7 ᠰᠠᠷ᠎ᠠ ᠶᠢᠨ 8 ᠤ ᠡᠳᠦᠷ᠂ ᠮᠠᠨ ᠤ ᠰᠢᠶᠠᠨ ᠪᠦᠬᠦ ᠰᠢᠶᠠᠨ ᠤ ᠦᠶᠡᠷ ᠢ ᠰᠡᠷᠭᠡᠶᠢᠯᠡᠬᠦ ᠠᠵᠢᠯ ᠤᠨ | ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠮᠠᠨ ᠤ ᠰᠢᠶᠠᠨ ᠤ ᠦᠶᠡᠷ ᠢ ᠰᠡᠷᠭᠡᠶᠢᠯᠡᠬᠦ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠼᠦᠢ | ᠢᠦᠢ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠵᠤᠤ ᠯᠦᠩ ᠹᠸᠢ ᠬᠤᠷᠠᠯ ᠢ | ᠡᠷᠬᠢᠯᠡᠪᠡ᠃ | | ᠬᠤᠷᠠᠯ ᠤᠨ ᠡᠮᠦᠨ᠎ᠡ ᠼᠦᠢ ᠢᠦᠶ ᠯᠠᠶ ᠨᠠᠷ ᠤᠷᠢᠳ ᠬᠤᠵᠢᠳ ᠡᠮᠦᠨᠡᠬᠢ ᠦᠶᠡᠷ ᠢ ᠰᠡᠷᠭᠡᠶᠢᠯᠡᠬᠦ ᠭᠤᠤ᠂ | ᠪᠠᠶ ᠲᠤ ᠪᠦ᠋ ᠽᠢ ᠤᠰᠤᠨ ᠴᠥᠭᠦᠷᠥᠮ᠂ ᠳ᠋ᠦᠩ ᠬᠤ᠋ ᠴᠡᠴᠡᠷᠯᠢᠭ᠂ ᠲᠡᠮᠦᠷ ᠵᠠᠮ ᠤᠨ ᠵᠦᠷᠢᠯᠢᠭ ᠬᠥᠭᠦᠷᠭᠡ ᠶᠢᠨ | ᠡᠮᠦᠨ᠎ᠡ ᠬᠡᠰᠡᠭ ᠵᠡᠷᠭᠡ ᠭᠠᠵᠠᠷ ᠲᠤ ᠭᠦᠨᠵᠡᠭᠡᠶᠢᠷᠡᠨ ᠮᠠᠨ ᠤ ᠰᠢᠶᠠᠨ ᠤ ᠦᠶᠡᠷ ᠢ ᠰᠡᠷᠭᠡᠶᠢᠯᠡᠬᠦ ᠠᠵᠢᠯ ᠤᠨ ᠪᠠᠶᠢᠳᠠᠯ ᠢ | ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠦᠶᠡᠷ ᠢ ᠰᠡᠷᠭᠡᠶᠢᠯᠡᠬᠦ ᠠᠵᠢᠯ ᠤᠨ ᠲᠤᠬᠠᠶ | ᠬᠠᠷᠢᠭᠤ ᠮᠡᠳᠡᠭᠦᠯᠦᠯᠲᠡ ᠶᠢ ᠬᠢᠨᠠᠮᠠᠭᠠᠶ ᠰᠣᠨᠤᠰᠴᠠᠢ᠃ ᠮᠠᠨ ᠤ ᠰᠢᠶᠠᠨ ᠤ ᠦᠶᠡᠷ ᠢ ᠰᠡᠷᠭᠡᠶᠢᠯᠡᠵᠦ ᠠᠷᠭᠠᠴᠠᠬᠤ ᠠᠷᠭ᠎ᠠ | ᠬᠡᠮᠵᠢᠶ᠎ᠡ ᠵᠡᠷᠭᠡ ᠪᠠᠶᠢᠳᠠᠯ ᠢ ᠨᠠᠷᠢᠨ ᠣᠶᠢᠯᠭᠠᠪᠠ᠃ | ᠬᠤᠷᠠᠯ ᠳᠡᠭᠡᠷ᠎ᠡ᠂ ᠰᠢᠶᠠᠨ ᠤ ᠳᠡᠳ᠋ ᠳᠠᠷᠤᠭ᠎ᠠ ᠵᠠᠩ ᠭᠦᠸᠧ ᠷᠦᠩ ᠪᠥᠬᠦ ᠰᠢᠶᠠᠨ ᠤ ᠦᠶᠡᠷ ᠢ ᠰᠡᠷᠭᠡᠶᠢᠯᠡᠬᠦ | ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠼᠦᠢ ᠢᠦᠶ ᠯᠠᠶ ᠶᠠᠷᠢᠶᠠᠨ ᠲᠠᠭᠠᠨ᠂ | ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠰᠢᠶᠠᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠠᠷᠠᠳ | ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠳᠥᠷᠪᠡᠨ ᠤᠬᠠᠮᠰᠠᠷ︾ ᠢ | ᠪᠠᠲᠤ ᠪᠠᠬᠢ ᠪᠤᠢ ᠪᠣᠯᠭᠠᠬᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ | ᠦᠨᠳᠦᠷᠴᠡ ᠠᠴᠠ᠂ ᠡᠷᠬᠡᠪᠰᠢ ᠦᠶᠡᠷ ᠢ ᠰᠡᠷᠭᠡᠶᠢᠯᠡᠬᠦ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠦᠵᠡᠯ ᠰᠠᠨᠠᠭ᠎ᠠ | ᠲᠠᠨᠢᠯᠲᠠ ᠪᠠᠨ ᠳᠡᠭᠡᠭᠰᠢᠯᠡᠭᠦᠯᠵᠦ᠂ ᠣᠳᠣᠬᠠᠨ ᠤ ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠬᠤ ᠶᠢᠨ | ᠲᠦᠢᠯ ᠤᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠰᠡᠷᠭᠡᠭ ᠢᠶᠠᠷ ᠲᠠᠨᠢᠬᠤ ᠬᠡᠷᠡᠭᠲᠡᠶ ᠭᠡᠵᠦ ᠱᠠᠭᠠᠷᠳᠠᠪᠠ᠃ | | ᠼᠦᠢ ᠢᠦᠢ ᠯᠠᠢ᠂ ᠠᠮᠤᠷ ᠲᠦᠪᠰᠢᠨ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠢ᠃ ᠰᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ | ᠵᠢᠯᠣᠭᠤᠳᠬᠤ ᠭᠠᠵᠠᠷ ᠤᠨ ᠡᠯ᠎ᠡ ᠪᠦᠷᠢᠯᠳᠦᠭᠦᠨ ᠨᠢᠭᠡᠴᠡ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ | ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠨᠡᠮᠡᠭᠳᠡᠭᠦᠯᠵᠦ᠂ ᠰᠠᠨᠠᠭᠠᠴᠢᠯᠠᠭ᠎ᠠ ᠠᠴᠠ ᠪᠠᠨ | ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠶ ᠪᠠᠷ ᠬᠠᠷᠢᠭᠤᠴᠠᠬᠤ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠬᠦ | ᠂ ᠬᠠᠮᠲᠤᠷᠠᠨ ᠬᠠᠮᠵᠢᠯᠴᠠᠬᠤ ᠪᠠᠨ ᠴᠢᠩᠭᠠᠳᠬᠠᠵᠤ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠦᠬᠦ ᠰᠢᠶᠠᠨ ᠤ ᠦᠶᠡᠷ ᠢ ᠰᠡᠷᠭᠡᠶᠢᠯᠡᠬᠦ ᠠᠵᠢᠯ ᠢ ᠪᠦᠬᠦ ᠬᠦᠴᠦ ᠪᠠᠷ ᠢᠶᠠᠨ | ᠰᠠᠶᠢᠲᠤᠷ ᠬᠢᠬᠦ ᠭᠡᠵᠦ ᠴᠢᠬᠤᠯᠠᠴᠢᠯᠠᠪᠡ᠃ | | ᠼᠦᠢ ᠢᠦᠶ ᠯᠠᠶ ᠱᠠᠭᠠᠷᠳᠠᠭᠰᠠᠨ ᠨᠢ᠂ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠦᠶᠡᠷ ᠲᠠᠢ ᠲᠡᠮᠡᠴᠡᠨ ᠠᠶᠤᠯ ᠠᠴᠠ ᠠᠪᠤᠷᠬᠠᠤ ᠡᠯ᠎ᠡ ᠵᠦᠢᠯ ᠤᠨ | ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠡᠯ᠎ᠡ ᠰᠢᠶᠠᠩ ᠪᠠᠯᠭᠠᠰᠤ᠂ ᠡᠯ᠎ᠡ ᠬᠠᠮᠢᠶ᠎ᠠ | ᠪᠦᠬᠦᠢ ᠰᠠᠯᠠᠭ᠎ᠠ ᠮᠥᠴᠢᠷ ᠵᠢᠵᠢᠭᠦᠷᠯᠡᠨ ᠰᠠᠬᠢᠬᠤ ᠪᠠ 24 ᠴᠠᠭ ᠤᠨ ᠤᠳᠤᠷᠢᠳᠤᠯᠭ᠎ᠠ ᠶᠢᠨ ᠡᠭᠡᠯᠵᠢ ᠳᠠᠭᠠᠭᠤᠯᠬᠤ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠶᠡᠭᠡ ᠠᠶᠤᠯ ᠲᠦᠭᠰᠢᠭᠦᠷᠢ᠂ ᠭᠠᠮᠰᠢᠭ ᠤᠨ ᠪᠠᠶᠢᠳᠠᠯ ᠢ ᠲᠡᠷᠡ | ᠳᠠᠷᠤᠶ ᠳᠤᠨᠢ ᠵᠢᠯᠣᠭᠤᠳᠬᠤ ᠭᠠᠵᠠᠷ ᠲᠤ ᠮᠡᠳᠡᠭᠦᠯᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠲᠥᠰᠦᠯ ᠢ | ᠲᠡᠭᠦᠯᠳᠡᠷᠵᠢᠭᠦᠯᠵᠦ᠂ ᠪᠣᠷᠣᠭᠠᠨ ᠤ ᠪᠠᠶᠢᠳᠠᠯ᠂ ᠦᠶᠡᠷ ᠤᠨ ᠪᠠᠶᠢᠳᠠᠯ ᠪᠠ ᠠᠶᠤᠯ ᠭᠠᠮᠰᠢᠭ ᠤᠨ ᠪᠠᠶᠢᠳᠠᠯ ᠢ ᠨᠢᠭᠲᠠ | ᠬᠢᠨᠠᠨ ᠠᠵᠢᠭᠯᠠᠵᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ | ᠂ ᠰᠠᠨᠠᠭᠠᠴᠢᠯᠠᠭ᠎ᠠ ᠠᠴᠠ ᠪᠠᠨ ᠠᠷᠭᠠᠴᠠᠬᠤ ᠠᠷᠭ᠎ᠠ ᠬᠡᠮᠵᠢᠶ᠎ᠡ ᠠᠪᠴᠤ᠂ ᠴᠠᠭ ᠲᠤᠬᠠᠶ ᠳᠤᠨᠢ ᠰᠢᠨᠵᠢᠯᠡᠬᠦ | ᠤᠬᠠᠭᠠᠨᠴᠢ ᠪᠠᠷ ᠠᠶᠤᠯ ᠠᠴᠠ ᠠᠪᠤᠷᠠᠨ ᠲᠤᠰᠠᠯᠠᠬᠤ ᠠᠵᠢᠯ ᠢ ᠥᠷᠨᠢᠭᠦᠯᠵᠦ᠂ ᠭᠠᠮᠰᠢᠭ ᠤᠨ ᠬᠤᠬᠢᠷᠠᠯ ᠢ ᠴᠢᠷᠮᠠᠶᠢᠨ | ᠬᠥᠩᠭᠡᠷᠡᠭᠦᠯᠵᠦ᠂ ᠬᠤᠶᠠᠳᠠᠭᠴᠢ ᠭᠠᠮᠰᠢᠭ ᠢ ᠴᠢᠩᠭ᠎ᠠ ᠰᠡᠷᠭᠡᠶᠢᠯᠡᠵᠦ᠂ ᠬᠦᠮᠦᠨ ᠤ ᠦᠬᠦᠯ ᠰᠢᠷᠬᠠᠲᠤᠯ ᠪᠠ | ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠭᠡᠪᠡ᠃ | ᠰᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ | ᠪᠦᠷᠢᠯᠳᠦᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ | ᠣᠷᠴᠢᠭᠤᠯᠤᠭᠴᠢ᠄ ᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | |