ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠦᠬᠦ | ᠲᠠᠯ᠎ᠠ ᠪᠠᠷ ᠲᠦᠯᠬᠢᠨ ᠠᠬᠢᠭᠤᠯᠬᠤ ᠶᠢᠨ ᠲᠦᠯᠦᠭᠡ᠂ 7 ᠰᠠᠷ᠎ᠠ ᠶᠢᠨ 7 ᠤ ᠡᠳᠦᠷ᠂ ᠮᠠᠨ ᠤ ᠰᠢᠶᠠᠨ ᠥᠪᠡᠷᠲᠡᠭᠡᠨ | ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ | ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ ᠪᠠᠶ ᠵᠢᠶᠦ᠋ᠨ ᠸᠧᠶ᠂ ᠰᠢᠶᠠᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶᠠᠨ ᠤ ᠳᠠᠷᠤᠭ᠎ᠠ ᠯᠢ ᠯᠠᠨ ᠸᠧᠨ ᠬᠤᠷᠠᠯ ᠳᠤ ᠣᠷᠣᠯᠴᠠᠵᠠᠶ᠃ ᠤᠬᠠᠭᠤᠯᠬᠤ ᠬᠡᠯᠲᠡᠰ ᠤᠨ ᠪᠠᠶᠢᠩᠭᠤ ᠶᠢᠨ | ᠳᠡᠳ᠋ ᠳᠠᠷᠤᠭ᠎ᠠ ᠸᠧᠶ ᠵᠢᠶᠧ ᠬᠤᠷᠠᠯ ᠡᠷᠭᠢᠯᠡᠪᠡ᠃ | | ᠬᠤᠷᠠᠯ ᠳᠡᠭᠡᠷ᠎ᠡ᠂ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠸᠧᠶ ᠵᠢᠶᠧ ᠥᠪᠡᠷᠲᠡᠭᠡᠨ ᠵᠠᠰᠠᠬᠤ | ᠣᠷᠣᠨ ᠤ ᠪᠣᠯᠪᠠᠰᠤᠨ ᠰᠢᠶᠠᠨ ᠤ ᠬᠤᠲᠠ ᠶᠢᠨ ᠪᠠᠶᠢᠴᠠᠭᠠᠨ ᠰᠢᠯᠭᠠᠵᠤ ᠦᠨᠡᠯᠡᠬᠦ ᠠᠵᠢᠯ ᠢ ᠪᠠᠶᠢᠷᠢᠯᠠᠭᠤᠯᠪᠠ᠃ | | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠱᠦᠵᠢ ᠪᠠᠶ ᠵᠢᠶᠦ᠋ᠨ ᠸᠧᠶ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠮᠠᠨ ᠤ ᠰᠢᠶᠠᠨ ᠥᠪᠡᠷᠲᠡᠭᠡᠨ | ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠶᠢ ᠪᠦᠬᠦ ᠲᠠᠯ᠎ᠠ ᠪᠠᠷ ᠥᠷᠨᠢᠭᠦᠯᠬᠦ | ᠡᠬᠢᠯᠡᠯᠲᠡ ᠶᠢᠨ ᠵᠢᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠲᠠ ᠶᠢ ᠡᠭᠦᠳᠦᠨ | ᠪᠠᠶᠢᠭᠤᠯᠬᠤ ᠨᠢ ᠬᠤᠲᠠ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠳᠡᠭᠡᠭᠰᠢᠯᠡᠭᠦᠯᠵᠦ᠂ ᠠᠷᠠᠳ ᠤᠯᠠᠨ ᠤ ᠵᠣᠯ | ᠵᠢᠷᠭᠠᠯ ᠤᠨ ᠢᠯᠡᠳᠬᠡᠭᠴᠢ ᠲᠤᠭ᠎ᠠ ᠶᠢ ᠳᠡᠭᠡᠭᠰᠢᠯᠡᠭᠦᠯᠵᠦ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠨᠢ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠪᠦᠬᠦ ᠰᠢᠶᠠᠨ ᠤ ᠳᠡᠭᠡᠳᠤ | ᠳᠣᠣᠷᠠᠳᠤ ᠱᠠᠲᠤ ᠪᠠᠷ ᠢᠶᠠᠨ ︽ᠴᠣᠭᠴᠠᠯᠠᠪᠠᠯ ᠯᠠᠪᠲᠠᠶ ᠪᠦᠲᠦᠨ᠎ᠡ︾ ᠭᠡᠰᠡᠨ ᠰᠦᠷ ᠬᠦᠴᠦᠨ ᠢᠶᠠᠷ ᠡᠭᠦᠳᠦᠨ | ᠪᠠᠶᠢᠭᠤᠯᠬᠤ ᠬᠠᠯᠠᠭᠤᠨ ᠥᠷᠨᠢᠯᠲᠡ ᠭᠠᠷᠭᠠᠵᠤ᠂ ᠬᠤᠲᠠ ᠠᠴᠠ ᠬᠥᠳᠡᠭᠡ ᠲᠣᠰᠬᠤᠨ ᠬᠦᠷᠲᠡᠯ᠎ᠡ᠂ ᠺᠠᠳ᠋ᠷ ᠠᠴᠠ ᠣᠯᠠᠨ | ᠲᠦᠮᠡᠨ ᠬᠦᠷᠲᠡᠯ᠎ᠡ ︽ᠬᠥᠮᠦᠨ ᠪᠦᠬᠦᠨ ᠭᠠᠷ ᠬᠦᠳᠡᠯᠵᠦ᠂ ᠬᠥᠮᠦᠨ ᠪᠦᠬᠦᠨ ᠣᠷᠣᠯᠴᠠᠬᠤ︾ ᠰᠠᠶᠢᠨ ᠰᠠᠶᠢᠬᠠᠨ | ᠠᠭᠤᠷ ᠠᠮᠢᠰᠬᠤᠯ ᠢ ᠪᠣᠶ ᠪᠣᠯᠭᠠᠵᠤ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ᠂ ᠰᠢᠷᠭᠠᠭᠤ ᠬᠠᠲᠠᠭᠤᠵᠢᠯᠲᠠᠶ | ᠠᠵᠢᠯᠯᠠᠬᠤ ᠰᠤᠷᠲᠠᠯ ᠢᠶᠠᠷ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠭᠦᠳᠦᠨ | ᠪᠠᠶᠢᠭᠤᠯᠬᠤ ᠬᠠᠷᠠᠯᠲᠠ ᠪᠠᠨ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | | ᠪᠠᠶ ᠵᠢᠶᠦ᠋ᠨ ᠸᠧᠶ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠴᠢᠩᠭ᠎ᠠ ᠨᠢᠮᠪᠠᠶ | ᠣᠪᠣᠷ ᠰᠤᠷᠲᠠᠯ ᠢᠶᠠᠷ ᠡᠭᠦᠳᠦᠨ ᠪᠠᠶᠢᠭᠤᠯᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠤᠲᠠ ᠬᠥᠳᠡᠭᠡ | ᠬᠤᠯᠪᠣᠭᠠᠯᠠᠨ ᠬᠥᠳᠡᠯᠦᠯᠴᠡᠵᠦ ᠨᠢᠭᠡ ᠴᠣᠭᠴᠠᠵᠢᠭᠰᠠᠨ ᠪᠠᠶᠢᠷᠢᠯᠠᠯᠲᠠ ᠶᠢ ᠪᠣᠶ ᠪᠣᠯᠭᠠᠵᠤ᠂ ᠨᠡᠪᠲᠡᠷᠡᠯᠴᠡᠭᠡ | ᠵᠣᠬᠢᠴᠠᠭᠤᠯᠭ᠎ᠠ ᠪᠠᠨ ᠴᠢᠩᠭᠠᠳᠬᠠᠵᠤ᠂ ᠰᠢᠯᠭᠠᠨ ᠲᠣᠭᠲᠠᠭᠠᠬᠤ ᠰᠢᠰᠲ᠋ᠧᠮᠵᠢ ᠲᠠᠢ ᠬᠠᠷᠢᠴᠠᠭᠤᠯᠤᠨ᠂ ᠡᠭᠦᠳᠦᠨ | ᠪᠠᠶᠢᠭᠤᠯᠬᠤ ᠠᠵᠢᠯ ᠤᠨ ᠳᠤᠮᠳᠠᠬᠢ ᠪᠠᠭᠤᠷᠠᠶ ᠭᠤᠭᠴᠤᠭ᠎ᠠ ᠪᠠ ᠲᠣᠪᠤᠶᠢᠮ᠎ᠠ ᠠᠰᠠᠭᠤᠳᠠᠯ ᠢ ᠬᠢᠨᠠᠮᠠᠭᠠᠶ ᠵᠢᠭᠰᠠᠭᠠᠨ | ᠪᠠᠶᠢᠴᠠᠭᠠᠬᠤ ᠬᠡᠷᠡᠭᠲᠡᠶ︔ ︽ᠠᠷᠠᠳ ᠤᠨ ᠲᠥᠯᠥᠭᠡ ᠪᠠᠶᠢᠭᠤᠯᠬᠤ︾ ᠣᠶᠢᠯᠠᠭᠠᠭᠳᠠᠬᠤᠨ ᠢᠶᠠᠷ ᠬᠠᠮᠲᠤ ᠪᠠᠷ | ᠪᠠᠶᠢᠭᠤᠯᠵᠤ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠬᠤᠲᠠ ᠶᠢᠨ ᠠᠷᠠᠳ ᠤᠨ ᠬᠡᠪ ᠴᠢᠨᠠᠷ ᠤᠨ ᠳᠡᠭᠡᠭᠰᠢᠯᠡᠯᠲᠡ ᠶᠢ | ᠳᠣᠪᠤᠶᠢᠯᠭᠠᠬᠤ ᠬᠡᠷᠡᠭᠲᠡᠶ︔ ᠡᠭᠦᠷᠭᠡ ᠪᠠᠨ ᠤᠯᠠᠮ ᠨᠢᠭᠡ ᠠᠯᠬᠤᠮ ᠵᠠᠳᠠᠯᠤᠨ ᠨᠠᠷᠢᠯᠢᠭᠵᠢᠭᠤᠯᠵᠤ᠂ ᠬᠠᠷᠠᠯᠲᠠ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠠᠯᠬᠤᠭ᠎ᠠ ᠨᠢᠭᠡᠲᠡᠢ ᠪᠠᠶᠢᠵᠤ᠂ ᠬᠠᠷᠢᠯᠴᠠᠨ ᠳᠠᠮᠵᠢᠵᠤ | ᠬᠠᠮᠵᠢᠯᠴᠠᠬᠤ ᠶᠢ ᠪᠡᠶᠡᠯᠡᠭᠦᠯᠵᠦ᠂ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠰᠢᠮᠳᠠᠭᠤᠯᠤᠨ ᠪᠠᠶᠢᠴᠠᠭᠠᠬᠤ᠂ | ᠬᠢᠨᠠᠨ ᠰᠢᠯᠭᠠᠵᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠬᠤᠲᠠ ᠪᠠᠶᠢᠭᠤᠯᠬᠤ ᠠᠵᠢᠯ ᠢ | ᠦᠨᠡᠨᠬᠦ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ ᠶᠣᠰᠣ ᠮᠤᠷᠠᠯᠲᠤ ᠵᠠᠰᠠᠭ ᠤᠨ ᠢᠨᠵᠧᠨᠧᠷᠢᠩ ᠪᠣᠯᠭᠠᠵᠤ᠂ | ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠲᠠ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠪᠡ᠃ | ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ | ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ | ᠣᠷᠴᠢᠭᠤᠯᠤᠭᠴᠢ᠄ ᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | |