ᠬᠤᠸᠠᠳᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ ᠣᠷᠭᠠᠨᠢᠭ ᠬᠠᠭᠤᠷᠠᠶ ᠲᠠᠷᠢᠶᠠᠯᠠᠭ᠎ᠠ ᠶᠢ ᠬᠦᠭᠵᠢᠭᠦᠯᠵᠦ ᠪᠣᠢ
ᠨᠡᠶᠢᠲᠡᠯᠡᠭᠰᠡᠨ ᠴᠠᠭ᠄
2020/8/13
   2020 ᠤᠨ ᠳᠤ᠂ ᠬᠤᠸᠠᠳᠧ ᠰᠢᠶᠠᠨ ᠤ ᠭᠦᠨ ᠬᠤᠳᠳᠤᠭ ᠰᠢᠶᠠᠩ᠂ ᠳᠡᠪᠡᠲᠦ ᠰᠢᠶᠠᠩ᠂ ᠴᠠᠩ ᠱᠦᠨ ᠪᠠᠯᠭᠠᠰᠤ᠂ ᠪᠠᠶᠠᠨᠲᠠᠯ᠎ᠠ ᠰᠢᠶᠠᠨ ᠳᠤ 7000 ᠮᠦ ᠣᠷᠭᠠᠨᠢᠭ ᠬᠠᠭᠤᠷᠠᠶ ᠲᠠᠷᠢᠶᠠᠯᠠᠭ᠎ᠠ ᠶᠢᠨ ᠪᠤᠭᠤᠳᠠᠶ ᠲᠠᠷᠢᠵᠠᠢ᠂ ᠡᠭᠦᠨ ᠳᠤ ᠺᠧ ᠴᠦᠨ 4 ᠳ᠋ᠦ᠋ᠭᠡᠷ ᠪᠠ ᠺᠧ ᠴᠦᠨ 9 ᠳ᠋ᠦ᠋ᠭᠡᠷ ᠢ ᠲᠠᠷᠢᠭᠰᠠᠨ ᠲᠠᠯᠠᠪᠠᠶ ᠨᠢ ᠨᠡᠶᠢᠲᠡ 30000 ᠮᠦ ᠪᠠᠶᠢᠵᠤ᠂ 58 ᠬᠡᠰᠡᠭ ᠭᠠᠵᠠᠷ ᠬᠤᠯᠪᠤᠭᠳᠠᠵᠠᠢ᠃ ᠬᠤᠸᠠᠳᠧ ᠰᠢᠶᠠᠨ ᠨᠢᠭᠡᠳᠦᠯᠲᠡᠶ ᠪᠠᠷ ᠮᠧᠬᠠᠨᠢᠭ ᠢᠶᠠᠷ ᠲᠠᠷᠢᠬᠤ᠂ ᠨᠢᠭᠡᠳᠦᠯᠲᠡᠶ ᠪᠠᠷ ᠪᠣᠷᠳᠣᠭᠤᠷ ᠣᠷᠣᠭᠤᠯᠬᠤ᠂ ᠡᠷᠦᠬᠡ ᠬᠤᠪᠢᠶᠠᠨ ᠬᠠᠮᠢᠶᠠᠷᠬᠤ᠂ ᠵᠠᠬᠢᠶᠠᠯᠠᠭ᠎ᠠ ᠶᠢ ᠬᠤᠷᠢᠶᠠᠨ ᠠᠪᠬᠤ ᠵᠠᠭᠪᠤᠷ ᠢᠶᠠᠷ ᠳᠠᠮᠵᠢᠭᠤᠯᠤᠨ᠂ ᠨᠡᠶᠢᠲᠡ 3625 ᠲᠣᠨ ᠲᠠᠸᠠᠷ ᠤᠨ ᠢᠯᠵᠢᠮᠡᠭ ᠬᠦᠴᠢᠯ ᠤᠨ ᠣᠷᠭᠠᠨᠢᠭ ᠪᠣᠷᠳᠣᠭᠤᠷ ᠪᠠ 35.6 ᠲᠣᠨ ᠭᠠᠩ ᠢ ᠲᠠᠶᠢᠯᠵᠤ ᠤᠰᠤ ᠢ ᠬᠠᠳᠠᠭᠠᠯᠠᠬᠤ ᠡᠮ ᠬᠤᠳᠠᠯᠳᠤᠨ ᠠᠪᠴᠤ᠂ 456 ᠲᠣᠨ ᠺᠧ ᠴᠦᠨ 4 ᠳ᠋ᠦ᠋ᠭᠡᠷ ᠪᠠ ᠺᠧ ᠴᠦᠨ 9 ᠳ᠋ᠦ᠋ᠭᠡᠷ ᠪᠤᠭᠤᠳᠠᠢ ᠶᠢᠨ ᠦᠷ᠎ᠡ ᠤᠷᠤᠭᠤᠯᠤᠨ ᠠᠪᠴᠢᠷᠠᠵᠤ᠂ ᠣᠷᠭᠠᠨᠢᠭ ᠬᠠᠭᠤᠷᠠᠶ ᠲᠠᠷᠢᠶᠠᠯᠠᠭ᠎ᠠ ᠶᠢᠨ ᠪᠤᠭᠤᠳᠠᠢ ᠶᠢᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠪᠠ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠪᠡ᠃ ᠡᠭᠦᠨ ᠤ ᠬᠠᠮᠲᠤ᠂ ᠬᠤᠸᠠᠳᠧ ᠰᠢᠶᠠᠨ ᠨᠢ ᠭᠦᠨ ᠬᠤᠳᠳᠤᠭ ᠰᠢᠶᠠᠩ ᠤᠨ ᠶᠤᠸᠠᠨ ᠳ᠋ᠠ ᠲᠣᠰᠬᠤᠨ ᠳᠤ 1230 ᠮᠦ ᠣᠷᠭᠠᠨᠢᠭ ᠬᠠᠭᠤᠷᠠᠶ ᠲᠠᠷᠢᠶᠠᠯᠠᠭ᠎ᠠ ᠶᠢᠨ ᠪᠦᠬᠦ ᠶᠠᠪᠤᠴᠠ ᠶᠢ ᠮᠥᠷᠳᠡᠵᠦ ᠪᠤᠯᠬᠤᠶᠢᠴᠠ ᠲᠤᠷᠰᠢᠯᠲᠠ ᠶᠢᠨ ᠴᠡᠭ ᠢ ᠪᠠᠶᠢᠭᠤᠯᠵᠤ᠂ ᠣᠷᠭᠠᠨᠢᠭ ᠭᠡᠷᠡᠴᠢᠯᠡᠯᠲᠡ ᠶᠢᠨ ᠡᠮᠦᠨᠡᠬᠢ ᠬᠤᠭᠤᠴᠠᠭᠠᠨ ᠤ ᠠᠵᠢᠯ ᠢ ᠨᠢᠭᠡᠨᠲᠡ ᠳᠠᠭᠤᠰᠬᠠᠵᠤ᠂ ᠵᠠᠯᠭᠠᠮᠵᠢ ᠭᠡᠷᠡᠴᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ ᠳᠤ ᠪᠡᠯᠡᠳᠭᠡᠯ ᠬᠢᠵᠡᠶ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2