ᠮᠠᠨ ᠤ ᠰᠢᠶᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-22
   7 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠠᠶ ᠵᠢᠶᠦ᠋ᠨ ᠸᠧᠶ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
   ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠳᠤᠷᠠᠳᠤᠭᠰᠠᠨ ᠪᠠᠶᠢᠴᠠᠭᠠᠨ ᠰᠤᠳᠤᠯᠤᠯᠲᠠ ᠶᠢᠨ ᠱᠠᠭᠠᠷᠳᠠᠯᠭ᠎ᠠ ᠪᠠ ᠮᠠᠲ᠋ᠧᠷᠢᠶᠠᠯ ᠤᠨ ᠱᠠᠭᠠᠷᠳᠠᠯᠭ᠎ᠠ ᠶᠢ ᠰᠣᠨᠣᠰᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠣᠬᠢᠶᠠᠵᠤ ᠬᠡᠷᠡᠭᠵᠢᠭᠦᠯᠵᠦ᠂ ᠪᠦᠬᠦ ᠰᠢᠶᠠᠨ ᠤ ᠬᠥᠭᠵᠢᠯᠲᠡ ᠶᠢᠨ ᠵᠢᠷᠤᠭ ᠲᠥᠰᠦᠪ ᠢ ᠵᠢᠷᠤᠭᠯᠠᠵᠤ᠂ ᠮᠠᠨ ᠤ ᠰᠢᠶᠠᠨ ᠤ ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠪᠠᠶᠢᠳᠠᠯ ᠳᠤ ᠢᠳᠡᠪᠬᠢᠲᠡᠢ ᠵᠣᠬᠢᠴᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠥᠷᠢᠰᠥᠯᠳᠦᠭᠡᠨ ᠢ ᠲᠣᠬᠢᠲᠠᠶ ᠠᠷᠭᠠᠴᠠᠵᠤ᠂ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠨᠢ ᠴᠢᠬᠤᠯᠠ ᠪᠣᠳᠠᠲᠤ ᠠᠴᠢ ᠬᠤᠯᠪᠣᠭᠳᠠᠯ ᠪᠠ ᠠᠯᠤᠰ ᠬᠡᠲᠦ ᠶᠢᠨ ᠨᠥᠯᠥᠭᠡ ᠲᠠᠢ ᠶᠤᠮ᠃
   ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠠᠮᠢᠶ᠎ᠠ ᠪᠦᠬᠦᠢ ᠨᠢᠭᠡᠴᠡ ᠰᠠᠯᠠᠭ᠎ᠠ ᠮᠥᠴᠢᠷ ᠤᠳ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠂ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠬᠤ ᠬᠡᠷᠡᠭᠲᠡᠶ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠶᠢᠨ ᠬᠠᠮᠲᠤ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠲᠠᠢ ᠵᠣᠯᠭᠠᠭᠤᠯᠬᠤ ᠪᠠ ᠦᠷᠭᠦᠯᠵᠢᠯᠡᠭᠦᠯᠬᠦ ᠶᠢ ᠦᠨᠡᠨᠬᠦ ᠰᠠᠶᠢᠲᠤᠷ ᠬᠢᠵᠦ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠵᠠᠩᠭᠢᠯᠠᠭ᠎ᠠ ᠶᠢᠨ ᠭᠤᠭᠴᠤᠭ᠎ᠠ ᠪᠠ   ᠭᠤᠣᠯᠳᠠᠯᠭ᠎ᠠ ᠲᠠᠢ ᠬᠦᠷᠢᠶ᠎ᠡ ᠶᠢ ᠠᠳᠬᠤᠵᠤ᠂ ᠨᠠᠶᠢᠷᠠᠭᠤᠯᠤᠨ ᠵᠣᠬᠢᠶᠠᠬᠤ ᠳᠡᠰ ᠳᠠᠷᠠᠭᠠᠯᠠᠯ ᠢ ᠵᠢᠷᠤᠮᠵᠢᠭᠤᠯᠵᠤ᠂ ᠰᠢᠪᠲᠤᠯᠬᠤ ᠵᠠᠮ ᠮᠥᠷ ᠢ ᠣᠨᠣᠪᠴᠢᠲᠠᠶ ᠰᠤᠩᠭᠤᠵᠤ᠂ ᠨᠠᠶᠢᠷᠠᠭᠤᠯᠤᠨ ᠵᠣᠬᠢᠶᠠᠬᠤ ᠠᠵᠢᠯ ᠤᠨ  ᠪᠦᠲᠦᠮᠵᠢᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃    ᠬᠤᠷᠠᠯ ᠠᠴᠠ ᠴᠢᠬᠤᠯᠠᠴᠢᠯᠠᠭᠰᠠᠨ ᠨᠢ᠂ ᠱᠠᠭᠠᠷᠳᠠᠯᠭ᠎ᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠥᠭᠵᠢᠯᠲᠡ ᠶᠢᠨ ᠰᠡᠳᠬᠢᠴᠡ ᠶᠢ ᠲᠣᠳᠣᠷᠬᠠᠶᠢᠯᠠᠨ᠂ ᠲᠦᠯᠦᠪᠵᠢᠭᠦᠯᠭᠡ ᠨᠠᠶᠢᠷᠠᠭᠤᠯᠤᠨ ᠵᠣᠬᠢᠶᠠᠬᠤ ᠰᠠᠯᠠᠭ᠎ᠠ ᠮᠦᠴᠢᠷ ᠤᠨ ᠬᠠᠮᠵᠢᠯᠴᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠥᠯᠥᠪᠵᠢᠭᠦᠯᠭᠡ ᠶᠢᠨ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠴᠤᠭᠯᠠᠭᠤᠯᠤᠨ ᠬᠠᠮᠲᠤ ᠪᠠᠷ ᠡᠳ᠋ᠯᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠥᠨᠳᠥᠷ ᠪᠦᠲᠦᠮᠵᠢᠲᠡᠶ ᠪᠠᠷ ᠥᠷᠨᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃
   ᠰᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠᠶᠢᠴᠠᠭᠠᠨ ᠰᠤᠳᠤᠯᠬᠤ ᠳᠤᠭᠤᠶᠢᠯᠠᠩ ᠵᠢᠴᠢ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                 ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ                 ᠣᠷᠴᠢᠭᠤᠯᠤᠭᠴᠢ᠄ ᠭᠡᠷᠡᠯ        ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ  
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2