ᠪᠠᠯᠭᠠᠰᠤᠨ ᠤ ᠶᠠᠳᠠᠭᠤ ᠬᠦᠴᠢᠷᠳᠡᠯᠲᠡᠶ ᠲᠣᠰᠬᠤᠨ ᠤ ᠪᠣᠶ ᠪᠥᠬᠦᠶ | ᠲᠠᠩᠰᠠ ᠺᠠᠷᠲ ᠵᠣᠬᠢᠶᠠᠭᠰᠠᠨ ᠶᠠᠳᠠᠭᠤ ᠬᠦᠴᠢᠷᠳᠡᠯᠲᠡᠶ ᠡᠷᠦᠬᠡ ᠶᠢ ᠡᠷᠦᠬᠡ ᠳᠠᠷᠠᠭᠠᠯᠠᠨ ᠰᠤᠷᠪᠤᠯᠵᠢᠯᠠᠵᠤ᠂ ᠶᠠᠳᠠᠭᠤ | ᠬᠦᠴᠢᠷᠳᠡᠯᠲᠡᠶ ᠡᠷᠦᠬᠡ ᠶᠢᠨ ᠠᠮᠤᠷ ᠲᠦᠪᠰᠢᠨ ᠣᠷᠣᠨ ᠰᠠᠭᠤᠴᠠ ᠶᠢᠨ ᠪᠠᠶᠢᠳᠠᠯ ᠢ ᠪᠠᠷᠢᠮᠵᠢᠶᠠᠯᠠᠨ ᠬᠠᠷᠭᠤᠭᠤᠯᠤᠭᠠᠳ | ᠥᠭᠡᠷᠡᠴᠢᠯᠡᠬᠦ ᠶᠣᠰᠣᠲᠠᠶ ᠶᠢ ᠨᠢ ᠪᠦᠬᠦᠨ ᠢ ᠥᠭᠡᠷᠡᠴᠢᠯᠡᠨ ᠰᠠᠶᠢᠵᠢᠷᠠᠭᠤᠯᠵᠤ᠂ ᠨᠡᠭᠦᠯᠭᠡᠬᠦ ᠶᠣᠰᠣᠲᠠᠶ ᠶᠢ ᠨᠢ ᠪᠦᠬᠦᠨ ᠢ | ᠨᠡᠭᠦᠯᠭᠡᠨ ᠰᠢᠯᠵᠢᠭᠦᠯᠬᠦ ᠶᠢ ᠪᠡᠶᠡᠯᠡᠭᠦᠯᠪᠡ᠃ | ᠤᠤᠭᠤᠬᠤ ᠤᠰᠤᠨ ᠤ ᠠᠮᠤᠷ ᠲᠦᠪᠰᠢᠨ ᠤ ᠲᠠᠯ᠎ᠠ ᠪᠠᠷ ︽ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠪᠡ︾᠃ | ︽ᠨᠢᠭᠡ ᠪᠦᠯᠦᠭ ᠢ ᠰᠡᠯᠪᠢᠨ ᠵᠠᠰᠠᠵᠤ ᠰᠠᠶᠢᠵᠢᠷᠠᠭᠤᠯᠬᠤ᠂ ᠨᠢᠭᠡ ᠪᠦᠯᠦᠭ ᠢ ᠨᠡᠭᠦᠯᠭᠡᠬᠦ᠂ ᠨᠢᠭᠡ ᠪᠦᠯᠦᠭ ᠢ | ᠬᠠᠮᠢᠶᠠᠷᠤᠨ ᠬᠠᠮᠠᠭᠠᠯᠠᠬᠤ᠂ ᠨᠢᠭᠡ ᠪᠦᠯᠦᠭ ᠢ ᠰᠢᠨ᠎ᠡ ᠪᠠᠷ ᠪᠠᠶᠢᠭᠤᠯᠬᠤ︾ ᠵᠠᠷᠴᠢᠮ ᠶᠣᠰᠣᠭᠠᠷ᠂ ᠤᠤᠭᠤᠬᠤ | ᠤᠰᠤᠨ ᠤ ᠠᠮᠤᠷ ᠲᠦᠪᠰᠢᠨ ᠤ ᠠᠰᠠᠭᠤᠳᠠᠯ ᠢ ᠲᠥᠷᠥᠯ ᠬᠤᠪᠢᠶᠠᠨ ᠰᠢᠢᠳᠪᠤᠷᠢᠯᠡᠵᠦ᠂ ᠲᠦᠭᠡᠭᠡᠯ ᠤᠰᠤ ᠶᠢ | ᠡᠷᠦᠬᠡ ᠪᠣᠯᠭᠠᠨ ᠳᠤ ᠨᠡᠪᠲᠡᠷᠡᠬᠦᠯᠬᠦ᠂ ᠡᠷᠦᠬᠡ ᠪᠣᠯᠭᠠᠨ ᠴᠡᠪᠡᠷ ᠤᠰᠤ ᠲᠠᠢ ᠪᠠᠶᠢᠬᠤ ᠶᠢ ᠦᠨᠡᠨᠬᠦ ᠪᠠᠲᠤᠯᠠᠵᠠᠢ᠃ | ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠠᠶᠢᠲᠤᠷ ᠪᠠᠶᠢᠴᠠᠭᠠᠵᠤ᠂ ᠪᠥᠬᠦ ᠰᠢᠶᠠᠨ ᠤ ᠤᠤᠭᠤᠬᠤ | ᠤᠰᠤᠨ ᠤ ᠠᠮᠤᠷ ᠲᠦᠪᠰᠢᠨ ᠤ ᠠᠰᠠᠭᠤᠳᠠᠯ ᠤᠨ ᠡᠬᠡ ᠲᠠᠩᠰᠠ ᠶᠢ ᠪᠠᠶᠢᠭᠤᠯᠤᠨ᠂ ᠲᠣᠰᠬᠤᠨ ᠤ ᠱᠠᠲᠤᠨ ᠤ | ᠤᠤᠭᠤᠬᠤ ᠤᠰᠤᠨ ᠤ ᠬᠠᠮᠢᠶᠠᠷᠤᠯᠲᠠ ᠬᠠᠮᠠᠭᠠᠯᠠᠯᠲᠠ ᠶᠢᠨ ᠲᠦᠷᠢᠮ ᠢ ᠪᠠᠶᠢᠭᠤᠯᠵᠤ᠂ ᠬᠠᠮᠢᠶᠠᠷᠴᠤ ᠬᠠᠮᠠᠭᠠᠯᠠᠬᠤ | ᠠᠵᠢᠯᠲᠠᠨ᠂ ᠬᠠᠮᠢᠶᠠᠷᠴᠤ ᠬᠠᠮᠠᠭᠠᠯᠠᠬᠤ ᠪᠠᠯᠠ ᠮᠥᠩᠭᠦ ᠪᠠ ᠬᠠᠮᠢᠶᠠᠷᠴᠤ ᠬᠠᠮᠠᠭᠠᠯᠠᠬᠤ ᠲᠣᠭᠲᠠᠴᠠ ᠶᠢ | ᠲᠣᠳᠣᠷᠬᠠᠶᠢᠯᠠᠵᠤ᠂ ᠠᠷᠠᠳ ᠣᠯᠠᠨ ᠤ ᠠᠮᠤᠷ ᠲᠦᠪᠰᠢᠨ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠰᠡᠨ ᠤᠰᠤ | ᠤᠤᠭᠤᠬᠤ ᠶᠢ ᠦᠨᠡᠨᠬᠦ ᠪᠠᠲᠤᠯᠠᠵᠠᠢ᠃ | ᠣᠷᠣᠰᠢᠨ ᠰᠠᠭᠤᠬᠤ ᠣᠷᠴᠢᠨ ᠨᠥᠬᠦᠴᠡᠯ ᠳᠡᠭᠡᠷ᠎ᠡ ︽ᠴᠡᠪᠡᠷ ᠲᠡᠭᠰᠢ ᠠᠷᠢᠭᠤᠨ ᠴᠡᠪᠡᠷ︾ ᠪᠤᠯᠪᠠ᠃ ᠬᠥᠳᠡᠭᠡ | ᠲᠣᠰᠬᠤᠨ ᠤ ᠰᠠᠭᠤᠷᠢ ᠳᠦᠬᠦᠭᠡᠷᠦᠮᠵᠢ ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠲᠦᠷᠭᠡᠳᠬᠡᠵᠦ᠂ ᠲᠣᠰᠬᠤᠨ ᠳᠤ ᠨᠡᠪᠲᠡᠷᠡᠬᠦ ᠵᠠᠮ ᠤᠨ ᠰᠠᠭᠠᠳ ᠥᠬᠡᠶ ᠨᠡᠪᠲᠡᠷᠡᠬᠦ ᠨᠣᠷᠮ᠎ᠠ᠂ | ᠲᠠᠷᠢᠶᠠᠴᠢᠨ ᠡᠷᠦᠬᠡ ᠳᠤ ᠴᠠᠬᠢᠯᠭᠠᠨ ᠨᠡᠪᠲᠡᠷᠡᠭᠦᠯᠬᠦ ᠨᠣᠷᠮ᠎ᠠ᠂ ᠷᠠᠳᠢᠣ᠋ ᠲᠧᠯᠸᠢᠰ ᠪᠣᠯᠤᠨ ᠰᠢᠯᠵᠢᠮᠡᠯ ᠰᠦᠯᠵᠢᠶᠡᠨ ᠤ | ᠪᠦᠷᠬᠦᠴᠡ ᠶᠢᠨ ᠨᠣᠷᠮ᠎ᠠ ᠶᠢ ᠴᠥᠮ 100% ᠳᠤ ᠬᠦᠷᠭᠡᠵᠦ᠂ 86 ᠵᠠᠰᠠᠭ ᠵᠠᠬᠢᠷᠭᠠᠨ ᠤ ᠲᠣᠰᠬᠤᠨ ᠳᠤ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠠᠰᠤᠭ᠂ ᠰᠣᠶᠣᠯ ᠤᠨ ᠠᠵᠢᠯᠯᠠᠭᠠᠨ ᠤ ᠲᠠᠰᠤᠭ ᠪᠣᠯᠤᠨ ᠠᠷᠠᠳ ᠲᠤ ᠳᠥᠭᠦᠮ | ᠦᠵᠡᠭᠦᠯᠬᠦ ᠬᠡᠲᠦ ᠳᠡᠯᠭᠡᠭᠦᠷ ᠢ ᠪᠦᠬᠦᠨ ᠢ ᠪᠠᠶᠢᠭᠤᠯᠵᠤ᠂ ︽ᠵᠣᠷᠯᠣᠩ ᠤᠨ ᠬᠤᠪᠢᠰᠬᠠᠯ︾ ᠢ ᠠᠬᠢᠭᠤᠯᠵᠠᠢ᠃ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠠᠷᠪᠠᠨ ᠰᠢᠶᠠᠨ ᠵᠠᠭᠤᠨ ᠰᠢᠶᠠᠩ ᠮᠢᠩᠭᠠᠨ | ᠲᠣᠰᠬᠤᠨ︾ ᠤ ᠵᠢᠱᠢᠶ᠎ᠡ ᠦᠵᠡᠭᠦᠯᠬᠦ ᠠᠵᠢᠯᠯᠠᠭ᠎ᠠ ᠶᠢ ᠥᠷᠨᠢᠭᠦᠯᠵᠦ᠂ ᠡᠯ᠎ᠡ ᠲᠣᠰᠬᠤᠨ ︽ᠲᠣᠰᠬᠤᠨ ᠤ ᠲᠦᠷᠢᠮ | ᠠᠷᠠᠳ ᠤᠨ ᠭᠡᠷ᠎ᠡ︾᠂ ︽ᠡᠷᠡᠭᠦᠯ ᠬᠠᠮᠠᠭᠠᠯᠠᠯ ᠤᠨ ᠨᠡᠶᠢᠲᠡ ᠶᠢᠨ ᠭᠡᠷ᠎ᠡ︾ ᠳᠤ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠵᠦ᠂ ᠬᠠᠭᠤᠴᠢᠨ ᠶᠣᠰᠣ ᠪᠣᠯᠬᠢ ᠳᠠᠳᠬᠠᠯ ᠢ ᠲᠠᠰᠤᠷᠠᠯᠲᠠ ᠥᠬᠡᠶ ᠠᠷᠢᠯᠭᠠᠵᠤ᠂ ᠨᠡᠶᠢᠭᠡᠮ | ᠵᠢᠷᠤᠮ ᠤᠨ ᠰᠢᠨ᠎ᠡ ᠰᠤᠷᠲᠠᠯ ᠲᠥᠪ ᠰᠤᠷᠲᠠᠯ ᠢ ᠪᠣᠶ ᠪᠣᠯᠭᠠᠪᠠ᠃ | ᠺᠠᠳ᠋ᠷ ᠤᠨ ᠰᠤᠷᠲᠠᠯ ᠤᠨ ᠲᠠᠯ᠎ᠠ ᠪᠠᠷ ︽ᠴᠢᠩᠭ᠎ᠠ ᠠᠳᠬᠤᠨ ᠴᠢᠩᠭ᠎ᠠ ᠬᠠᠮᠢᠶᠠᠷᠪᠠ︾᠃ ︽ᠪᠠᠶᠢᠴᠠᠭᠠᠨ | ᠰᠤᠳᠤᠯᠤᠯᠲᠠ ᠶᠢ ᠬᠥᠭᠵᠢᠭᠦᠯᠤᠨ ᠰᠤᠷᠲᠠᠯ ᠢ ᠬᠤᠪᠢᠷᠠᠭᠤᠯᠵᠤ ᠨᠠᠶᠢᠳᠠᠪᠤᠷᠢᠵᠢᠭᠤᠯᠤᠯᠲᠠ ᠶᠢ ᠠᠬᠢᠭᠤᠯᠬᠤ︾ ᠪᠠ ︽ | ᠺᠠᠳ᠋ᠷ ᠤᠨ ᠰᠤᠷᠲᠠᠯ ᠤᠨ ᠣᠨ ᠤ ᠪᠠᠶᠢᠭᠤᠯᠤᠯᠲᠠ︾ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠶᠠᠳᠠᠭᠤ ᠶᠢ | ᠲᠡᠳᠬᠦᠬᠦ ᠬᠦᠷᠢᠶᠡᠨ ᠳᠠᠬᠢ ᠰᠤᠷᠲᠠᠯ ᠤᠨ ᠠᠰᠠᠭᠤᠳᠠᠯ ᠢ ᠰᠢᠢᠳᠪᠤᠷᠢᠯᠡᠵᠦ᠂ ᠶᠠᠳᠠᠭᠤ ᠶᠢ ᠲᠡᠳᠬᠦᠬᠦ ᠠᠯᠪᠠᠨ ᠭᠡᠷ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠪᠡᠶ᠎ᠡ ᠲᠠᠮᠢᠷ᠂ ᠡᠷᠡᠭᠦᠯ ᠬᠠᠮᠠᠭᠠᠯᠠᠯ ᠵᠡᠷᠭᠡ | 16 ᠠᠵᠢᠯ ᠲᠥᠷᠥᠯ ᠤᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠪᠦᠬᠦ ᠰᠢᠶᠠᠨ ᠤ ᠳᠡᠳ᠋ ᠭᠠᠵᠠᠷ ᠤᠨ | ᠤᠳᠤᠷᠢᠳᠬᠤ ᠺᠠᠳ᠋ᠷ ᠪᠣᠯᠤᠨ ᠶᠠᠳᠠᠭᠤ ᠶᠢ ᠲᠡᠳᠬᠦᠬᠦ ᠠᠵᠢᠯ ᠳᠤ ᠬᠤᠯᠪᠣᠭᠳᠠᠬᠤ ᠰᠢᠶᠠᠩ ᠪᠠᠯᠭᠠᠰᠤ᠂ ᠲᠣᠰᠬᠤᠨ ᠤ | ᠺᠠᠳ᠋ᠷ ᠪᠣᠯᠤᠨ ᠲᠣᠰᠬᠤᠨ ᠢ ᠳᠠᠭᠠᠭᠠᠴᠢᠯᠠᠭᠰᠠᠨ ᠨᠢᠭᠡᠴᠡ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ | ᠬᠠᠪᠰᠤᠷᠤᠨ ᠲᠡᠳᠬᠦᠬᠦ ᠬᠠᠷᠢᠭᠤᠴᠠᠯᠭ᠎ᠠ ᠡᠭᠦᠷᠭᠡᠯᠡᠭᠴᠢ ᠵᠡᠷᠭᠡ ᠶᠢ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠵᠤ᠂ | ᠲᠣᠰᠬᠤᠨ ᠤ ᠺᠠᠳ᠋ᠷ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠳᠤ ᠲᠥᠷᠥ ᠶᠢᠨ ᠪᠣᠳᠣᠯᠭ᠎ᠠ ᠪᠣᠯᠤᠨ | ᠲᠤᠬᠠᠶᠢᠯᠠᠭᠰᠠᠨ ᠠᠵᠢᠯ ᠢ ᠠᠳᠬᠤᠵᠤ ᠪᠠᠶᠢᠭ᠎ᠠ ᠪᠠᠶᠢᠳᠠᠯ ᠤᠨ ᠲᠤᠬᠠᠶ ᠪᠦᠯᠦᠭ ᠬᠤᠪᠢᠶᠠᠨ ᠰᠢᠯᠭᠠᠯᠲᠠ ᠬᠢᠵᠦ᠂ ︽ | ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠢ ᠨᠠᠶᠢᠳᠠᠪᠤᠷᠢᠵᠢᠭᠤᠯᠬᠤ᠂ ᠬᠠᠪᠰᠤᠷᠤᠨ ᠲᠡᠳᠬᠦᠬᠦ ᠶᠢ | ᠨᠠᠶᠢᠳᠠᠪᠤᠷᠢᠵᠢᠭᠤᠯᠬᠤ︾ ᠶᠢᠨ ᠲᠣᠭᠤᠷᠢᠨ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠵᠦ᠂ | ᠥᠪᠡᠷᠲᠡᠭᠡᠨ ᠵᠠᠰᠠᠬᠤ ᠣᠷᠣᠨ ᠠᠴᠠ ᠲᠣᠮᠢᠯᠠᠨ ᠰᠠᠭᠤᠭ᠎ᠠ ᠠᠵᠢᠯ ᠤᠨ ᠶᠡᠷᠦᠩᠬᠡᠶ ᠠᠩᠭᠢ᠂ ᠬᠤᠲᠠ ᠶᠢᠨ ᠲᠣᠮᠢᠯᠠᠨ | ᠰᠠᠭᠤᠯᠭᠠᠭᠰᠠᠨ ᠱᠠᠭᠠᠷᠳᠠᠨ ᠵᠢᠯᠣᠭᠤᠳᠬᠤ ᠳᠤᠭᠤᠶᠢᠯᠠᠩ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠵᠣᠬᠢᠶᠠᠨ | ᠪᠠᠶᠢᠭᠤᠯᠬᠤ ᠬᠡᠯᠲᠡᠰ ᠤᠨ ᠱᠠᠭᠠᠷᠳᠠᠨ ᠪᠠᠶᠢᠴᠠᠭᠠᠬᠤ ᠳᠤᠭᠤᠶᠢᠯᠠᠩ ᠪᠠ ︽ᠬᠤᠶᠠᠷ ᠠᠯᠪᠠᠨ ᠬᠡᠷ︾ ᠤᠨ ᠱᠠᠭᠠᠷᠳᠠᠨ | ᠪᠠᠶᠢᠴᠠᠭᠠᠬᠤ ᠳᠤᠭᠤᠶᠢᠯᠠᠩ ᠲᠠᠰᠢᠷᠠᠮ ᠳᠠᠭᠠᠤ ᠲᠣᠰᠬᠤᠨ ᠡᠷᠦᠬᠡ ᠪᠠᠷ ᠬᠦᠷᠴᠦ ᠱᠠᠭᠠᠷᠳᠠᠨ ᠪᠠᠶᠢᠴᠠᠭᠠᠵᠠᠢ᠃ | ᠰᠤᠭᠤᠯᠤᠨ ᠪᠠᠶᠢᠴᠠᠭᠠᠭᠰᠠᠨ ᠪᠠᠶᠢᠳᠠᠯ ᠢ ᠲᠤᠰ ᠡᠳᠦᠷ ᠲᠡᠭᠡᠨ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ | ᠨᠢᠭᠡᠳᠦᠭᠡᠷ ᠱᠦᠵᠢ ᠪᠣᠯᠤᠨ ᠨᠠᠮ ᠤᠨ ᠬᠤᠷᠢᠶᠠᠨ ᠤ ᠱᠦᠵᠢ ᠳᠤ ᠴᠠᠭ ᠲᠤᠬᠠᠶ ᠳᠤᠨᠢ ᠪᠢᠴᠢᠭ ᠢᠶᠠᠷ ᠬᠠᠷᠢᠭᠤ | ᠲᠤᠰᠬᠠᠵᠤ᠂ ᠴᠠᠭ ᠲᠤᠬᠠᠶ ᠳᠤᠨᠢ ᠵᠠᠯᠠᠷᠠᠭᠤᠯᠤᠨ ᠵᠠᠰᠠᠬᠤ ᠪᠠᠷ ᠱᠠᠭᠠᠷᠳᠠᠵᠤ᠂ ᠲᠡᠳᠡᠨ ᠤ ᠠᠵᠢᠯ ᠥᠷᠨᠢᠭᠦᠯᠦᠭᠰᠡᠨ | ᠪᠠᠶᠢᠳᠠᠯ ᠢ ︽ᠡᠷᠬᠢᠨ ᠪᠠᠶᠢᠴᠠᠭᠠᠵᠤ︾᠂ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢᠶᠠᠷ ᠦᠷᠭᠦᠯᠵᠢᠯᠡᠨ ᠠᠨᠠᠶ ᠪᠠᠶᠢᠭ᠎ᠠ | ᠳᠠᠭᠠᠭᠠᠴᠢᠯᠠᠯᠲᠠ ᠶᠢᠨ ᠤᠳᠤᠷᠢᠳᠤᠭᠴᠢ᠂ ᠰᠢᠶᠠᠩ ᠪᠠᠯᠭᠠᠰᠤᠨ ᠤ ᠨᠢᠭᠡᠳᠦᠭᠡᠷ ᠱᠦᠵᠢ᠂ ᠰᠢᠶᠠᠩ ᠪᠠᠯᠭᠠᠰᠤ | ᠲᠣᠰᠬᠤᠨ ᠤ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ ᠰᠠᠨᠠᠭᠤᠯᠭ᠎ᠠ ᠳᠤᠷᠠᠳᠴᠤ᠂ ᠪᠣᠯᠵᠣᠨ ᠶᠠᠷᠢᠯᠴᠠᠭᠰᠠᠨ ᠤ | ᠳᠠᠷᠠᠭ᠎ᠠ ᠴᠡᠭᠴᠡᠯᠡᠨ ᠰᠠᠶᠢᠵᠢᠷᠠᠭᠤᠯᠤᠭᠰᠠᠨ ᠨᠢ ᠢᠯᠡᠷᠬᠡᠶ ᠪᠢᠰᠢ ᠪᠠᠶᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ | ᠬᠠᠷᠢᠭᠤᠴᠠᠯᠭ᠎ᠠ ᠲᠤᠯᠭᠠᠬᠤ ᠶᠢᠨ ᠬᠠᠮᠲᠤ ᠡᠯ᠎ᠡ ᠲᠣᠰᠬᠤᠨ ᠤ ᠬᠤᠶᠠᠷ ᠵᠥᠪᠯᠡᠯ ᠤᠨ ᠤᠳᠤᠷᠢᠳᠬᠤ ᠪᠠᠭ ᠤᠨ | ᠪᠠᠶᠢᠭᠤᠯᠤᠯᠲᠠ ᠶᠢᠨ ᠪᠠᠶᠢᠳᠠᠯ᠂ ᠠᠵᠢᠯ ᠤᠨ ᠲᠥᠯᠥᠪᠯᠡᠭᠡ᠂ ᠬᠠᠮᠲᠤ ᠶᠢᠨ ᠠᠵᠤ ᠠᠬᠤᠶ ᠶᠢᠨ ᠭᠠᠵᠠᠷ ᠰᠢᠷᠣᠶ ᠶᠢᠨ | ᠡᠷᠭᠢᠯᠲᠡ᠂ ᠬᠠᠮᠲᠤ ᠶᠢᠨ ᠡᠳ᠋ ᠬᠥᠷᠥᠩᠭᠡ ᠶᠢᠨ ᠬᠡᠷᠡᠭᠯᠡᠯᠲᠡ᠂ ᠤᠯᠤᠰ ᠤᠨ ᠲᠠᠷᠢᠶᠠᠴᠢᠳ ᠲᠤ ᠠᠰᠢᠭ ᠬᠦᠷᠲᠡᠭᠡᠬᠦ | ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠡᠳ᠋ ᠤᠨ ᠶᠠᠪᠤᠳᠠᠯ ᠢ ᠢᠯᠡ | ᠪᠣᠯᠭᠠᠬᠤ ᠵᠡᠷᠭᠡ ᠶᠢ ᠴᠠᠭ ᠲᠤᠬᠠᠶ ᠳᠤᠨᠢ ᠢᠯᠡ ᠨᠡᠶᠢᠲᠡᠯᠡᠵᠠᠢ᠃ | ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠲᠠᠯ᠎ᠠ ᠪᠠᠷ ︽ᠠᠷᠠᠳ ᠲᠤ ᠦᠢᠯᠡᠴᠢᠯᠡᠪᠡ︾᠃ | ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠤᠰᠬᠠᠶ ᠬᠥᠮᠦᠨ ᠰᠣᠩᠭᠤᠵᠤ | ᠂ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠢ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠤᠭᠤᠴᠢᠨ ᠪᠠᠶᠢᠴᠠᠭᠠᠯᠲᠠ ᠶᠢ ᠰᠠᠶᠢᠲᠤᠷ ᠬᠢᠬᠦ ᠶᠢᠨ ᠬᠠᠮᠲᠤ ᠲᠣᠰᠬᠤᠨ ᠤ | ᠨᠤᠲᠤᠭ ᠲᠠᠭᠠᠨ ᠪᠤᠴᠠᠭᠰᠠᠨ ᠣᠯᠠᠨ ᠲᠦᠮᠡᠨ᠂ ᠶᠠᠳᠠᠭᠤ ᠬᠦᠴᠢᠷᠳᠡᠯᠲᠡᠶ ᠡᠷᠦᠬᠡ᠂ ᠨᠠᠭᠠᠳᠤ ᠵᠠᠬ᠎ᠠ ᠶᠢᠨ ᠪᠠᠲᠤᠯᠠᠭᠠᠲᠤ | ᠡᠷᠦᠬᠡ᠂ ᠵᠡᠮᠳᠡᠭ ᠡᠷᠦᠬᠡ ᠵᠡᠷᠭᠡ ᠶᠢ ᠵᠣᠬᠢᠶᠠᠨ ᠪᠠᠶᠢᠭᠤᠯᠤᠨ ᠰᠠᠭᠤᠳᠠᠯ ᠤᠨ ᠬᠤᠷᠠᠯ ᠬᠢᠵᠦ᠂ ᠨᠠᠮ ᠪᠠ ᠵᠠᠰᠠᠭ ᠤᠨ | ᠣᠷᠳᠣᠨ ᠤ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠤᠬᠠᠭᠤᠯᠵᠤ᠂ ᠲᠥᠷᠥ ᠶᠢᠨ | ᠪᠣᠳᠣᠯᠭ᠎ᠠ ᠶᠢᠨ ᠪᠣᠳᠠᠲᠤ ᠠᠰᠢᠭ ᠤᠨ ᠲᠠᠩᠰᠠ ᠶᠢ ᠰᠠᠶᠢᠲᠤᠷ ᠪᠤᠳᠤᠵᠤ ᠦᠭᠴᠠᠢ᠃ ᠤᠳᠤᠷᠢᠳᠬᠤ ᠺᠠᠳ᠋ᠷᠴᠤᠳ | ᠶᠠᠳᠠᠭᠤ ᠬᠦᠴᠢᠷᠳᠡᠯᠲᠡᠢ ᠡᠷᠦᠬᠡ ᠶᠢᠨ ᠭᠡᠷ ᠲᠤ ᠬᠦᠷᠴᠦ ᠨᠢᠭᠡ ᠤᠳᠠᠭ᠎ᠠ ᠭᠡᠷ ᠪᠦᠯᠢ ᠶᠢᠨ ᠬᠤᠷᠠᠯ ᠬᠢᠵᠦ᠂ ᠨᠢᠭᠡ | ᠡᠷᠡᠨ ᠤ ᠭᠡᠷ ᠪᠦᠯᠢ ᠶᠢᠨ ᠬᠤᠭᠤᠯᠠ ᠢᠳᠡᠵᠦ᠂ ᠨᠢᠭᠡ ᠰᠥᠨᠢ ᠲᠠᠷᠢᠶᠠᠴᠢᠨ ᠠᠶᠢᠯ ᠤᠨ ᠭᠡᠷ ᠲᠤ ᠬᠤᠨᠤᠭᠯᠠᠵᠤ᠂ | ᠨᠢᠭᠡ ᠡᠳᠦᠷ ᠲᠠᠷᠢᠶᠠᠴᠢᠨ ᠠᠶᠢᠯ ᠤᠨ ᠠᠵᠢᠯ ᠬᠢᠵᠦ᠂ ᠳᠣᠲᠣᠨᠣ ᠠᠵᠢᠯ ᠬᠢᠬᠦ ᠶᠢ ᠠᠬᠢᠭᠤᠯᠵᠤ᠂ ᠠᠷᠠᠳ ᠤᠨ | ᠰᠠᠨᠠᠭ᠎ᠠ ᠶᠢ ᠰᠣᠨᠣᠰᠴᠤ᠂ ᠥᠩᠭᠡᠷᠡᠭᠰᠡᠨ ᠤ ᠪᠠ ᠤᠳᠤ ᠶᠢᠨ ᠬᠤᠪᠢᠷᠠᠯᠲᠠ ᠶᠢ ᠨᠠᠷᠢᠨ ᠲᠣᠭᠠᠴᠢᠵᠤ᠂ ︽ᠲᠦᠷᠦ ᠶᠢᠨ | ᠪᠤᠳᠤᠯᠭ᠎ᠠ ᠶᠢᠨ ᠲᠠᠩᠰᠠ︾᠂ ︽ᠤᠯᠤᠰ ᠤᠨ ᠭᠡᠷ ᠪᠦᠯᠢ ᠶᠢᠨ ᠣᠷᠣᠭᠤᠯᠤᠯᠲᠠ ᠶᠢᠨ ᠲᠠᠩᠰᠠ︾᠂ ︽ᠲᠦᠷᠦᠯ | ᠵᠦᠢᠯ ᠤᠨ ᠲᠠᠩᠰᠠ︾᠂ ︽ᠣᠷᠣᠯᠭ᠎ᠠ ᠶᠢᠨ ᠲᠠᠩᠰᠠ︾᠂ ︽ᠬᠠᠪᠰᠤᠷᠤᠨ ᠲᠡᠳᠬᠦᠬᠦ ᠲᠠᠩᠰᠠ︾ ᠶᠢ ᠲᠣᠳᠣᠷᠬᠠᠢ | ᠪᠤᠳᠤᠵᠤ᠂ ᠤᠯᠠᠨ ᠲᠦᠮᠡᠨ ᠳᠤ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠪᠣᠳᠠᠲᠤ | ᠠᠰᠢᠭ ᠲᠤᠰᠠ ᠶᠢ ᠦᠨᠡᠨᠬᠦ ᠮᠡᠳᠡᠷᠡᠭᠦᠯᠵᠦ᠂ ᠤᠯᠠᠨ ᠲᠦᠮᠡᠨ ᠤ ᠶᠠᠳᠠᠭᠤ ᠠᠴᠠ ᠠᠩᠭᠢᠵᠢᠷᠠᠭᠤᠯᠬᠤ ᠢᠳᠡᠪᠬᠢᠵᠢᠯ ᠢ | ᠬᠥᠭᠵᠢᠭᠡᠵᠦ᠂ ᠤᠯᠠᠨ ᠲᠦᠮᠡᠨ ᠤ ᠮᠡᠳᠡᠷᠡᠮᠵᠢ ᠪᠠ ᠬᠠᠨᠤᠮᠵᠢ ᠶᠢᠨ ᠬᠡᠮᠵᠢᠶ᠎ᠠ ᠶᠢ ᠳᠡᠭᠡᠭᠰᠢᠯᠡᠭᠦᠯᠬᠦ ᠶᠢ ᠱᠠᠭᠠᠷᠳᠠᠵᠠᠢ᠃ | | ᠵᠣᠬᠢᠶᠠᠭᠴᠢ᠄ ᠵᠠᠩ ᠹᠠᠩ | ᠢᠷᠡᠯᠲᠡ᠄ ᠤᠯᠠᠭᠠᠨᠴᠠᠪ ᠤᠨ ᠰᠤᠨᠢᠨ | | | |