ᠠᠵᠤ ᠦᠢᠯᠡᠰ ᠢᠶᠠᠷ ᠬᠠᠪᠰᠤᠷᠤᠨ ᠲᠡᠳᠬᠦᠯᠲᠡ ᠨᠢ ᠠᠷᠠᠳ ᠲᠤ ᠠᠰᠢᠭ ᠬᠦᠷᠲᠡᠭᠡᠵᠦ ᠣᠯᠠᠨ ᠲᠦᠮᠡᠨ ᠴᠢᠨᠡᠭᠡᠯᠢᠭᠵᠢᠬᠦ ᠳᠤ ᠴᠢᠷᠮᠠᠶᠢᠬᠤ ᠬᠠᠷᠠᠯᠲᠠ ᠲᠠᠢ ᠪᠣᠯᠪᠠ
ᠨᠡᠶᠢᠲᠡᠯᠡᠭᠰᠡᠨ ᠴᠠᠭ᠄
2020-07-23
   ︽ᠤᠤᠯ ᠤᠨ ᠮᠠᠯᠵᠢᠵᠤ ᠪᠠᠶᠢᠭᠰᠠᠨ ᠬᠤᠨᠢ ᠵᠢᠯ ᠳᠤ ᠨᠢᠭᠡ ᠯᠠ ᠲᠦᠯᠯᠡᠳᠡᠭ᠂ ᠬᠤᠳᠠᠯᠳᠤᠬᠤ ᠦᠨ᠎ᠡ ᠨᠢ ᠴᠦ ᠥᠨᠳᠥᠷ ᠪᠢᠰᠢ᠂ ︵ᠬᠤᠨᠢ ᠬᠤᠷᠢᠶᠠᠭᠴᠢ︶ ᠡᠭᠦᠯᠳᠡᠷ ᠨᠢ ᠮᠠᠭᠤ ᠭᠡᠵᠦ ᠭᠤᠯᠤᠨ᠎ᠠ᠂ ᠬᠤᠳᠠᠯᠳᠤᠨ ᠠᠪᠬᠤ ᠳᠤᠷ᠎ᠠ ᠦᠭᠡᠢ᠂ ᠡᠭᠦᠯᠳᠡᠷ ᠢ ᠨᠢ ᠰᠣᠯᠢᠭᠰᠠᠨ ᠠᠴᠠ ᠬᠤᠶᠢᠰᠢ᠂ ᠡᠨᠡ ᠬᠤᠨᠢᠨ ᠤ ᠪᠣᠷᠤᠯᠠᠭᠤᠯᠭ᠎ᠠ ᠰᠠᠶᠢᠨ ᠪᠣᠯᠵᠠᠶ᠂ ᠢᠯᠠᠩᠭᠤᠶ᠎ᠠ ᠳᠠᠩ ᠰᠢᠶᠠᠨ ᠤ ᠪᠣᠷᠳᠤᠭᠰᠠᠨ ᠬᠤᠨᠢ ᠭᠡᠪᠡᠯ ᠮᠠᠨ ᠤ ᠡᠨᠡ ᠡᠭᠦᠯᠳᠡᠷ ᠤᠨ ᠬᠤᠨᠢ ᠶᠢ ᠯᠠ‌ᠠᠪᠬᠤ ᠳᠤᠷᠠᠲᠠᠶ ᠃ ᠪᠢᠳᠡᠨ ᠤ ᠡᠨᠡ ᠨᠢ ᠮᠢᠬᠠᠨ ᠤ ᠬᠤᠨᠢᠨ ᠤ ᠡᠭᠦᠯᠳᠡᠷ᠂ ᠡᠶᠢᠮᠤ ᠬᠤᠨᠢ ᠨᠢ ᠮᠢᠬ᠎ᠠ ᠰᠠᠶᠢᠲᠠᠢ ᠪᠦᠭᠡᠳ ᠦᠷᠡᠵᠢᠬᠦ ᠨᠢ ᠴᠤ ᠬᠤᠷᠳᠤᠨ᠃︾ ᠭᠡᠵᠦ ᠶᠠᠳᠠᠭᠤ ᠬᠦᠴᠢᠷᠳᠡᠯᠲᠡᠶ ᠡᠷᠦᠬᠡ ᠮᠠ ᠢᠦᠶ ᠥᠪᠡᠷ ᠤᠨ ᠲᠡᠵᠢᠭᠡᠭᠰᠡᠨ ᠬᠤᠨᠢ ᠪᠠᠨ ᠬᠠᠷᠠᠭᠠᠳ ᠪᠠᠶᠠᠷᠲᠠᠶ ᠪᠠᠷ ᠰᠤᠷᠪᠤᠯᠵᠢᠯᠠᠭᠴᠢ ᠳᠤ ᠲᠠᠨᠢᠯᠴᠠᠭᠤᠯᠵᠤ ᠪᠠᠶᠢᠯ᠎ᠠ᠃    ᠮᠠ ᠢᠦᠶ ᠪᠣᠯ ᠮᠢᠨ ᠱᠧᠩ ᠲᠣᠰᠬᠤᠨ ᠤ ᠳᠠᠩᠰᠠ ᠡᠪᠬᠡᠮᠡᠯ ᠪᠠᠶᠢᠭᠤᠯᠤᠨ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠪᠣᠯᠤᠨ᠎ᠠ᠂ ᠤᠤᠯ ᠤᠨ ᠮᠠᠯᠵᠢᠵᠤ ᠪᠠᠶᠢᠭᠰᠠᠨ ᠨᠢ ᠡᠭᠦᠯᠳᠡᠷ ᠤᠨ ᠶᠠᠰᠤ ᠴᠢᠨᠠᠷ ᠨᠢ ᠮᠠᠭᠤ᠂ ᠬᠤᠳᠠᠯᠳᠤᠬᠤ ᠦᠨ᠎ᠡ ᠨᠢ ᠴᠤ ᠳᠣᠤᠷ᠎ᠠ᠂ ᠣᠨᠳᠤᠷᠤᠯᠲᠠ ᠶᠢᠨ ᠨᠣᠷᠮ᠎ᠠ ᠳᠣᠣᠷ᠎ᠠ ᠪᠠᠶᠢᠳᠠᠭ᠃ ᠮᠠ ᠢᠦᠶ ᠶᠢ ᠬᠡᠷᠬᠢᠨ ᠬᠠᠪᠰᠤᠷᠴᠤ ᠶᠠᠳᠠᠭᠤ ᠬᠦᠴᠢᠷᠳᠡᠯ ᠠᠴᠠ ᠠᠩᠭᠢᠵᠢᠷᠠᠭᠤᠯᠬᠤ ᠨᠢ ᠬᠠᠪᠰᠤᠷᠤᠨ ᠲᠡᠳᠬᠦᠬᠦ ᠺᠠᠳ᠋ᠷᠴᠤᠳ ᠤᠨ ᠰᠠᠨᠠᠭᠠᠰᠢᠷᠠᠯ ᠪᠠᠶᠢᠯ᠎ᠠ᠃ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠠᠭᠠᠭᠠᠴᠢᠯᠠᠨ ᠬᠤᠯᠪᠣᠭᠠᠯᠠᠬᠤ ᠺᠠᠳ᠋ᠷ ᠵᠠᠩ ᠱᠢ ᠶᠢᠩ ᠣᠯᠠᠨ ᠤᠳᠠᠭ᠎ᠠ ᠮᠠ ᠢᠦᠶ  ᠭᠡᠷ ᠲᠤ ᠬᠦᠷᠴᠦ ᠰᠠᠨᠠᠯ ᠢᠶᠠᠨ ᠰᠣᠯᠢᠯᠴᠠᠪᠠ᠃    ᠶᠠᠷᠢᠯᠴᠠᠭᠠᠨ ᠠᠴᠠ᠂ ᠮᠠ ᠢᠦᠢ ᠶᠢᠨ ᠲᠤᠰ ᠬᠦᠮᠦᠨ ᠨᠢ ᠠᠵᠢᠯᠴᠢ᠂ ᠯᠠᠪᠳᠠᠭᠤᠨ᠂ ᠡᠷᠴᠢ ᠵᠣᠷᠢᠭ ᠲᠠᠢ᠂ ᠵᠠᠩ ᠱᠢ ᠶᠢᠩ ᠳᠤ ᠭᠦᠨ ᠰᠠᠭᠤᠭᠳᠠᠯ ᠦᠯᠡᠳᠡᠭᠡᠵᠡᠢ᠃ 2017 ᠣᠨ ᠳᠤ ᠮᠠ ᠢᠦᠶ ᠵᠠᠩ ᠱᠢ ᠶᠢᠩ ᠤᠨ ᠬᠠᠪᠰᠤᠷᠤᠯᠭ᠎ᠠ ᠳᠣᠤᠷ᠎ᠠ ᠳᠥᠷᠪᠡᠳ ᠬᠤᠰᠢᠭᠤ ᠠᠴᠠ ᠬᠤᠶᠠᠷ F1 ᠳ᠋ᠦ᠋ ᠬᠠᠨ ᠡᠷᠯᠢᠰᠡᠵᠢᠭᠦᠯᠦᠭᠰᠡᠨ ᠬᠤᠴᠠ ᠠᠪᠴᠢᠷᠠᠵᠤ᠂ ᠲᠡᠷᠡᠴᠢᠯᠡᠨ ᠥᠪᠡᠷ ᠤᠨ ᠭᠡᠷ ᠤᠨ ᠮᠠᠯ ᠤᠨ ᠡᠭᠦᠯᠳᠡᠷ ᠰᠠᠶᠢᠵᠢᠷᠠᠭᠤᠯᠬᠤ ᠳᠡᠭᠡᠷ᠎ᠡ ᠬᠡᠷᠡᠭᠯᠡᠭᠰᠡᠨ ᠪᠠᠶᠢᠨ᠎ᠠ ᠃ ᠨᠠᠷᠢᠨ ᠨᠢᠮᠪᠠᠶ ᠠᠷᠠᠴᠢᠯᠠᠬᠤ ᠪᠠᠷ ᠳᠡᠮᠵᠢᠨ᠂ ᠲᠦᠷᠦᠭᠦᠤ ᠵᠢᠯ ᠳᠤ 30 ᠰᠢᠨ᠎ᠡ ᠡᠭᠦᠯᠳᠡᠷ ᠤᠨ ᠬᠤᠷᠠᠭ᠎ᠠ ᠳᠦᠷᠦᠵᠦ ᠂ ᠠᠵᠤ ᠠᠬᠤᠶ ᠶᠢᠨ ᠦᠷ᠎ᠡ ᠠᠰᠢᠭ 6000 ᠲᠥᠭᠦᠷᠢᠭ ᠳᠡᠭᠡᠭᠰᠢᠯᠡᠵᠡᠶ᠃    ᠰᠠᠶᠢᠵᠢᠷᠠᠭᠤᠯᠤᠭᠰᠠᠨ ᠤ ᠳᠠᠷᠠᠭᠠᠬᠢ ᠡᠭᠦᠯᠳᠡᠷ ᠤᠨ ᠬᠤᠳᠠᠯᠳᠤᠬᠤ ᠨᠣᠷᠮ᠎ᠠ ᠪᠠ ᠦᠨ᠎ᠡ ᠬᠠᠩᠰᠢ ᠶᠢᠨ ᠲᠠᠯ᠎ᠠ ᠪᠠᠷ ᠬᠤᠪᠢᠷᠠᠯᠲᠠ ᠭᠠᠷᠴᠤ᠂ ᠮᠠ ᠢᠦᠶ ᠳᠤ ᠬᠠᠰᠢᠶᠠᠯᠠᠨ ᠲᠡᠵᠢᠭᠡᠵᠦ ᠦᠷᠡᠵᠢᠭᠦᠯᠬᠦ  ᠦᠢᠯᠡᠰ ᠢ ᠬᠥᠭᠵᠢᠭᠦᠯᠬᠦ ᠵᠠᠮ ᠳᠤ ᠠᠰᠢᠭ ᠬᠦᠷᠲᠡᠭᠡᠵᠦ᠂ ᠲᠣᠰᠬᠤᠨ ᠤ ᠮᠠᠰᠢ ᠣᠯᠠᠨ ᠶᠠᠳᠠᠭᠤ ᠬᠦᠴᠢᠷᠳᠡᠯᠲᠡᠶ ᠡᠷᠦᠬᠡ ᠶᠢᠨ ᠬᠠᠰᠢᠶᠠᠯᠠᠨ ᠲᠡᠵᠢᠭᠡᠵᠦ ᠦᠷᠡᠵᠢᠭᠦᠯᠬᠦ ᠢᠳᠡᠪᠬᠢᠵᠢᠯ ᠢ ᠬᠦᠭᠵᠢᠭᠡᠵᠦ᠂ ᠮᠠ ᠢᠦᠶ ᠰᠢᠭ ᠮᠠᠰᠢ ᠣᠯᠠᠨ ᠡᠷᠦᠬᠡ ᠬᠠᠰᠢᠶᠠᠯᠠᠨ ᠲᠡᠵᠢᠭᠡᠵᠦ ᠦᠷᠡᠵᠢᠭᠦᠯᠬᠦ ᠡᠩᠨᠡᠭᠡᠨ ᠳᠤ ᠣᠷᠣᠵᠠᠶ᠃ ᠣᠳᠣᠬᠠᠨ ᠳᠤ ᠬᠠᠰᠢᠶᠠᠯᠠᠨ ᠲᠡᠵᠢᠭᠡᠵᠦ ᠦᠷᠡᠵᠢᠭᠦᠯᠬᠦ ᠣᠶᠢᠯᠠᠭᠠᠭᠳᠠᠬᠤᠨ ᠬᠥᠮᠦᠰ ᠤᠨ ᠰᠡᠳᠬᠢᠯ ᠳᠤ ᠬᠦᠷᠴᠦ᠂ ᠦᠷ᠎ᠡ ᠠᠰᠢᠭ ᠨᠢ ᠵᠢᠯ ᠳᠠᠷᠠᠭᠠᠯᠠᠨ ᠨᠡᠯᠢᠶᠡᠳ ᠰᠠᠶᠢᠨ ᠪᠠᠶᠢᠨ᠎ᠠ᠃  ᠮᠢᠨ ᠱᠧᠩ ᠲᠣᠰᠬᠤᠨ ᠳᠤ᠂ ᠴᠥᠭᠡᠨ ᠳᠡᠭᠡᠨ ᠲᠠᠪᠤ ᠭᠤᠷᠪᠠ᠂ ᠣᠯᠠᠨ ᠳᠠᠭᠠᠨ ᠵᠠᠭᠤ ᠭᠠᠷᠤᠶ ᠬᠤᠨᠢ ᠮᠠᠯᠵᠢᠵᠤ᠂ ᠦᠨᠳᠦᠰᠦᠨ ᠡᠷᠦᠬᠡ ᠪᠣᠯᠭᠠᠨ ᠴᠥᠮ ᠲᠡᠵᠢᠭᠡᠨ ᠦᠷᠡᠵᠢᠭᠦᠯᠬᠦ ᠠᠵᠤ  ᠦᠢᠯᠡᠰ ᠲᠠᠢ᠂ ︽ᠪᠠᠭ᠎ᠠ ᠬᠡᠪᠴᠢᠶᠡᠨ ᠤ᠂ ᠶᠡᠭᠡ ᠬᠠᠮᠲᠤᠯᠢᠭ︾ ᠤᠨ ᠦᠢᠯᠡᠳᠪᠤᠷᠢᠯᠡᠯ ᠤᠨ ᠵᠠᠭᠪᠤᠷ ᠢ ᠪᠦᠷᠢᠯᠳᠦᠭᠦᠯᠵᠡᠢ᠃    ᠦᠬᠡᠷ ᠲᠡᠵᠢᠭᠡᠬᠦ ᠡᠷᠦᠬᠡ ᠶᠢᠨ ᠡᠭᠦᠯᠳᠡᠷ ᠰᠠᠶᠢᠵᠢᠷᠠᠭᠤᠯᠵᠤ ᠬᠡᠭᠡᠯᠲᠦᠭᠦᠯᠭᠡ ᠬᠢᠬᠦ ᠵᠠᠮ ᠢᠶᠠᠷ ᠶᠠᠪᠤᠬᠤ ᠶᠢ ᠵᠣᠷᠢᠭᠵᠢᠭᠤᠯᠬᠤ ᠶᠢᠨ ᠲᠥᠯᠥᠭᠡ᠂ ᠲᠤᠭ᠎ᠠ ᠪᠦᠷᠢᠳᠬᠡᠯ ᠤᠨ ᠲᠣᠪᠴᠢᠶ᠎ᠠ ᠨᠥᠬᠦᠪᠥᠷᠢ ᠥᠭᠬᠦ ᠠᠷᠭ᠎ᠠ ᠬᠡᠮᠵᠢᠶ᠎ᠡ ᠨᠡᠶᠢᠲᠡᠯᠡᠨ᠂ ᠲᠣᠰᠬᠤᠨ ᠤ ᠬᠡᠭᠡᠯᠲᠦᠭᠦᠯᠭᠡ ᠶᠢᠨ ᠥᠷᠲᠡᠭᠡ ᠶᠢᠨ ᠲᠤᠰᠬᠠᠶ ᠬᠥᠮᠦᠨ ᠢᠶᠠᠷ ᠬᠡᠭᠡᠯᠲᠦᠭᠦᠯᠭᠡ ᠬᠢᠭᠰᠡᠨ ᠮᠢᠬᠠᠨ ᠤ ᠦᠨᠢᠶᠡᠨ ᠤ ᠲᠤᠭᠤᠯ ᠪᠦᠷᠢ ᠳᠤ 50 ᠲᠥᠭᠦᠷᠢᠭ ᠤᠨ ᠨᠥᠬᠦᠪᠥᠷᠢ ᠥᠭᠴᠦ᠂ ᠬᠡᠭᠡᠯᠲᠦᠭᠦᠯᠬᠦ ᠵᠠᠷᠤᠳᠠᠯ ᠨᠢᠭᠡᠪᠦᠷᠢ ᠶᠢ ᠲᠡᠵᠢᠭᠡᠨ ᠦᠷᠡᠵᠢᠭᠦᠯᠬᠦ ᠡᠷᠦᠬᠡ ᠠᠴᠠ 150-180 ᠲᠥᠭᠦᠷᠢᠭ ᠬᠤᠷᠢᠶᠠᠵᠤ ᠬᠠᠮᠲᠤ ᠶᠢᠨ ᠠᠵᠤ ᠠᠬᠤᠶ ᠪᠣᠯᠭᠠᠨ᠎ᠠ᠃    ︽ᠵᠠᠩ ᠲᠣᠪᠴᠢᠶᠠᠨ ᠳᠠᠷᠤᠭ᠎ᠠ ᠬᠡᠭᠡᠯᠲᠦᠭᠦᠯᠭᠡ ᠶᠢᠨ ᠥᠷᠲᠡᠭᠡ ᠶᠢ ᠪᠠᠶᠢᠭᠤᠯᠵᠤ᠂ ᠮᠠᠯ ᠠᠵᠤ ᠠᠬᠤᠢ ᠶᠢᠨ ᠲᠣᠪᠴᠢᠶᠠᠨ ᠠᠴᠠ ᠪᠢᠳᠡᠨ ᠳᠤ ᠥᠭᠭᠦᠭᠰᠡᠨ ᠡᠨᠡᠬᠦ ᠡᠭᠦᠯᠳᠡᠷ ᠤᠨ ᠦᠷ᠎ᠡ ᠨᠢ ᠶᠠᠰᠤ ᠴᠢᠨᠠᠷ ᠰᠠᠶᠢᠨ᠂ ᠡᠭᠦᠯᠳᠡᠷ ᠰᠠᠶᠢᠨ ᠪᠠᠶᠢᠵᠤ᠂ ᠭᠠᠷᠤᠭᠰᠠᠨ ᠲᠤᠭᠤᠯ ᠨᠢ ᠤᠷᠢᠳᠤᠬᠢ ᠠᠴᠠ ᠪᠠᠨ ᠨᠢᠭᠡ ᠠᠴᠠ ᠬᠤᠶᠠᠷ ᠮᠢᠩᠭᠠᠨ ᠲᠥᠭᠦᠷᠢᠭ ᠢᠯᠡᠭᠦᠦ ᠬᠤᠳᠠᠯᠳᠤᠵᠤ᠂ ᠪᠠᠰᠠ 50 ᠲᠦᠭᠦᠷᠢᠭ ᠨᠥᠬᠦᠪᠥᠷᠢᠯᠡᠳᠡᠭ᠃︾ ᠭᠡᠵᠦ ᠦᠬᠡᠷ ᠲᠡᠵᠢᠭᠡᠬᠦ ᠡᠷᠦᠬᠡ ᠯᠢ ᠶᠢᠦ ᠼᠠᠢ ᠪᠠᠶᠠᠷᠲᠠᠶ ᠬᠡᠯᠡᠪᠡ᠃    ᠵᠢᠭᠠᠰᠤ ᠥᠭᠬᠦ ᠪᠠᠷ᠂ ᠵᠢᠭᠠᠰᠤ ᠠᠩᠨᠠᠬᠤ ᠶᠢ ᠰᠤᠷᠭ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠥᠷᠨᠢᠭᠦᠯᠬᠦ ᠳᠤᠮᠳᠠ᠂ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠬᠠᠪᠰᠤᠷᠤᠨ ᠲᠡᠳᠬᠦᠬᠦ ᠲᠣᠰᠬᠤᠨ ᠳᠤ ᠪᠤᠳᠠᠲᠠᠢ ᠳᠤᠨᠢ ᠲᠣᠬᠢᠷᠠᠭᠤᠯᠤᠨ ︽ᠠᠵᠤ ᠦᠢᠯᠡᠰ + ᠶᠠᠳᠠᠭᠤ ᠬᠦᠴᠢᠷᠳᠡᠯᠲᠡᠶ ᠡᠷᠦᠬᠡ︾ ᠶᠢᠨ ᠶᠠᠳᠠᠭᠤ ᠠᠴᠠ ᠠᠩᠭᠢᠵᠢᠷᠠᠭᠤᠯᠬᠤ ᠵᠠᠮ ᠢ ᠲᠣᠭᠲᠠᠭᠠᠵᠤ᠂ ᠶᠠᠳᠠᠭᠤ ᠬᠦᠴᠢᠷᠳᠡᠯᠲᠡᠢ ᠣᠯᠠᠨ ᠲᠦᠮᠡᠨ ᠤ ᠣᠷᠣᠯᠭ᠎ᠠ ᠶᠢ ᠦᠷᠭᠦᠯᠵᠢᠯᠡᠬᠦ ᠴᠢᠨᠠᠷ ᠲᠠᠢ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠳᠤ ᠲᠠᠬᠢᠨ ᠶᠠᠳᠠᠭᠤᠷᠠᠬᠤ ᠦᠭᠡᠢ᠂ ᠢᠳᠡᠭ ᠢᠳᠡᠭ ᠢᠶᠠᠷ ᠴᠢᠨᠡᠭᠡᠯᠢᠭᠵᠢᠵᠦ ᠴᠢᠳᠠᠨ᠎ᠠ᠃    2017 ᠣᠨ ᠳᠤ᠂ ᠲᠤᠭ᠎ᠠ ᠪᠦᠷᠢᠳᠬᠡᠯ ᠤᠨ ᠲᠣᠪᠴᠢᠶ᠎ᠠ ᠮᠢᠬᠠᠨ ᠤ ᠬᠤᠨᠢ ᠲᠡᠵᠢᠭᠡᠨ ᠦᠷᠡᠵᠢᠭᠦᠯᠬᠦ ᠡᠭᠦᠯᠳᠡᠷ ᠰᠠᠶᠢᠵᠢᠷᠠᠭᠤᠯᠬᠤ ᠥᠷᠲᠡᠭᠡ ᠪᠠᠶᠢᠭᠤᠯᠵᠤ᠂ ᠬᠡᠭᠡᠯᠲᠦᠭᠦᠯᠭᠡ ᠬᠢᠭᠰᠡᠨ ᠲᠤᠷᠰᠢᠯᠭ᠎ᠠ ᠲᠠᠢ ᠶᠠᠳᠠᠭᠤ ᠬᠦᠴᠢᠷᠳᠡᠯᠲᠡᠶ ᠡᠷᠦᠬᠡ ᠳᠤ ᠡᠵᠡᠩᠨᠡᠭᠦᠯᠵᠦ᠂ ᠪᠦᠬᠦ ᠲᠣᠰᠬᠤᠨ ᠤ ᠲᠡᠵᠢᠭᠡᠨ ᠦᠷᠡᠵᠢᠭᠦᠯᠬᠦ ᠡᠷᠦᠬᠡ ᠶᠢ ᠬᠥᠲᠥᠯᠥᠨ ᠵᠢᠯᠣᠭᠤᠳᠴᠤ ᠭᠠᠭᠴᠠ ᠲᠥᠯ ᠤᠨ ᠬᠡᠭᠡᠯᠲᠦᠭᠦᠯᠭᠡ  ᠶᠢᠨ ᠮᠠᠯᠵᠢᠯ ᠠᠴᠠ ᠣᠯᠠᠨ ᠲᠥᠯ ᠤᠨ ᠬᠡᠭᠡᠯᠲᠦᠭᠦᠯᠭᠡ ᠶᠢᠨ ᠡᠭᠦᠯᠳᠡᠷ ᠰᠠᠶᠢᠵᠢᠷᠠᠭᠤᠯᠬᠤ ᠬᠡᠭᠡᠯᠲᠦᠭᠦᠯᠭᠡ ᠲᠡᠰᠢ ᠬᠦᠭᠵᠢᠭᠦᠯᠵᠦ᠂ ᠨᠢᠭᠡ ᠬᠤᠨᠢ 100-300 ᠲᠥᠭᠦᠷᠢᠭ ᠤᠨ ᠣᠷᠣᠯᠭ᠎ᠠ ᠨᠡᠮᠡᠭᠳᠡᠨ᠎ᠡ᠃ 2019 ᠣᠨ ᠳᠤ ᠲᠤᠭ᠎ᠠ ᠪᠦᠷᠢᠳᠬᠡᠯ ᠤᠨ ᠲᠣᠪᠴᠢᠶ᠎ᠠ ᠪᠠᠰᠠ ᠲᠥᠪ ᠤᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠤᠨ ᠶᠠᠳᠠᠭᠤ ᠶᠢ ᠲᠡᠳᠬᠦᠬᠦ ᠠᠯᠪᠠᠨ ᠭᠡᠷ ᠤᠨ ᠤᠰᠤ ᠠᠷᠪᠢᠯᠠᠬᠤ ᠤᠰᠤᠯᠠᠯᠲᠠ ᠶᠢᠨ ᠲᠥᠷᠥᠯ ᠵᠦᠢᠯ ᠢ ᠲᠥᠬᠦᠷᠵᠢᠭᠦᠯᠦᠨ ᠲᠡᠭᠦᠯᠳᠡᠷᠵᠢᠭᠦᠯᠵᠦ᠂ ᠲᠣᠰᠬᠤᠨ ᠤ 1600 ᠮᠦ ᠬᠠᠭᠤᠷᠠᠶ ᠭᠠᠵᠠᠷ ᠢ ᠤᠰᠤᠯᠠᠯᠲᠠ ᠶᠢᠨ ᠭᠠᠵᠠᠷ ᠪᠣᠯᠭᠠᠵᠤ᠂ ᠲᠣᠰᠬᠤᠨ ᠤ ᠠᠷᠠᠳ ᠤᠨ ᠭᠠᠵᠠᠷ ᠰᠢᠷᠣᠶ ᠶᠢᠨ ᠡᠷᠭᠢᠯᠲᠡ ᠶᠢᠨ ᠰᠦᠢᠳᠬᠡᠯ ᠢ ᠤᠤᠯ ᠤᠨ 20 ᠲᠥᠭᠦᠷᠢᠭ ᠠᠴᠠ 240 ᠲᠥᠭᠦᠷᠢᠭ ᠪᠣᠯᠭᠠᠨ ᠦᠰᠬᠡᠵᠡᠢ᠃    ᠶᠠᠳᠠᠭᠤ ᠬᠦᠴᠢᠷᠳᠡᠯᠲᠡᠶ ᠡᠷᠦᠬᠡ ᠬᠤᠤ ᠳ᠋ᠧᠩ ᠢᠦ ᠪᠢᠳᠡᠨ ᠤ ᠰᠤᠷᠪᠤᠯᠵᠢᠯᠠᠬᠤ ᠪᠠᠷ ᠢᠷᠡᠭᠰᠡᠨ ᠢ ᠮᠡᠳᠡᠭᠡᠳ᠂ ᠰᠠᠨᠠᠭᠠᠴᠢᠯᠠᠭ᠎ᠠ ᠠᠴᠠ ᠪᠠᠨ ᠢᠷᠡᠵᠦ ᠢᠩᠭᠢᠵᠦ ᠶᠠᠷᠢᠨ᠎ᠠ᠂ ᠮᠠᠨ ᠤ ᠠᠳᠡ ᠤᠤᠯ ᠨᠢ ᠤᠰᠤᠯᠠᠯᠲᠠ ᠶᠢᠨ ᠭᠠᠵᠠᠷ ᠪᠠᠶᠢᠬᠤ ᠦᠭᠡᠶ᠂ 2016 ᠣᠨ ᠳᠤ ᠲᠤᠭ᠎ᠠ ᠪᠦᠷᠢᠳᠬᠡᠯ ᠤᠨ ᠲᠣᠪᠴᠢᠶ᠎ᠠ ᠮᠠᠨ ᠤ ᠡᠨᠡ ᠭᠠᠵᠠᠷ ᠢ ᠳᠠᠭᠠᠭᠠᠵᠤ ᠲᠡᠳᠬᠦᠭᠰᠡᠨ ᠠᠴᠠ ᠨᠠᠰᠢ᠂ ᠠᠷᠪᠠ ᠭᠠᠷᠤᠶ ᠮᠠᠰᠢᠨ ᠬᠤᠳᠳᠤᠭ  ᠮᠠᠯᠲᠠᠵᠤ᠂ ᠴᠠᠬᠢᠯᠭᠠᠨ ᠣᠷᠤᠭᠤᠯᠵᠠᠢ᠂ ᠤᠤᠯ ᠨᠢ  ᠨᠢᠭᠡ ᠮᠦ ᠬᠠᠭᠤᠷᠠᠶ ᠭᠠᠵᠠᠷ ᠳᠠᠭᠠᠭᠠᠴᠢᠯᠠᠬᠤ ᠳᠤ 20 ᠭᠠᠷᠤᠶ ᠲᠥᠭᠦᠷᠢᠭ᠂ ᠲᠤᠭ᠎ᠠ ᠪᠦᠷᠢᠳᠬᠡᠯ ᠤᠨ ᠲᠣᠪᠴᠢᠶ᠎ᠠ ᠢᠷᠡᠭᠰᠡᠨ ᠠᠴᠠ ᠨᠠᠰᠢ᠂ ᠣᠳᠣ ᠡᠨᠡ ᠭᠠᠵᠠᠷ ᠤᠰᠤᠨ ᠲᠠᠷᠢᠶ᠎ᠠ ᠪᠣᠯᠵᠤ ᠬᠤᠪᠢᠷᠠᠪᠠ᠂ ᠨᠢᠭᠡ ᠮᠦ ᠭᠠᠵᠠᠷ ᠢ ᠭᠠᠳᠠᠭᠰᠢ ᠳᠠᠭᠠᠭᠠᠴᠢᠯᠠᠭᠤᠯᠪᠠᠯ 240 ᠲᠥᠭᠦᠷᠢᠭ᠂ ᠭᠡᠰᠢᠭᠦᠳ ᠢ ᠪᠠᠶᠠᠷᠯᠠᠭᠤᠯᠤᠭᠰᠠᠨ ᠰᠢᠦ᠃    ᠣᠶᠢᠯᠠᠭᠠᠭᠰᠠᠨ ᠢᠶᠠᠷ᠂ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ︽ᠨᠢᠭᠡ ᠲᠣᠰᠬᠤᠨ ᠳᠤ ᠨᠢᠭᠡ ᠲᠥᠰᠦᠯ᠂ ᠨᠢᠭᠡ ᠡᠷᠦᠬᠡ ᠳᠤ ᠨᠢᠭᠡ ᠠᠷᠭ᠎ᠠ ᠬᠡᠮᠵᠢᠶ᠎ᠡ︾ ᠪᠠᠷ ᠵᠠᠷᠴᠢᠮ ᠪᠣᠯᠭᠠᠨ᠂ ᠶᠠᠳᠠᠭᠤ ᠬᠦᠴᠢᠷᠳᠡᠯᠲᠡᠶ ᠭᠡᠷ ᠪᠦᠯᠢ ᠳᠤᠨᠢ ᠲᠣᠬᠢᠷᠠᠭᠤᠯᠤᠨ ᠠᠷᠭ᠎ᠠ ᠬᠡᠮᠵᠢᠶ᠎ᠡ ᠠᠪᠴᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠢ ᠬᠥᠲᠥᠯᠥᠨ ᠵᠢᠯᠣᠭᠤᠳᠴᠤ ᠣᠨᠴᠠᠯᠢᠭᠲᠤ ᠠᠵᠤ ᠦᠢᠯᠡᠰ ᠢ ᠬᠦᠭᠵᠢᠭᠦᠯᠪᠡ᠃ ︽ ᠬᠠᠰᠢᠶᠠᠯᠠᠨ ᠲᠡᠵᠢᠭᠡᠬᠦ + ᠴᠥᠭᠡᠨ ᠮᠥᠷᠲᠡᠭᠡᠨ ᠨᠠᠷᠢᠯᠢᠭ ᠲᠡᠵᠢᠭᠡᠬᠦ︾ ᠥᠨᠳᠥᠷ ᠪᠦᠳᠦᠮᠵᠢᠲᠡᠢ ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠪᠤᠵᠠᠭᠠᠶᠢᠷᠠᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢ ᠥᠪᠡᠷ ᠤᠨ ᠰᠢᠷᠭᠠᠭᠤ ᠬᠠᠲᠠᠭᠤᠵᠢᠯᠲᠠᠶ ᠬᠤᠶᠠᠷ ᠭᠠᠷ ᠲᠠᠭᠠᠨ ᠲᠦᠰᠢᠭᠯᠡᠨ᠂ ᠲᠡᠵᠢᠭᠡᠨ ᠦᠷᠡᠵᠢᠭᠦᠯᠬᠦ ᠲᠠᠯ᠎ᠠ ᠪᠠᠷ᠂ ᠡᠷᠭᠢᠯᠲᠡ ᠳᠤ ᠣᠷᠣᠭᠤᠯᠬᠤ ᠭᠠᠵᠠᠷ ᠰᠢᠷᠣᠶ ᠳᠤ ᠬᠦᠴᠦ ᠶᠠᠪᠤᠬᠤ ᠵᠡᠷᠭᠡ ᠠᠷᠭ᠎ᠠ ᠮᠠᠶ᠋ᠢᠭ ᠥᠪᠡᠷ ᠤᠨ ᠭᠡᠷ ᠪᠦᠯᠢ ᠶᠢᠨ ᠣᠷᠣᠯᠭ᠎ᠠ ᠪᠠᠨ ᠨᠡᠮᠡᠭᠳᠡᠭᠦᠯᠵᠦ᠂ ᠪᠠᠶᠠᠨ ᠴᠢᠨᠡᠭᠡᠯᠢᠭ ᠠᠮᠢᠳᠤᠷᠠᠯ ᠢ ᠡᠳ᠋ᠯᠡᠭᠦᠯᠦᠨ᠎ᠡ᠃    ︽ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠲᠠᠢ ᠣᠷᠭᠠᠨᠢᠭ ᠢᠶᠠᠷ ᠵᠣᠯᠭᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠳᠣᠪᠤᠶᠢᠯᠭᠠᠬᠤ ᠴᠢᠭᠯᠡᠯᠲᠡ ᠪᠠᠷ ᠪᠠᠷᠢᠮᠵᠢᠶ᠎ᠡ ᠪᠣᠯᠭᠠᠬᠤ ᠶᠢ ᠪᠠᠷᠢᠮᠲᠠᠯᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ᠂ ᠲᠣᠰᠬᠤᠨ ᠳᠤ ᠲᠤᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠥᠮᠦᠨ ᠤ ᠬᠦᠴᠦ ᠪᠠᠷ ᠬᠠᠪᠰᠤᠷᠤᠨ ᠲᠡᠳᠬᠦᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠲᠠᠷᠢᠮᠠᠯ ᠤᠨ ᠦᠢᠯᠡᠰ᠂ ᠲᠡᠵᠢᠭᠡᠪᠦᠷᠢ ᠶᠢᠨ ᠦᠢᠯᠡᠰ ᠢ ᠡᠷᠡᠮᠡᠯᠵᠡᠯ ᠲᠠᠢ ᠠᠵᠤ ᠦᠢᠯᠡᠰ ᠪᠣᠯᠭᠠᠵᠤ᠂ ᠬᠥᠳᠡᠭᠡ ᠲᠣᠰᠬᠤᠨ ᠢ ᠠᠮᠤᠷ ᠲᠠᠶᠢᠪᠤᠩ ᠠᠵᠤ ᠲᠦᠷᠦᠭᠦ ᠦᠵᠡᠰᠬᠦᠯᠡᠩᠲᠦ ᠰᠠᠢᠬᠠᠨ ᠭᠡᠷ ᠣᠷᠣᠨ ᠪᠣᠯᠭᠠᠵᠤ᠂ ᠲᠠᠷᠢᠶᠠᠯᠠᠩ ᠬᠦᠴᠦᠷᠬᠡᠭ᠂ ᠬᠥᠳᠡᠭᠡ ᠲᠣᠰᠬᠤᠨ ᠰᠠᠶᠢᠬᠠᠨ᠂ ᠲᠠᠷᠢᠶᠠᠴᠢᠳ ᠴᠢᠨᠡᠭᠡᠯᠢᠭ ᠶᠢ ᠦᠨᠡᠨ ᠬᠦ ᠪᠡᠶᠡᠯᠡᠭᠦᠯᠦᠨ᠎ᠡ᠃︾ ᠭᠡᠵᠦ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ ᠵᠠᠩ ᠱᠢ ᠶᠢᠩ ᠬᠦᠰᠡᠯ ᠬᠦᠯᠢᠶᠡᠯᠲᠡ ᠲᠠᠢ ᠪᠠᠷ ᠰᠣᠷᠪᠤᠯᠵᠢᠯᠠᠭᠴᠢ ᠳᠤ ᠬᠡᠯᠡᠪᠡ᠃                  ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ                  ᠣᠷᠴᠢᠭᠤᠯᠤᠭᠴᠢ᠄ ᠭᠡᠷᠡᠯ                           ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2