ᠣᠶᠢᠷ᠎ᠠ ᠶᠢᠨ ᠵᠢᠯ ᠳᠤ᠂ ᠬᠤᠸᠠᠳᠧ ᠰᠢᠶᠠᠨ ︽ᠵᠠᠭᠤᠨ ᠠᠵᠤ ᠠᠬᠤᠶᠢᠯᠠᠯ ᠵᠠᠭᠤᠨ ᠲᠣᠰᠬᠤᠨ ᠳᠤ ᠣᠷᠣᠬᠤ︾ | ᠶᠠᠳᠠᠭᠤ ᠶᠢ ᠲᠡᠳᠬᠦᠬᠦ ᠪᠣᠭᠤᠮᠲᠠ ᠰᠢ ᠪᠲᠤᠯᠬᠤ ᠶᠢ ᠬᠡᠷᠡᠭᠵᠢᠭᠦᠯᠬᠦ ᠪᠠᠷ ᠲᠣᠬᠢᠶᠠᠯ ᠪᠣᠯᠭᠠᠵᠤ᠂ ᠵᠠᠰᠠᠭ ᠤᠨ | ᠣᠷᠳᠣᠨ ᠢᠶᠠᠷ ᠭᠤᠣᠯᠯᠠᠭᠤᠯᠵᠤ᠂ ᠲᠣᠰᠬᠤᠨ ᠤ ᠵᠥᠪᠯᠡᠯ ᠢᠶᠠᠷ ᠭᠤᠤᠯ ᠴᠣᠭᠴᠠ ᠪᠣᠯᠭᠠᠨ᠂ ᠠᠵᠤ ᠠᠬᠤᠶᠢᠯᠠᠯ | ᠡᠵᠡᠩᠨᠡᠬᠦ᠂ ᠶᠠᠳᠠᠭᠤ ᠬᠦᠴᠢᠷᠳᠡᠯᠲᠡᠶ ᠡᠷᠦᠬᠡ ᠣᠷᠣᠯᠴᠠᠬᠤ᠂ ᠦᠮᠴᠢᠯᠡᠬᠦ ᠡᠷᠬᠡ ᠶᠢ ᠲᠣᠰᠬᠤᠨ ᠳᠤ ᠬᠠᠮᠲᠤ ᠶᠢᠨ | ᠥᠮᠴᠢᠯᠡᠯ ᠪᠣᠯᠭᠠᠬᠤ ᠬᠡᠪ ᠵᠠᠭᠪᠤᠷ ᠢ ᠪᠠᠷᠢᠮᠲᠠᠯᠠᠵᠤ᠂ ᠬᠤᠪᠴᠠᠰᠤ ᠬᠤᠨᠠᠷ ᠤᠨ ᠬᠥᠳᠡᠯᠮᠦᠷᠢ ᠨᠢᠭᠲᠠᠷᠠᠭᠰᠠᠨ | ᠭᠤᠣᠯᠯᠠᠭᠴᠢ ᠠᠵᠤ ᠦᠢᠯᠡᠰ ᠲᠤ ᠲᠦᠰᠢᠭᠯᠡᠨ᠂ ᠬᠠᠷᠢᠭᠤᠴᠠᠯᠭ᠎ᠠ ᠲᠠᠢ ᠠᠵᠤ ᠠᠬᠤᠶᠢᠯᠠᠯ ᠢ ᠢᠳᠡᠪᠬᠢᠲᠡᠶ | ᠵᠢᠯᠣᠭᠤᠳᠴᠤ ᠶᠠᠳᠠᠭᠤ ᠬᠦᠴᠢᠷᠲᠡᠶ ᠲᠣᠰᠬᠤᠨ ᠳᠤ ᠬᠦᠷᠦᠯᠴᠡᠭᠦᠯᠦᠨ ᠬᠠᠮᠲᠤᠷᠠᠯᠴᠠᠨ ᠬᠠᠪᠰᠤᠷᠤᠨ ᠲᠡᠳᠬᠦᠵᠦ᠂ | ᠶᠠᠳᠠᠭᠤ ᠠᠴᠠ ᠠᠩᠭᠢᠵᠢᠷᠠᠭᠤᠯᠬᠤ ᠲᠠᠰᠤᠭ ᠢ ᠪᠠᠶᠢᠭᠤᠯᠵᠤ᠂ ︽ᠦᠢᠯᠡᠳᠪᠤᠷᠢ ᠶᠢᠨ ᠲᠠᠰᠤᠭ ᠲᠣᠰᠬᠤᠨ ᠳᠤ | ᠰᠠᠭᠤᠷᠢᠰᠢᠵᠤ᠂ ᠭᠡᠷ ᠲᠡᠭᠡᠨ ᠠᠵᠢᠯ ᠣᠯᠬᠤ᠂ ᠣᠯᠠᠨ ᠲᠦᠮᠡᠨ ᠶᠠᠳᠠᠭᠤ ᠠᠴᠠ ᠠᠩᠭᠢᠵᠢᠷᠠᠬᠤ᠂ ᠬᠠᠮᠲᠤ ᠪᠠᠷ | ᠣᠷᠣᠯᠭ᠎ᠠ ᠪᠠᠨ ᠨᠡᠮᠡᠭᠳᠡᠭᠦᠯᠬᠦ︾ ᠰᠢᠨ᠎ᠡ ᠵᠠᠮ ᠢ ᠬᠠᠶᠢᠨ ᠰᠦᠪᠡᠭᠴᠢᠯᠡᠵᠦ᠂ ᠶᠠᠳᠠᠭᠤ ᠬᠦᠴᠢᠷᠳᠡᠯᠲᠡᠶ ᠣᠯᠠᠨ | ᠲᠦᠮᠡᠨ ᠤ ᠭᠡᠷ ᠤᠨ ᠡᠭᠦᠳᠡᠨ ᠳᠤ ᠠᠵᠢᠯ ᠣᠯᠬᠤ ᠶᠢ ᠪᠡᠶᠡᠯᠡᠭᠦᠯᠪᠡ᠃ | ᠪᠦᠬᠦ ᠰᠢᠶᠠᠨ ᠤ 6 ᠰᠢᠶᠠᠩ ᠪᠠᠯᠭᠠᠰᠤ ᠠᠴᠠ ᠬᠥᠮᠦᠨ ᠠᠮᠠ ᠬᠠᠷᠢᠴᠠᠩᠭᠤᠶ ᠪᠠᠷ ᠲᠥᠪᠯᠡᠷᠡᠭᠰᠡᠨ᠂ ᠵᠠᠮ | ᠬᠠᠷᠢᠯᠴᠠᠭᠠᠨ ᠤ ᠨᠥᠬᠦᠴᠡᠯ ᠢᠶᠠᠷ ᠨᠡᠯᠢᠶᠡᠳ ᠰᠠᠶᠢᠨ ᠲᠥᠪ ᠲᠣᠰᠬᠤᠨ ᠢ ᠰᠣᠩᠭᠤᠵᠤ ︽ᠶᠠᠳᠠᠭᠤ ᠠᠴᠠ | ᠠᠩᠭᠢᠵᠢᠷᠠᠭᠤᠯᠬᠤ ᠦᠢᠯᠡᠳᠪᠤᠷᠢ ᠶᠢᠨ ᠲᠠᠰᠤᠭ︾ ᠢ 62 ᠪᠠᠶᠢᠭᠤᠯᠵᠤ᠂ ︽ᠶᠠᠳᠠᠭᠤ ᠠᠴᠠ ᠠᠩᠭᠢᠵᠢᠷᠠᠭᠤᠯᠬᠤ | ᠦᠢᠯᠡᠳᠪᠤᠷᠢ ᠶᠢᠨ ᠲᠠᠰᠤᠭ︾ ᠲᠠᠢ ᠲᠥᠪ ᠲᠣᠰᠬᠤᠨ ᠨᠢ ᠵᠠᠰᠠᠭ ᠵᠠᠬᠢᠷᠭᠠᠨ ᠤ ᠲᠣᠰᠬᠤᠨ ᠤ ᠶᠡᠷᠦᠩᠬᠡᠶ ᠲᠣᠭᠠᠨ ᠤ | 71% ᠶᠢ ᠡᠵᠡᠯᠡᠪᠡ᠃ ᠣᠳᠣᠬᠠᠨ ᠳᠤ ︽ᠶᠠᠳᠠᠭᠤ ᠠᠴᠠ ᠠᠩᠭᠢᠵᠢᠷᠠᠭᠤᠯᠬᠤ ᠦᠢᠯᠡᠳᠪᠤᠷᠢ ᠶᠢᠨ ᠲᠠᠰᠤᠭ︾ | ᠨᠢᠭᠡᠨᠲᠡ 2173 ᠮᠠᠯᠴᠢᠨ ᠲᠠᠷᠢᠶᠠᠴᠢᠨ ᠢ ᠳᠠᠶᠢᠴᠢᠯᠠᠨ ᠠᠵᠢᠯ ᠣᠯᠭᠤᠵᠤ᠂ ᠡᠭᠦᠨ ᠳᠤ ᠶᠠᠳᠠᠭᠤ ᠬᠦᠴᠢᠷᠳᠡᠯᠲᠡᠶ | ᠬᠥᠮᠦᠨ ᠠᠮᠠ 1304 ᠪᠠᠶᠢᠵᠤ᠂ 60% ᠶᠢ ᠡᠵᠡᠯᠡᠨ᠎ᠡ᠃ | ᠣᠳᠣᠬᠠᠨ ᠳᠤ 30 ᠭᠠᠷᠤᠶ ᠵᠢᠯ ᠤᠨ ᠲᠡᠤᠬᠡ ᠲᠠᠢ ᠬᠤᠸᠠᠳᠧ ᠰᠢᠶᠠᠨ ᠤ ᠬᠤᠪᠴᠠᠰᠤᠨ ᠤ ᠠᠵᠤ ᠦᠢᠯᠡᠰ | ᠥᠷᠨᠢᠭᠦᠨ ᠬᠦᠭᠵᠢᠵᠦ᠂ ᠪᠦᠬᠦ ᠰᠢᠶᠠᠨ ᠤ ᠬᠤᠪᠴᠠᠰᠤ ᠬᠤᠨᠠᠷ ᠤᠨ ᠠᠵᠤ ᠠᠬᠤᠶᠢᠯᠠᠯ 320 ᠪᠣᠯᠵᠤ᠂ ᠵᠢᠯ ᠤᠨ | ᠦᠢᠯᠡᠳᠪᠦᠷᠢᠯᠡᠯ ᠤᠨ ᠴᠢᠳᠠᠪᠤᠷᠢ 2600 ᠲᠦᠮᠡᠨ ᠵᠠᠬ᠎ᠠ ᠪᠣᠯᠵᠤ᠂ ᠦᠢᠯᠡᠳᠬᠦᠨ ᠤ ᠥᠷᠲᠡᠭ ᠨᠢ 20 ᠭᠠᠷᠤᠶ | ᠳ᠋ᠦᠩᠰᠢᠭᠤᠷ ᠲᠥᠭᠦᠷᠢᠭ ᠲᠤ ᠬᠦᠷᠴᠦ᠂ 3 ᠲᠦᠮᠡ ᠭᠠᠷᠤᠶ ᠠᠵᠢᠯ ᠤᠨ ᠪᠠᠶᠢᠷᠢ ᠬᠠᠩᠭᠠᠵᠤ᠂ ︽ᠪᠠᠭ᠎ᠠ | ᠬᠡᠪᠴᠢᠶ᠎ᠡ ᠲᠠᠢ᠂ ᠶᠡᠭᠡ ᠬᠠᠮᠲᠤᠯᠢᠭ᠂ ᠪᠠᠭ᠎ᠠ ᠦᠢᠯᠡᠳᠪᠦᠷᠢᠯᠡᠯ᠂ ᠶᠡᠭᠡ ᠬᠠᠮᠵᠢᠯᠴᠠᠭ᠎ᠠ᠂ ᠵᠢᠵᠢᠭ ᠠᠵᠤ ᠠᠬᠤᠶᠢᠯᠠᠯ᠂ | ᠶᠡᠭᠡ ᠠᠵᠢᠯ ᠣᠯᠭᠤᠯᠲᠠ︾ ᠶᠢᠨ ᠪᠠᠶᠢᠳᠠᠯ ᠪᠦᠷᠢᠯᠳᠦᠪᠡ᠃ | ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ | ᠣᠷᠴᠢᠭᠤᠯᠤᠭᠴᠢ᠄ ᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ |