ᠤᠯᠠᠭᠠᠨᠴᠠᠪ ᠬᠤᠲᠠ ᠶᠢᠨ ᠴᠢ ᠬᠠᠩ ᠭᠠᠷ ᠤᠷᠠᠯᠠᠯ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠶᠢᠨ | ᠬᠠᠷᠢᠭᠤᠴᠠᠯᠭᠠᠲᠠᠨ ᠵᠠᠩ ᠯᠢ ᠨᠠ᠂ ᠬᠠᠷᠠᠬᠠᠨ ᠪᠠᠭ᠎ᠠ ᠠᠴᠠ ᠪᠠᠨ ᠲᠥᠷᠥᠯᠬᠢ ᠪᠠᠷᠠᠭᠤᠨ ᠬᠥᠯ ᠤᠨ ᠰᠡᠭᠦᠵᠢᠨ ᠦᠶ᠎ᠡ | ᠮᠤᠯᠲᠤᠷᠠᠵᠤ᠂ ᠪᠠᠭᠠᠨ᠎ᠠ ᠨᠢᠷᠤᠭᠤ ᠬᠠᠵᠠᠭᠤ ᠲᠡᠶᠢᠰᠢ ᠮᠣᠷᠤᠶᠢᠵᠤ᠂ ᠬᠤᠶᠠᠳᠤᠭᠠᠷ ᠲᠡᠰ ᠤᠨ ᠵᠡᠮᠳᠡᠭ ᠳᠤ | ᠲᠣᠭᠠᠴᠠᠭᠳᠠᠨ᠎ᠠ᠃ ᠭᠡᠪᠡᠴᠦ ᠲᠡᠷᠡ ᠬᠤᠪᠢ ᠵᠠᠶᠠᠭ᠎ᠠ ᠶᠢ ᠢᠲᠡᠭᠡᠬᠦ ᠦᠭᠡᠢ᠂ ᠬᠥᠮᠦᠨ ᠤ ᠠᠮᠢᠳᠤᠷᠠᠯ ᠳᠤ ᠴᠢᠷᠮᠠᠶᠢᠯᠠᠭ᠎ᠠ | ᠲᠡᠮᠡᠴᠡᠯ ᠪᠠᠶᠢᠬᠤ ᠬᠡᠷᠡᠭᠲᠡᠶ ᠭᠡᠵᠦ ᠦᠵᠡᠳᠡᠭ᠂ ᠣᠯᠠᠨ ᠵᠢᠯ ᠤᠨ ᠲᠤᠷᠰᠢ ᠥᠪᠡᠷ ᠢᠶᠠᠨ ᠭᠠᠷ ᠤᠷᠠᠯᠠᠯ ᠰᠤᠷᠴᠤ᠂ | ᠺᠣᠮᠫᠠᠨᠢ ᠪᠠᠶᠢᠭᠤᠯᠵᠤ᠂ ᠥᠪᠡᠷ ᠤᠨ ᠠᠳᠠᠯ ᠦᠢᠯᠡᠰ ᠴᠣᠭᠴᠠᠯᠠᠬᠤ ᠬᠦᠰᠡᠯ ᠵᠡᠭᠦᠳᠦ ᠪᠠᠨ ᠪᠡᠶᠡᠯᠡᠭᠦᠯᠬᠦ ᠪᠠᠷ ᠪᠠᠷᠠᠬᠤ | ᠦᠭᠡᠢ᠂ ᠪᠠᠰᠠ ᠮᠠᠰᠢ ᠣᠯᠠᠨ ᠵᠡᠮᠳᠡᠭᠴᠦᠳ ᠢ ᠬᠠᠪᠰᠤᠷᠴᠤ᠂ ᠢᠯᠠᠩᠭᠤᠶ᠎ᠠ ᠶᠠᠳᠠᠭᠤ ᠬᠦᠴᠢᠷᠳᠡᠯᠲᠡᠶ ᠭᠡᠷ ᠪᠦᠯᠢ ᠶᠢᠨ | ᠵᠡᠮᠳᠡᠭᠴᠦᠳ ᠤᠨ ᠠᠵᠢᠯ ᠣᠯᠬᠤ ᠬᠦᠴᠢᠷ ᠠᠰᠠᠭᠤᠳᠠᠯ ᠢ ᠰᠢᠢᠳᠪᠤᠷᠢᠯᠡᠵᠦ᠂ ᠲᠡᠳᠡᠨ ᠢ ᠳᠠᠬᠢᠨ ᠨᠡᠶᠢᠭᠡᠮ ᠪᠠ | ᠠᠮᠢᠳᠤᠷᠠᠯ ᠳᠠᠭᠠᠨ ᠢᠲᠡᠭᠡᠯ ᠲᠠᠢ ᠬᠠᠨᠳᠤᠬᠤ ᠵᠣᠷᠢᠭ ᠢ ᠨᠢ ᠬᠦᠪᠴᠢᠯᠡᠵᠡᠢ᠃ | | ︽ᠠᠩᠬᠠᠷ᠂ ᠡᠭᠦᠨ ᠢ ᠢᠩᠭᠢᠵᠦ ᠬᠢ᠃︾᠂ ︽ᠠᠭᠠᠵᠢᠮ ᠳᠠᠭᠠᠨ ᠪᠣᠯᠪᠠᠰᠤᠷᠠᠩᠭᠤᠶ ᠪᠣᠯᠴᠢᠬᠠᠳᠠᠭ᠃︾ | 270 ᠲᠡᠭᠰᠢ ᠳᠥᠷᠪᠡᠯᠵᠢᠨ ᠮᠧᠲᠷ ᠤᠨ ᠠᠵᠢᠯ ᠤᠨ ᠭᠡᠷ ᠲᠤ᠂ ᠵᠠᠩ ᠯᠢ ᠨᠠ ᠢᠨᠢᠶᠡᠮᠰᠦᠭᠯᠡᠭᠰᠡᠭᠡᠷ ᠲᠡᠭᠦᠨ ᠤ | ᠵᠡᠮᠳᠡᠭ ᠡᠭᠡᠴᠢ ᠥᠬᠢᠨ ᠳᠡᠭᠦᠤ ᠪᠠᠨ ︽ᠵᠢᠭᠠᠨ ᠵᠢᠯᠤᠭᠤᠳᠤᠨ᠎ᠠ︾᠃ ᠴᠢ ᠬᠠᠩ ᠭᠠᠷ ᠤᠷᠠᠯᠠᠯ ᠤᠨ | ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠪᠣᠯ ᠵᠡᠮᠳᠡᠭ ᠬᠦᠮᠦᠨ ᠵᠠᠩ ᠯᠢ ᠨᠠ ᠶᠢᠨ ᠡᠭᠦᠳᠦᠨ ᠪᠠᠶᠢᠭᠤᠯᠤᠭᠰᠠᠨ ᠨᠢᠭᠡᠨ | ᠺᠣᠮᠫᠠᠨᠢ ᠪᠣᠯᠤᠨ᠎ᠠ᠃ ᠭᠤᠤᠯᠳᠠᠭᠤ ᠴᠡᠪᠡᠷ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠴᠤ᠂ ᠵᠡᠮᠳᠡᠭᠴᠦᠳ ᠲᠤ | ᠠᠵᠢᠯ ᠣᠯᠭᠤᠯᠲᠠ ᠶᠢ ᠪᠣᠯᠪᠠᠰᠤᠷᠠᠭᠤᠯᠬᠤ ᠪᠠ ᠲᠣᠬᠢᠨᠠᠭᠤᠯᠬᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ | ᠪᠣᠯᠣᠨ᠎ᠠ᠃ ᠪᠠᠭ᠎ᠠ ᠠᠴᠠ ᠪᠠᠨ ᠮᠥᠴᠢ ᠵᠡᠮᠳᠡᠭ ᠪᠣᠯᠤᠭᠰᠠᠨ ᠠᠴᠠ ᠵᠠᠩ ᠯᠢ ᠨᠠ ᠶᠢᠨ ᠠᠵᠢᠯ ᠡᠷᠬᠢᠯᠡᠬᠦ ᠵᠠᠮ ᠮᠠᠰᠢ | ᠬᠦᠴᠢᠷ ᠪᠡᠷᠬᠡᠰᠢᠶᠡᠯ ᠲᠠᠢ᠂ ᠣᠯᠠᠨ ᠤᠳᠠᠭ᠎ᠠ ᠠᠵᠢᠯ ᠡᠷᠢᠵᠤ ᠤᠳᠠᠭ᠎ᠠ ᠳᠠᠷᠠᠭᠠᠯᠠᠨ ᠲᠡᠪᠴᠢᠭᠳᠡᠵᠡᠢ᠂ ᠭᠡᠪᠡᠴᠦ ᠵᠠᠩ | ᠯᠢ ᠨᠠ ᠬᠥᠮᠦᠨ ᠤ ᠠᠮᠢᠳᠤᠷᠠᠯ ᠡᠭᠦᠨ ᠠᠴᠠ ᠪᠣᠯᠵᠤ ᠳᠣᠷᠤᠶᠢᠲᠠᠵᠤ ᠪᠣᠯᠬᠤ ᠦᠭᠡᠢ ᠭᠡᠵᠦ ᠦᠵᠡᠵᠦ᠂ ᠭᠠᠷ | ᠤᠷᠠᠯᠠᠯ ᠢ ᠰᠤᠷᠤᠯᠴᠠᠬᠤ ᠳᠤᠷᠠᠲᠠᠢ ᠲᠡᠷᠡ ᠥᠪᠡᠷ ᠵᠶ᠋ᠠᠨᠦᠢᠯᠡᠰ ᠪᠣᠰᠬᠠᠬᠤ ᠪᠠᠷ ᠰᠢᠢᠳᠴᠡᠢ᠃ 2009 ᠣᠨ ᠳᠤ᠂ | ᠵᠠᠩ ᠯᠢ ᠨᠠ ︽ᠵᠡᠮᠳᠡᠭᠴᠦᠳ ᠤᠨ ᠭᠠᠷ ᠦᠢᠯᠡᠳᠬᠦ ᠪᠦᠯᠬᠦᠮ︾ ᠢ ᠵᠣᠬᠢᠶᠠᠨ ᠪᠠᠶᠢᠭᠤᠯᠬᠤ ᠭᠤᠶᠤᠴᠢᠯᠠᠯ ᠭᠠᠷᠭᠠᠵᠠᠢ᠂ | ᠲᠡᠷᠡ ᠦᠢᠯᠡᠰ ᠪᠣᠰᠬᠠᠬᠤ ᠬᠦᠰᠡᠯ ᠢᠶᠠᠨ ᠪᠡᠶᠡᠯᠡᠭᠦᠯᠬᠦ ᠪᠠᠷ ᠪᠠᠷᠠᠬᠤ ᠦᠭᠡᠶ ᠨᠡᠩ ᠣᠯᠠᠨ ᠵᠡᠮᠳᠡᠭᠴᠦᠳ ᠢ | ᠳᠠᠭᠠᠭᠤᠯᠤᠨ ᠠᠵᠢᠯ ᠣᠯᠭᠤᠵᠤ᠂ ᠠᠮᠢᠳᠤᠷᠠᠬᠤᠢ ᠶᠢᠨ ᠥᠷᠲᠡᠭ ᠢᠶᠠᠨ ᠴᠢᠷᠮᠠᠶᠢᠨ ᠪᠡᠶᠡᠯᠡᠭᠦᠯᠬᠦ ᠪᠠᠷ ᠪᠠᠶᠢᠨ᠎ᠠ᠃ | | ︽ᠡᠨᠡ ᠣᠷᠴᠢᠨ ᠲᠣᠭᠤᠷᠢᠨ ᠦᠨᠡᠬᠡᠷ ᠰᠠᠶᠢᠨ᠂ ᠶᠠᠭ ᠯᠠ ᠪᠢᠳᠡᠨ ᠰᠢᠭ ᠡᠶᠢᠮᠦ ᠬᠥᠮᠦᠨ ᠳᠤ | ᠲᠣᠬᠢᠷᠠᠭᠤᠯᠤᠭᠰᠠᠨ᠂ ᠦᠨᠡᠨ ᠳᠠᠬᠢᠨ ᠨᠢᠭᠡ ᠭᠡᠷ ᠣᠷᠤᠨ ᠪᠠᠶᠢᠭᠤᠯᠤᠭᠰᠠᠨ ᠰᠢᠭ︾᠃ ᠭᠡᠵᠦ ᠵᠡᠮᠳᠡᠭ ᠬᠥᠮᠦᠨ | ᠰᠦᠨ ᠯᠢ ᠲᠠᠯᠠᠷᠬᠠᠯ ᠪᠠᠶᠠᠰᠤᠯ ᠤᠨ ᠬᠠᠷᠠᠴᠠ ᠲᠠᠢ ᠬᠡᠯᠡᠪᠡ᠃ | ᠨᠠᠰᠤ ᠪᠠᠭ᠎ᠠ ᠵᠠᠩ ᠯᠢ ᠨᠠ ᠡᠪᠡᠳᠴᠢᠨ ᠡᠮᠭᠡᠭ ᠤᠨ ᠵᠣᠪᠠᠭᠤᠷᠢ ᠶᠢ ᠬᠠᠨᠲᠠᠯ᠎ᠠ ᠠᠮᠰᠠᠭᠰᠠᠨ ᠪᠥᠭᠡᠳ ᠵᠡᠮᠳᠡᠭᠴᠦᠳ | ᠢᠯᠠᠩᠭᠤᠶ᠎ᠡ ᠶᠠᠳᠠᠭᠤ ᠬᠦᠴᠢᠷᠳᠡᠯᠲᠡᠢ ᠭᠡᠷ ᠪᠦᠯᠢ ᠶᠢᠨ ᠵᠡᠮᠳᠡᠭᠴᠦᠳ ᠤᠨ ᠠᠵᠢᠯ ᠣᠯᠭᠤᠯᠲᠠ ᠶᠢᠨ ᠬᠦᠴᠢᠷ | ᠵᠣᠪᠠᠭᠤᠷᠢ ᠶᠢ ᠴᠤ ᠭᠦᠨᠵᠡᠭᠡᠢ ᠣᠶᠢᠯᠠᠭᠠᠪᠠ᠃ 2016 ᠣᠨ ᠳᠤ᠂ ᠤᠯᠤᠰ ᠠᠴᠠ ᠬᠡᠷᠡᠭᠵᠢᠭᠦᠯᠦᠭᠰᠡᠨ ᠨᠠᠷᠢᠯᠢᠭ | ᠣᠨᠤᠴᠢᠲᠠᠢ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠴᠤᠤᠷᠢᠶᠠᠲᠤᠨ ᠳᠠᠭᠠᠵᠤ᠂ ᠨᠠᠩ ᠣᠯᠠᠨ ᠶᠠᠳᠠᠭᠤ | ᠬᠦᠴᠢᠷᠳᠡᠯᠲᠡᠶ ᠬᠡᠷ ᠪᠦᠯᠢ ᠶᠢᠨ ᠵᠡᠮᠳᠡᠭᠴᠦᠳ ᠲᠤ ᠠᠵᠢᠯ ᠣᠯᠭᠤᠵᠤ ᠣᠷᠣᠯᠭ᠎ᠠ ᠪᠠᠨ ᠨᠡᠮᠡᠭᠳᠡᠭᠦᠯᠬᠦ ᠶᠢᠨ ᠲᠥᠯᠥᠭᠡ᠂ | ᠵᠠᠩ ᠯᠢ ᠨᠠ ︽ᠬᠤᠸᠠᠳᠧ ᠰᠢᠶᠠᠨ ᠤ ᠵᠡᠮᠳᠡᠭᠴᠦᠳ ᠤᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ | ᠲᠥᠪ︾ ᠢ ︽ᠤᠯᠠᠭᠠᠨᠴᠠᠪ ᠬᠤᠲᠠ ᠶᠢᠨ ᠴᠢ ᠬᠠᠩ ᠭᠠᠷ ᠤᠷᠠᠯᠠᠯ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ︾ | ᠪᠣᠯᠭᠠᠨ ᠳᠡᠩᠰᠡᠯᠡᠵᠦ᠂ ᠭᠤᠤᠯᠳᠠᠭᠤ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠶᠠᠳᠠᠭᠤ ᠬᠦᠴᠢᠷᠳᠡᠯᠲᠡᠶ | ᠭᠡᠷ ᠪᠦᠯᠢ ᠶᠢᠨ ᠵᠡᠮᠳᠡᠭᠴᠦᠳ ᠲᠤ ᠪᠣᠯᠪᠠᠰᠤᠷᠠᠭᠤᠯᠤᠯ ᠪᠠ ᠲᠣᠬᠢᠷᠠᠭᠤᠯᠤᠯᠲᠠ ᠬᠢᠵᠦ᠂ ᠵᠡᠮᠳᠡᠭ ᠠᠵᠢᠯᠲᠠᠨ 30 | ᠭᠠᠷᠤᠶ ᠬᠥᠮᠦᠨ ᠪᠣᠯᠵᠤ᠂ ᠡᠭᠦᠨ ᠤ ᠳᠣᠲᠣᠷ᠎ᠠ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠶᠠᠳᠠᠭᠤ | ᠬᠦᠴᠢᠷᠳᠡᠯᠲᠡᠶ ᠡᠷᠦᠬᠡ 15 ᠬᠥᠮᠦᠨ ᠪᠠᠶᠢᠨ᠎ᠠ᠂ ᠰᠠᠷ᠎ᠠ ᠶᠢᠨ ᠦᠨᠳᠦᠰᠦᠨ ᠴᠠᠯᠢᠩ ᠨᠢ ᠮᠢᠩᠭ᠎ᠠ ᠭᠠᠷᠤᠶ | ᠲᠥᠭᠦᠷᠢᠭ ᠲᠤ ᠬᠦᠷᠴᠦ᠂ 25 ᠬᠥᠮᠦᠨ ᠳᠤ ᠺᠣᠮᠫᠠᠨᠢ ᠨᠢᠭᠡᠨᠲᠡ ᠬᠦᠳᠡᠭᠡ ᠲᠣᠰᠬᠤᠨ ᠤ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠢ ᠨᠢ ᠣᠷᠣᠯᠠᠨ ᠲᠤᠰᠢᠶᠠᠪᠠ᠃ | ︽ᠥᠩᠭᠡᠷᠡᠭᠰᠡᠨ ᠳᠤ ᠠᠮᠢᠳᠤᠷᠠᠯ ᠪᠦᠷ ᠬᠡᠷ ᠤᠨ ᠬᠥᠮᠦᠰ ᠤᠨ ᠢᠶᠠᠨ ᠬᠠᠷᠠᠭᠠᠯᠵᠠᠯ ᠳᠤ ᠲᠦᠰᠢᠭᠯᠡᠵᠦ ᠪᠠᠶᠢᠵᠠᠶ᠂ | ᠬᠡᠷ ᠤᠨᠬᠢᠨ ᠴᠤ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ᠂ ᠠᠵᠤ ᠠᠬᠤᠢ ᠶᠢᠨ ᠨᠥᠬᠦᠴᠡᠯ ᠲᠤᠩ | ᠮᠠᠭᠤ᠂ ᠥᠪᠡᠷ ᠢᠶᠠᠨ ᠴᠦ ᠲᠡᠳᠡᠨ ᠤ ᠡᠭᠦᠷᠭᠡ ᠳᠠᠷᠤᠭᠠᠰᠤ ᠶᠢ ᠬᠤᠪᠢᠶᠠᠯᠴᠠᠵᠤ ᠴᠢᠳᠠᠬᠤ ᠦᠭᠡᠢ᠂ ᠥᠪᠡᠷᠲᠡᠭᠡᠨ | ᠳᠣᠲᠤᠷ᠎ᠠ ᠪᠠᠨ ᠨᠠᠮ᠎ᠠ ᠰᠢᠭ ᠡᠶᠢᠮᠤ ᠬᠦᠮᠦᠨ᠂ ᠮᠠᠨ ᠤ ᠡᠨᠡ ᠶᠠᠳᠠᠭᠤ ᠵᠦᠳᠡᠭᠦᠦ ᠭᠡᠷ ᠪᠦᠯᠢ ᠳᠤ ᠳᠠᠷᠤᠭᠠᠰᠤ ᠪᠣᠯᠵᠤ | ᠪᠠᠶᠢᠨ᠎ᠠ ᠭᠡᠵᠦ ᠪᠣᠳᠣᠳᠠᠭ᠂ ᠬᠠᠷᠢᠨ ᠠᠳᠡ ᠢᠷᠡᠭᠰᠡᠨ ᠠᠴᠠ ᠰᠡᠳᠬᠢᠯ ᠳᠤ ᠲᠠᠭᠠᠲᠠᠢ ᠪᠣᠯᠣᠭᠰᠠᠨ︕ ᠴᠠᠯᠢᠩ ᠪᠠᠰᠠ | ᠣᠯᠴᠢᠬᠠᠨ᠎ᠠ᠂ ᠥᠪᠡᠷ ᠤᠨ ᠬᠤᠶᠠᠷ ᠭᠠᠷ ᠲᠠᠭᠠᠨ ᠲᠦᠰᠢᠭᠯᠡᠨ ᠭᠡᠷ ᠪᠦᠯᠢ ᠶᠢᠨ ᠢᠶᠠᠨ ᠠᠮᠢᠳᠤᠷᠠᠯ ᠢ ᠪᠠᠰᠠ | ᠳᠡᠮᠵᠢᠴᠢᠬᠡᠨᠡ᠂ ᠡᠭᠡᠴᠢ ᠥᠬᠢᠨ ᠳᠡᠭᠦᠤ ᠨᠡᠷ ᠴᠦ ᠣᠯᠠᠰᠢᠷᠠᠵᠤ᠂ ᠪᠣᠳᠤᠯ ᠰᠠᠨᠠᠭ᠎ᠠ ᠴᠤ ᠲᠡᠨᠢᠭᠦᠨ ᠪᠣᠯᠵᠤ᠂ ᠶᠡᠭᠡ | ᠪᠠᠲᠠᠷᠲᠠᠢ ᠪᠠᠶᠢᠨ᠎ᠠ᠃︾ ᠭᠡᠵᠦ ᠶᠠᠳᠠᠭᠤ ᠬᠦᠴᠢᠷᠳᠡᠯᠲᠡᠶ ᠬᠡᠷ ᠪᠦᠯᠢ ᠶᠢᠨ ᠵᠡᠮᠳᠡᠭ ᠬᠥᠮᠦᠨ ᠵᠠᠩ ᠶᠠᠨ ᠬᠡᠯᠡᠪᠡ᠃ | ᠵᠠᠩ ᠯᠢ ᠨᠠ ᠶᠢᠨ ᠠᠳᠠᠯ ᠪᠣᠰᠬᠠᠬᠤ ᠦᠯᠢᠭᠡᠷ ᠨᠢ ᠮᠠᠰᠢ ᠣᠯᠠᠨ ᠵᠡᠮᠳᠡᠭᠴᠦᠳ ᠢ ᠵᠣᠷᠢᠭᠵᠢᠭᠤᠯᠬᠤ ᠠᠴᠠ | ᠭᠠᠳᠠᠨ᠎ᠠ᠂ ᠲᠡᠭᠦᠨ ᠤ ᠺᠣᠮᠫᠠᠨᠢ ᠨᠢ ᠴᠦ ᠪᠡᠭᠡᠵᠢᠩ ᠬᠤᠲᠠ ᠶᠢᠨ ᠳ᠋ᠦᠩ ᠴᠧᠩ ᠲᠣᠭᠤᠷᠢᠭ ᠤᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠲᠥᠷᠥᠯ ᠢᠶᠠᠷ ᠢᠶᠠᠨ ᠲᠠᠩᠰᠠ | ᠡᠪᠬᠡᠮᠡᠯ ᠪᠠᠶᠢᠭᠤᠯᠤᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠬᠥᠳᠡᠯᠮᠦᠷᠢ ᠦᠢᠯᠡᠴᠢᠯᠡᠭᠡᠨ ᠤ ᠳᠠᠳᠤᠯᠭ᠎ᠠ | ᠪᠣᠯᠪᠠᠰᠤᠷᠠᠯ ᠤᠨ ᠰᠠᠭᠤᠷᠢᠨ ᠭᠠᠵᠠᠷ ᠪᠣᠯᠵᠣ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠵᠢᠯ | ᠲᠥᠷᠥᠯ ᠢᠶᠠᠷ ᠬᠠᠪᠰᠤᠷᠤᠨ ᠲᠡᠳᠬᠦᠭᠰᠡᠨ ᠪᠠᠶᠢᠨ᠎ᠠ᠃ 2019 ᠣᠨ ᠳᠤ ᠴᠢ ᠬᠠᠩ ᠭᠠᠷ ᠤᠷᠠᠯᠠᠯ ᠤᠨ | ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠶᠢᠨ ᠡᠵᠡᠯᠡᠬᠦ ᠭᠠᠵᠠᠷ ᠨᠢ ᠠᠷᠪᠠᠨ ᠬᠡᠳᠦᠨ ᠲᠡᠭᠰᠢ ᠳᠥᠷᠪᠡᠯᠵᠢᠨ ᠮᠧᠲᠷ | ᠪᠠᠶᠢᠭᠰᠠᠨ ᠠᠴᠠ ᠪᠠᠨ 800 ᠭᠠᠷᠤᠶ ᠲᠡᠭᠰᠢ ᠳᠦᠷᠪᠡᠯᠵᠢᠨ ᠮᠧᠲᠷ ᠪᠣᠯᠤᠨ ᠨᠡᠮᠡᠭᠳᠡᠵᠦ᠂ ᠨᠢᠭᠡᠳᠦᠭᠡᠷ | ᠳᠠᠪᠬᠤᠷᠭ᠎ᠠ ᠶᠢᠨ ᠦᠢᠯᠡᠳᠪᠤᠷᠢᠯᠡᠯ ᠤᠨ ᠲᠠᠰᠤᠭ ᠲᠤ ᠵᠡᠮᠳᠡᠭᠴᠦᠳ ᠤᠨ ᠰᠠᠭᠠᠳ ᠦᠭᠡᠶ ᠴᠠᠬᠢᠯᠭᠠᠨ ᠱᠠᠲᠤ ᠶᠢ | ᠨᠡᠪᠲᠡᠷᠡᠭᠦᠯᠵᠦ᠂ ᠦᠢᠯᠡᠳᠬᠦᠨ ᠤ ᠦᠵᠡᠭᠦᠯᠦᠯᠭᠡ ᠶᠢᠨ ᠲᠢᠩᠬᠢᠮ ᠪᠣᠯᠤᠨ ᠦᠢᠯᠡᠳᠪᠤᠷᠢᠯᠡᠯ ᠤᠨ ᠲᠠᠰᠤᠭ ᠢ ᠳᠠᠬᠢᠨ | ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠬᠤᠶᠠᠳᠤᠭᠠᠷ ᠳᠠᠪᠬᠤᠷᠭ᠎ᠠ ᠶᠢᠨ ᠠᠮᠢᠳᠤᠷᠠᠯ ᠤᠨ ᠠᠯᠪᠠᠨ | ᠲᠣᠭᠤᠷᠢᠭ ᠲᠤ ᠲᠤᠰᠬᠠᠶᠢᠯᠠᠨ ᠵᠡᠮᠳᠡᠭᠴᠦᠳ ᠲᠤ ᠬᠠᠶᠢᠷ᠎ᠠ ᠬᠠᠯᠠᠮᠵᠢ ᠬᠦᠷᠭᠡᠬᠦ ᠬᠤᠭᠤᠯᠠᠨ ᠭᠡᠷ᠂ ᠡᠳᠦᠷ | ᠲᠤᠲᠤᠮ ᠤᠨ ᠠᠰᠠᠷᠠᠨ ᠬᠠᠷᠠᠭᠠᠯᠵᠠᠬᠤ ᠭᠡᠷ ᠪᠣᠯᠤᠨ ᠠᠮᠠᠷᠠᠬᠤ ᠭᠡᠷ᠂ ᠮᠡᠷᠭᠡᠵᠢᠯ ᠴᠢᠳᠠᠪᠤᠷᠢ ᠶᠢᠨ | ᠪᠣᠯᠪᠠᠰᠤᠷᠠᠭᠤᠯᠤᠯ ᠤᠨ ᠭᠡᠷ᠂ ᠡᠷᠡᠭᠦᠯᠵᠢᠯ ᠪᠡᠶ᠎ᠡ ᠴᠢᠭᠢᠷᠠᠭᠵᠢᠭᠤᠯᠬᠤ ᠵᠤᠭ᠎ᠠ ᠴᠡᠩᠭᠡᠯ ᠤᠨ ᠠᠵᠢᠯᠯᠠᠭᠠᠨ ᠤ ᠭᠡᠷ ᠵᠡᠷᠭᠡ | ᠵᠡᠮᠳᠡᠭᠴᠦᠳ ᠤᠨ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠪᠠ᠃ ᠣᠳᠣᠬᠠᠨ ᠳᠤ ᠦᠢᠯᠡᠳᠬᠦᠨ ᠨᠢ ᠲᠣᠨᠤᠯᠵᠢᠨ | ᠬᠠᠳᠬᠤᠮᠠᠯ᠂ ᠰᠦᠵᠧᠦ ᠶᠢᠨ ᠬᠠᠳᠬᠤᠮᠠᠯ᠂ ᠡᠷᠢᠬᠡ ᠬᠢᠯᠬᠢᠬᠦ᠂ ᠬᠤᠸᠠᠷ ᠬᠠᠳᠬᠤᠬᠤ᠂ ᠬᠢᠲᠠᠳ ᠤᠨ ᠥᠯᠵᠡᠢ | ᠵᠠᠩᠭᠢᠶ᠎ᠠ᠂ ᠪᠥᠰ ᠤᠷᠠᠯᠠᠯ᠂ ᠮᠠᠰᠢᠨ ᠲᠡᠷᠭᠡᠨ ᠤ ᠳᠡᠪᠢᠰᠬᠡᠷ ᠵᠡᠷᠭᠡ ᠠᠷᠪᠠ ᠭᠠᠷᠤᠶ ᠵᠦᠢᠯ ᠤᠨ ᠪᠦᠲᠦᠭᠡᠭᠳᠡᠬᠦᠨ | ᠪᠠᠶᠢᠨ᠎ᠠ᠃ | | ︽ᠡᠨᠡ ᠬᠦ ᠲᠠᠪᠴᠠᠩ ᠤᠨ ᠴᠠᠯᠢᠩ ᠨᠢ ᠲᠡᠶᠢᠮᠦ ᠠᠷᠪᠢᠨ ᠪᠢᠰᠢ ᠪᠠᠶᠢᠵᠤ ᠮᠡᠳᠡᠨ᠎ᠡ᠂ ᠵᠡᠮᠳᠡᠭ ᠡᠭᠡᠴᠢ ᠥᠬᠢᠨ | ᠳᠡᠭᠦᠤ ᠨᠢᠭᠡᠪᠦᠷᠢ ᠨᠢᠭᠡ ᠰᠠᠷ᠎ᠠ ᠳᠤ 1000 ᠲᠥᠭᠦᠷᠢᠭ ᠣᠷᠴᠢᠮ ᠣᠯᠤᠨ᠎ᠠ᠃ ᠡᠨᠡ ᠨᠢ ᠨᠢᠭᠡᠨ ᠶᠠᠳᠠᠭᠤ | ᠬᠦᠴᠢᠷᠳᠡᠯᠲᠡᠶ ᠡᠷᠦᠬᠡ ᠶᠢᠨ ᠭᠡᠷ ᠪᠦᠯᠢ ᠳᠤ ᠠᠪᠴᠤ ᠬᠡᠯᠡᠪᠡᠯ ᠮᠥᠨ ᠴᠦ ᠨᠢᠭᠡᠨ ᠪᠠᠭ᠎ᠠ ᠪᠤᠰᠤ ᠣᠷᠣᠯᠭ᠎ᠠ ᠪᠣᠯᠬᠤ | ᠶᠤᠮ᠃ ᠬᠡᠳᠦᠢ ᠵᠣᠭᠤᠰ ᠣᠯᠬᠤ ᠨᠢ ᠭᠤᠣᠯ ᠪᠢᠰᠢ᠂ ᠭᠤᠣᠯ ᠨᠢ ᠲᠡᠳᠡᠨ ᠢ ᠭᠡᠷ ᠠᠴᠠ ᠨᠢ ᠭᠠᠷᠭᠠᠵᠤ᠂ ᠥᠪᠡᠷ ᠤᠨ | ᠦᠷᠳᠡᠭ ᠢ ᠨᠢ ᠮᠡᠳᠡᠷᠡᠭᠦᠯᠵᠦ ᠨᠡᠶᠢᠭᠡᠮ ᠤᠨ ᠳᠠᠷᠤᠭᠠᠰᠤ ᠪᠢᠰᠢ ᠪᠣᠯᠭᠠᠨ᠎ᠠ᠃ ᠪᠢᠳᠡ ᠤᠳᠤ ᠪᠣᠯ ᠨᠢᠭᠡᠨ ᠬᠠᠯᠠᠭᠤᠨ | ᠳᠤᠯᠠᠭᠠᠨ ᠶᠡᠭᠡ ᠭᠡᠷ ᠪᠦᠯᠢ᠂ ᠡᠨᠡ ᠶᠡᠭᠡ ᠭᠡᠷ ᠪᠦᠯᠢ ᠡᠳᠦᠷ ᠪᠦᠷᠢ ᠪᠦᠷ ᠬᠡᠳᠦᠨ ᠠᠷᠪᠠᠨ ᠬᠥᠮᠦᠨ ᠠᠳᠡ ᠢᠷᠡᠵᠦ | ᠰᠡᠳᠬᠢᠯ ᠰᠠᠨᠠᠭ᠎ᠠ ᠪᠠᠨ ᠣᠯᠣᠯᠴᠠᠨᠠ︕ ᠠᠵᠢᠯ ᠤᠨ ᠲᠠᠯ᠎ᠠ ᠪᠠᠷ ᠬᠢ ᠬᠠᠷᠢᠯᠴᠠᠨ ᠬᠠᠨᠰᠤᠷᠤᠯᠴᠠᠬᠤ ᠪᠠ ᠰᠤᠷᠤᠯᠴᠠᠬᠤ | ᠶᠠᠪᠤᠳᠠᠯ ᠠᠴᠠ ᠲᠡᠳᠡᠨ ᠤ ᠡᠳᠡᠭᠡᠷ ᠬᠤᠪᠢᠷᠠᠯᠲᠠ ᠶᠢ ᠬᠠᠷᠠᠭᠠᠳ᠂ ᠪᠢ ᠬᠤᠵᠢᠮ ᠤᠨ ᠠᠵᠢᠯ ᠳᠠᠭᠠᠨ ᠢᠲᠡᠭᠡᠯ | ᠲᠡᠭᠦᠯᠳᠡᠷ᠂ ᠨᠠᠩ ᠬᠠᠲᠠᠭᠤ ᠵᠣᠷᠢᠭ ᠲᠠᠢ᠂ ᠪᠢ ᠡᠷᠬᠡᠪᠰᠢ ᠲᠡᠳᠡᠨ ᠢ ᠬᠤᠵᠢᠮ ᠨᠠᠩ ᠰᠠᠶᠢᠨ ᠰᠠᠶᠢᠬᠠᠨ | ᠠᠮᠢᠳᠤᠷᠠᠭᠤᠯᠬᠤ ᠪᠠᠷ ᠴᠢᠷᠮᠠᠶᠢᠬᠤ ᠬᠡᠷᠡᠭᠲᠡᠢ᠃︾ ᠭᠡᠵᠦ ᠴᠢ ᠬᠠᠩ ᠤᠨᠬᠠᠷᠢᠭᠤᠴᠠᠯᠭᠠᠲᠠᠨ ᠵᠠᠩ ᠯᠢ ᠨᠠ ᠬᠡᠯᠡᠪᠡ᠃ | ᠣᠶᠢᠯᠠᠭᠠᠭᠰᠠᠨ ᠢᠶᠠᠷ᠂ ᠵᠠᠩ ᠯᠢ ᠨᠠ ᠨᠢᠭᠡᠨ ᠵᠡᠮᠳᠡᠭ ᠬᠥᠮᠦᠨ ᠪᠣᠯᠤᠭᠰᠠᠨ ᠤ ᠬᠤᠪᠢ ᠳᠤ᠂ ᠵᠡᠮᠳᠡᠭᠴᠦᠳ ᠢ | ᠲᠤᠰᠠᠯᠠᠬᠤ᠂ ᠵᠡᠮᠳᠡᠭᠴᠦᠳ ᠢ ᠲᠡᠳᠬᠦᠬᠦ ᠲᠠᠯ᠎ᠠ ᠪᠠᠷ ᠳᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠢᠶᠠᠷ ᠪᠠᠷᠠᠬᠤ | ᠦᠭᠡᠢ᠂ 2019 ᠣᠨ ᠳᠤ ᠪᠠᠰᠠ ᠶᠠᠳᠠᠭᠤ ᠶᠢ ᠲᠡᠳᠬᠦᠬᠦ ᠠᠵᠢᠯ ᠳᠤ ᠢᠳᠡᠪᠬᠢᠲᠡᠢ ᠣᠷᠣᠯᠴᠠᠵᠤ᠂ 60 ᠡᠷᠦᠬᠡ | ᠶᠠᠳᠠᠭᠤ ᠬᠦᠴᠢᠷᠳᠡᠯᠲᠡᠶ ᠵᠡᠮᠳᠡᠭᠴᠦᠳ ᠢ ᠳᠠᠭᠠᠭᠠᠨ ᠲᠡᠳᠬᠦᠵᠦ᠂ ᠲᠡᠳᠡᠨ ᠤ ᠠᠮᠢᠳᠤᠷᠠᠯ ᠤᠨ ᠲᠠᠯ᠎ᠠ᠂ ᠣᠶᠤᠨ | ᠰᠠᠨᠠᠭᠠᠨ ᠤ ᠲᠠᠯ᠎ᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠠᠯ᠎ᠠ ᠵᠡᠷᠭᠡ ᠠᠯᠢ ᠣᠯᠠᠨ ᠬᠠᠪᠰᠤᠷᠤᠨ | ᠲᠡᠳᠬᠦᠬᠦ ᠲᠥᠷᠥᠯ ᠵᠦᠢᠯ ᠢ ᠦᠷᠭᠦᠯᠵᠢᠯᠡᠨ ᠬᠠᠩᠭᠠᠪᠠ᠃ ᠲᠡᠷᠡ ᠬᠥᠩᠭᠡᠪᠲᠦᠷ ᠵᠡᠮᠳᠡᠭᠴᠦᠳ ᠢᠶᠠᠷ ᠬᠦᠨᠳᠦ | ᠵᠡᠮᠳᠡᠭᠴᠦᠳ ᠲᠤ ᠦᠢᠯᠡᠴᠢᠯᠡᠬᠦ ᠵᠡᠮᠳᠡᠭᠴᠦᠳ ᠢᠶᠠᠷ ᠵᠡᠮᠳᠡᠭᠴᠦᠳ ᠢ ᠲᠤᠰᠠᠯᠠᠬᠤ ᠪᠠ ᠠᠰᠠᠷᠠᠨ ᠬᠠᠷᠠᠭᠠᠯᠵᠠᠬᠤ | ᠠᠵᠢᠯᠯᠠᠭ᠎ᠠ ᠶᠢ ᠰᠠᠨᠠᠭᠠᠴᠢᠯᠠᠵᠤ᠂ ᠬᠥᠩᠭᠡᠨ ᠵᠡᠮᠳᠡᠭᠴᠦᠳ ᠤᠨ ᠥᠪᠡᠷ ᠤᠨ ᠥᠷᠲᠡᠭ ᠢ ᠨᠢ ᠢᠯᠡᠷᠡᠭᠦᠯᠦᠭᠰᠡᠨ ᠢᠶᠠᠷ | ᠪᠠᠷᠠᠬᠤ ᠦᠭᠡᠢ᠂ ᠬᠦᠨᠳᠦ ᠵᠡᠮᠳᠡᠭᠴᠦᠳ ᠲᠤ ᠨᠠᠩ ᠢᠯᠡᠭᠦᠦ ᠠᠰᠢᠭ ᠬᠦᠷᠲᠡᠭᠡᠵᠦ᠂ ᠲᠡᠳᠡᠨ ᠢ ᠳᠠᠬᠢᠨ | ᠭᠠᠭᠴᠠᠭᠠᠷᠳᠠᠭᠤᠯᠬᠤ ᠦᠭᠡᠢ ᠪᠣᠯᠭᠠᠵᠠᠢ᠃ | ᠳᠤᠷᠠᠳᠤᠭᠤᠰᠢᠲᠠᠶ ᠵᠦᠢᠯ ᠭᠡᠪᠡᠯ᠂ ᠵᠠᠩ ᠯᠢ ᠨᠠ ᠵᠡᠮᠳᠡᠭ ᠡᠭᠡᠴᠢ ᠳᠡᠭᠦᠤ ᠶᠢᠨ ᠳᠠᠭᠠᠭᠤᠯᠤᠭᠴᠢ ᠪᠣᠯᠤᠭᠰᠠᠨ ᠡᠨᠡ | 10 ᠵᠢᠯ ᠤᠨ ᠳᠣᠲᠣᠷ᠎ᠠ ᠲᠡᠷᠡ ᠥᠪᠡᠷ ᠤᠨ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠪᠠᠨ ᠦᠷᠭᠡᠳᠬᠡᠵᠦ᠂ | ᠺᠣᠮᠫᠠᠨᠢ ᠨᠢ ᠡᠳᠦᠷ ᠲᠤᠲᠤᠮ ᠤᠨ ᠦᠢᠯᠡᠳᠪᠦᠷᠢᠯᠡᠯ ᠡᠵᠡᠩᠨᠡᠯᠲᠡ ᠠᠴᠠ ᠭᠠᠳᠠᠨ᠎ᠠ᠂ ᠪᠠᠰᠠ ᠤᠯᠠᠭᠠᠨᠴᠠᠪ ᠬᠤᠲᠠ ᠶᠢᠨ | ᠵᠡᠮᠳᠡᠭᠴᠦᠳ ᠤᠨ ᠬᠤᠯᠪᠤᠭᠠᠨ ᠳᠤ 8 ᠵᠡᠮᠳᠡᠭ ᠲᠠᠮᠢᠷᠴᠢᠨ ᠢ ᠰᠣᠩᠭᠤᠨ ᠥᠭᠴᠦ᠂ ᠲᠡᠳᠡ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠬᠤᠭᠤᠴᠠᠭᠠᠨ ᠤ ᠵᠡᠮᠳᠡᠭᠴᠦᠳ ᠤᠨ ᠲᠠᠮᠢᠷ ᠤᠨ ᠴᠤᠭᠯᠠᠭᠠᠨ ᠳᠡᠭᠡᠷ᠎ᠡ᠂ | ᠡᠮᠡᠭᠲᠡᠶ ᠶᠢᠨ ᠬᠦᠨᠳᠦ ᠬᠥᠩᠭᠡᠨ ᠲᠠᠮᠢᠷ ᠤᠨ ᠤᠷᠤᠯᠳᠤᠭᠠᠨ ᠤ ︵100᠂ 200 ᠮᠧᠲᠷ︶ 2 ᠠᠯᠲᠠᠨ ᠮᠧᠳᠠᠯ᠂ | ᠡᠷᠡᠭᠲᠡᠢ ᠶᠢᠨ ᠬᠦᠨᠳᠦ ᠬᠥᠩᠭᠡᠨ ᠲᠠᠮᠢᠷ ᠤᠨ ᠤᠷᠤᠯᠳᠤᠭᠠᠨ ᠤ ︵400᠂ 1500 ᠮᠧᠲᠷ︶ 2 ᠮᠥᠩᠭᠦᠨ | ᠮᠧᠲᠠᠯ ᠤᠨ ᠰᠢᠯᠢᠳᠡᠭ ᠬᠢᠷᠢ ᠪᠦᠲᠦᠮᠵᠢ ᠶᠢ ᠣᠯᠵᠠᠶ᠃ | ᠡᠨᠡ ᠵᠢᠯ ᠤᠨ 2 ᠰᠠᠷ᠎ᠠ ᠳᠤ᠂ ᠵᠠᠩ ᠯᠢ ᠨᠠ ᠪᠠᠰᠠ ᠬᠤᠸᠠᠳᠧ ᠰᠢᠶᠠᠨ ᠤ ᠵᠡᠮᠳᠡᠭᠴᠦᠳ ᠤᠨ ᠬᠠᠷᠢᠯᠴᠠᠨ | ᠬᠠᠪᠰᠤᠷᠤᠯᠴᠠᠬᠤ ᠨᠡᠶᠢᠭᠡᠮᠯᠢᠭ ᠢ ᠪᠠᠶᠢᠭᠤᠯᠵᠤ᠂ ᠭᠠᠳᠠᠭᠰᠢ ᠪᠠᠰᠠ ᠸᠧᠨ ᠰᠢᠨ ᠬᠠᠭᠤᠷᠠᠶ ᠪᠠᠷ ᠤᠬᠢᠶᠠᠬᠤ ᠲᠥᠪ | ᠡᠵᠡᠩᠨᠡᠵᠡᠢ᠂ ᠨᠡᠶᠢᠭᠡᠮᠯᠢᠭ ᠠᠴᠠ ᠨᠠᠩ ᠣᠯᠠᠨ ᠶᠠᠳᠠᠭᠤ ᠬᠦᠴᠢᠷᠳᠡᠯᠲᠡᠶ ᠬᠡᠷ ᠪᠦᠯᠢ ᠶᠢᠨ ᠵᠡᠮᠳᠡᠭᠴᠦᠳ ᠲᠤ ᠠᠵᠢᠯ | ᠣᠯᠭᠤᠯᠲᠠ ᠶᠢᠨ ᠠᠵᠢᠯ ᠤᠨ ᠪᠠᠶᠢᠷᠢ ᠪᠠ ᠲᠠᠪᠴᠠᠩ ᠬᠠᠩᠭᠠᠵᠤ᠂ ᠶᠠᠳᠠᠭᠤ ᠬᠦᠴᠢᠷᠳᠡᠯᠲᠡᠶ ᠬᠡᠷ ᠪᠦᠯᠢ ᠶᠢᠨ | ᠵᠡᠮᠳᠡᠭᠴᠦᠳ ᠤᠨ ᠬᠡᠷ ᠪᠦᠯᠢ ᠳᠤ ᠨᠠᠩ ᠣᠯᠠᠨ ᠪᠠᠶᠠᠷ ᠪᠠᠶᠠᠰᠤᠯ ᠪᠠ ᠦᠢᠯᠡᠴᠢᠯᠡᠭᠡ ᠬᠠᠩᠭᠠᠬᠤ ᠪᠣᠯᠤᠨ᠎ᠠ᠃ | | ︽ᠪᠢᠳᠡ ᠵᠡᠮᠳᠡᠭᠴᠦᠳ ᠤᠨ ᠬᠠᠷᠢᠯᠴᠠᠨ ᠬᠠᠪᠰᠤᠷᠤᠯᠴᠠᠬᠤ ᠨᠡᠶᠢᠭᠡᠮᠯᠢᠭ ᠢ ᠪᠠᠶᠢᠭᠤᠯᠤᠭᠰᠠᠨ ᠨᠢ ᠭᠤᠤᠯᠳᠠᠭᠤ | ᠰᠣᠶᠣᠯ ᠤᠨ ᠪᠠᠯᠠᠶ ᠶᠢ ᠠᠷᠢᠯᠭᠠᠬᠤ ᠪᠣᠯᠪᠠᠰᠤᠷᠠᠯ᠂ ᠬᠡᠷᠡᠭᠯᠡᠭᠡᠨ ᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ | ᠵᠡᠷᠭᠡ ᠪᠠᠷ ᠳᠡᠮᠵᠢᠨ᠂ ᠨᠠᠩ ᠣᠯᠠᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠵᠡᠮᠳᠡᠭᠴᠦᠳ ᠲᠤ ᠠᠵᠢᠯ ᠣᠯᠭᠤᠬᠤ | ᠲᠣᠬᠢᠶᠠᠯ ᠣᠯᠭᠤᠵᠤ᠂ ᠥᠪᠡᠷ ᠤᠨ ᠬᠥᠳᠡᠯᠮᠦᠷᠢ ᠳᠡᠭᠡᠨ ᠲᠦᠰᠢᠭᠯᠡᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠶᠢ | ᠪᠡᠶᠡᠯᠡᠭᠦᠯᠬᠦ ᠭᠡᠰᠡᠨ ᠶᠤᠮ︾ ᠭᠡᠵᠦ ᠴᠢ ᠬᠠᠩ ᠤᠨ ᠬᠠᠷᠢᠭᠤᠴᠠᠯᠭᠠᠲᠠᠨ ᠵᠠᠩ ᠯᠢ ᠨᠠ ᠬᠡᠯᠡᠪᠡ᠃ | ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠠᠶᠢᠷ᠎ᠠ ᠬᠠᠯᠠᠮᠵᠢ ᠪᠠᠨ ᠬᠠᠷᠠᠮ ᠦᠭᠡᠢ ᠡᠷᠭᠦᠭᠰᠡᠭᠡᠷ᠃ ᠬᠤᠸᠠᠳᠧ | ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠦᠬᠦ ᠬᠦᠴᠦ ᠪᠠᠷ ᠢᠶᠠᠨ ᠶᠠᠳᠠᠭᠤ ᠶᠢ ᠲᠡᠳᠬᠦᠵᠦ ᠠᠪᠤᠷᠠᠨ | ᠲᠤᠰᠠᠯᠠᠬᠤ ᠢᠨᠵᠧᠨᠧᠷᠢᠩ ᠢ ᠬᠡᠷᠡᠭᠵᠢᠭᠦᠯᠵᠦ᠂ ᠵᠡᠮᠳᠡᠭᠴᠦᠳ ᠲᠤ ᠠᠵᠤ ᠠᠬᠤᠶ ᠨᠡᠶᠢᠭᠡᠮ ᠤᠨ ᠥᠭᠡᠷᠡᠴᠢᠯᠡᠯᠲᠡ | ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠬᠠᠪᠰᠤᠷᠤᠯᠭ᠎ᠠ ᠳᠣᠤᠷ᠎ᠠ᠂ ᠵᠠᠩ ᠯᠢ ᠨᠠ ᠥᠪᠡᠷ ᠤᠨ | ᠵᠡᠮᠳᠡᠭ ᠪᠡᠶ᠎ᠡ ᠮᠠᠬᠠᠪᠣᠳ ᠢᠶᠠᠷ ᠢᠶᠠᠨ ᠵᠡᠮᠳᠡᠭᠴᠦᠳ ᠲᠤ ᠭᠡᠭᠡᠨ ᠰᠠᠷᠠᠭᠤᠯ ᠵᠠᠮ ᠨᠡᠭᠡᠭᠡᠨ ᠥᠭᠴᠦ᠂ ᠦᠨᠡᠨ ᠰᠡᠳᠬᠢᠯ᠂ | ᠬᠠᠶᠢᠷ᠎ᠠ ᠰᠡᠳᠬᠢᠯᠭᠡ ᠪᠠᠷ ᠠᠯᠢ ᠤᠯᠠᠨ ᠵᠡᠮᠳᠡᠭ ᠬᠥᠮᠦᠨ ᠤ ᠬᠦᠰᠡᠯ ᠵᠡᠭᠦᠳᠦ ᠶᠢ ᠲᠡᠷᠭᠡᠯᠰᠢᠭᠦᠯᠵᠦ᠂ ᠠᠯᠢ ᠤᠯᠠᠨ | ᠶᠠᠳᠠᠭᠤ ᠬᠦᠴᠢᠷᠳᠡᠯᠲᠡᠢ ᠭᠡᠷ ᠪᠦᠯᠢ ᠶᠢᠨ ᠵᠡᠮᠳᠡᠭᠴᠦᠳ ᠤᠨ ᠵᠣᠯ ᠵᠢᠷᠭᠠᠯᠲᠤ ᠠᠮᠢᠳᠤᠷᠠᠯ ᠢ ᠬᠡᠷᠡᠯᠳᠦᠭᠦᠯᠪᠡ᠃ ᠡᠲᠡᠭᠡᠷ | ᠬᠦᠰᠡᠯ ᠲᠡᠮᠦᠯᠡᠯ ᠨᠢ ᠲᠦᠢᠯ ᠤᠨ ᠡᠭᠡᠯ ᠶᠡᠷᠦᠮᠳᠡᠭ ᠪᠠᠶᠢᠵᠤ ᠮᠡᠳᠡᠨ᠎ᠡ᠂ ᠡᠲᠡᠭᠡᠷ ᠠᠮᠢᠳᠤᠷᠠᠯ ᠨᠢ ᠪᠠᠰᠠ ᠲᠦᠢᠯ ᠤᠨ | ᠡᠩ ᠤᠨ ᠪᠠᠶᠢᠵᠤ ᠮᠡᠳᠡᠨ᠎ᠡ᠃ ᠭᠡᠪᠡᠴᠦ ᠬᠦᠰᠡᠯ ᠲᠡᠮᠦᠯᠡᠯ ᠵᠦᠭ ᠢᠶᠠᠨ ᠵᠣᠷᠢᠳᠠᠭ ᠯᠠ ᠶᠤᠮ ᠪᠣᠯ᠂ ᠭᠡᠷᠡᠯ ᠭᠢᠯᠪᠠᠭ᠎ᠠ | ᠰᠠᠴᠤᠷᠠᠬᠤ ᠨᠢ ᠳᠠᠮᠵᠢᠭ ᠦᠭᠡᠢ᠃ | ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ | ᠣᠷᠴᠢᠭᠤᠯᠤᠭᠴᠢ᠄ ᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | | | | |