2019 ᠣᠨ ᠤ 6 ᠰᠠᠷ᠎ᠠ ᠶᠢᠨ 26 ᠤ ᠡᠳᠦᠷ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠬᠡᠷ ︽ᠬᠤᠸᠠᠳᠧ ᠰᠢᠶᠠᠨ ᠤ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠬᠠᠷᠠᠯᠲᠠᠲᠤ ᠡᠭᠦᠷᠭᠡ ᠶᠢᠨ | ᠤᠯᠠᠷᠢᠯ ᠤᠨ ᠲᠣᠭᠠᠴᠠᠭ᠎ᠠ ᠬᠢᠵᠦ ᠤᠷᠢᠳᠴᠢᠯᠠᠨ ᠰᠡᠷᠡᠮᠵᠢᠯᠡᠭᠦᠯᠬᠦ ᠲᠣᠬᠢᠷᠠᠭᠤᠯᠤᠯᠲᠠ ᠶᠢᠨ ᠠᠷᠭ᠎ᠠ︾ ︵ᠬᠤᠸᠠᠳᠧ | ᠵᠠᠰᠠᠭ ᠠᠯᠪᠠᠨ ᠲᠠᠷᠬᠠᠭᠠᠭᠰᠠᠨ︹ 2019 ︺ 34 ᠳ᠋ᠦ᠋ᠭᠡᠷ ᠲᠣᠭᠠᠲᠤ᠂ ᠳᠣᠷᠣᠭᠰᠢ ︽ᠠᠷᠭ᠎ᠠ︾ ᠭᠡᠵᠦ | ᠲᠣᠪᠴᠢᠯᠠᠨ᠎ᠠ︶ ᠶᠢ ᠨᠢᠭᠡᠨᠲᠡ ᠳᠠᠷᠤᠮᠠᠯᠯᠠᠨ ᠲᠠᠷᠬᠠᠭᠠᠪᠠ᠂ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢ ᠳᠣᠤᠷᠠᠬᠢ | ᠮᠡᠲᠦ ᠲᠠᠶᠢᠯᠪᠤᠷᠢᠯᠠᠶ᠎ᠠ᠃ | ᠨᠢᠭᠡ᠂ ᠲᠤᠭᠤᠷᠪᠢᠭᠰᠠᠨ ᠠᠬᠤᠶ ᠪᠠᠶᠢᠳᠠᠯ | ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠬᠦᠴᠦᠯᠡᠴᠡ ᠶᠢ ᠪᠠᠭᠤᠷᠠᠭᠤᠯᠵᠤ᠂ ᠡᠨᠧᠷᠭᠢ ᠶᠢᠨ ᠠᠰᠢᠭᠯᠠᠮᠵᠢ ᠶᠢ | ᠳᠡᠭᠡᠭᠰᠢᠯᠡᠭᠦᠯᠬᠦ ᠶᠢᠨ ᠲᠥᠯᠥᠭᠡ᠂ ᠪᠦᠲᠦᠮᠵᠢᠲᠡᠶ ᠤᠷᠮᠠᠰᠢᠭᠤᠯᠬᠤ ᠪᠠ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶ | ᠨᠠᠶᠢᠳᠠᠪᠤᠷᠢᠵᠢᠭᠤᠯᠵᠤ᠂ ᠳᠡᠭᠡᠳᠤ ᠱᠠᠲᠤᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠮᠠᠨ ᠤ | ᠰᠢᠶᠠᠨ ᠤ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠪᠣᠳᠠᠲᠠᠶ ᠠᠵᠢᠯ ᠤᠨ ᠪᠠᠶᠢᠳᠠᠯ ᠲᠠᠢ ᠤᠶᠠᠯᠳᠤᠭᠤᠯᠵᠤ᠂ | ᠪᠦᠬᠦ ᠰᠢᠶᠠᠨ ᠤ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠬᠠᠷᠠᠯᠲᠠᠲᠤ ᠡᠭᠦᠷᠭᠡ ᠳᠤ ᠤᠯᠠᠷᠢᠯ ᠤᠨ | ᠲᠣᠭᠠᠴᠠᠭ᠎ᠠ ᠬᠢᠵᠦ ᠤᠷᠢᠳᠴᠢᠯᠠᠨ ᠰᠡᠷᠡᠮᠵᠢᠯᠡᠭᠦᠯᠬᠦ ᠲᠣᠬᠢᠷᠠᠭᠤᠯᠬᠤ ᠲᠣᠭᠲᠠᠴᠠ ᠶᠢ ᠬᠡᠷᠡᠭᠵᠢᠭᠦᠯᠪᠡ᠃ | ᠬᠤᠶᠠᠷ᠂ ︽ᠠᠷᠭ᠎ᠠ︾ ᠶᠢᠨ ᠭᠤᠤᠯ ᠠᠭᠤᠯᠭ᠎ᠠ | ︵ᠨᠢᠭᠡ︶ ᠡᠯ᠎ᠡ ᠰᠢᠶᠠᠩ ᠪᠠᠯᠭᠠᠰᠤᠨ ᠤ ᠡᠨᠧᠷᠭᠢ ᠠᠷᠪᠢᠯᠠᠵᠤ ᠬᠤᠷᠣᠭᠳᠠᠭᠤᠯᠭ᠎ᠠ ᠶᠢ ᠪᠠᠭᠤᠷᠠᠭᠤᠯᠬᠤ ᠠᠵᠢᠯ ᠤᠨ | ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ | ᠡᠯ᠎ᠡ ᠰᠢᠶᠠᠩ ᠪᠠᠯᠭᠠᠰᠤᠨ ᠤ ᠡᠨᠧᠷᠭᠢ ᠠᠷᠪᠢᠯᠠᠬᠤ ᠬᠠᠷᠠᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠪᠣᠯ ᠵᠠᠰᠠᠭ ᠤᠨ | ᠣᠷᠳᠣᠨ ᠤ ᠭᠤᠣᠯ ᠤᠳᠤᠷᠢᠳᠤᠯᠭ᠎ᠠ ᠪᠣᠯᠤᠨ᠎ᠠ᠂ ᠰᠢᠶᠠᠨ ᠤ ᠵᠠᠰᠠᠭ ᠤᠨ ᠣᠷᠳᠣᠨ ᠤ ᠪᠠᠭᠤᠯᠭᠠᠭᠰᠠᠨ ᠣᠨ ᠤ | ᠬᠠᠷᠠᠯᠲᠠᠲᠤ ᠡᠭᠦᠷᠭᠡ ᠶᠢ ᠦᠨᠳᠦᠰᠦᠯᠡᠨ᠂ ᠤᠯᠠᠷᠢᠯ ᠢᠶᠠᠷ ᠬᠠᠷᠠᠯᠲᠠ ᠪᠠᠨ ᠪᠡᠶᠡᠯᠡᠭᠦᠯᠦᠭᠰᠡᠨ ᠪᠠᠶᠢᠳᠠᠯ ᠳᠤ ᠲᠣᠭᠠᠴᠠᠭ᠎ᠠ | ᠬᠢᠵᠦ ᠵᠠᠳᠠᠯᠤᠯᠲᠠ ᠪᠠ ᠲᠣᠬᠢᠷᠠᠭᠤᠯᠤᠯᠲᠠ ᠬᠢᠵᠦ᠂ ᠲᠡᠷᠡᠴᠢᠯᠡᠨ ᠰᠡᠷᠡᠮᠵᠢᠯᠡᠭᠦᠯᠬᠦ ᠮᠡᠳᠡᠭᠳᠡᠯ ᠨᠡᠶᠢᠲᠡᠯᠡᠨ᠎ᠡ᠃ | ︵ᠬᠤᠶᠠᠷ︶ ᠡᠨᠧᠷᠭᠢ ᠠᠷᠪᠢᠯᠠᠬᠤ ᠬᠠᠷᠠᠯᠲᠠ ᠶᠢᠨ ᠰᠡᠷᠡᠮᠵᠢᠯᠡᠭᠦᠯᠬᠦ ᠳᠡᠰ ᠬᠤᠪᠢᠶᠠᠬᠤ | ᠨᠢᠭᠡᠳᠦᠭᠡᠷ ᠲᠡᠰ ᠤᠨ ᠤᠷᠢᠳᠴᠢᠯᠠᠨ ᠰᠡᠷᠡᠮᠵᠢᠯᠡᠭᠦᠯᠬᠦ ᠨᠢ ᠨᠢᠭᠡᠴᠢ GDP ᠶᠢᠨ ᠡᠨᠧᠷᠭᠢ ᠶᠢᠨ ᠬᠤᠷᠣᠭᠳᠠᠯ ᠤᠨ | ᠬᠤᠷᠳᠤᠴᠠ ᠶᠢ ᠪᠠᠭᠤᠷᠠᠭᠤᠯᠬᠤ ᠦᠭᠡᠢ ᠮᠥᠷᠲᠡᠭᠡᠨ ᠭᠡᠳᠡᠷᠭᠦ ᠪᠠᠨ ᠳᠡᠭᠡᠭᠰᠢᠯᠡᠬᠦ ᠪᠤᠶᠤ ᠣᠨ ᠤ ᠡᠨᠧᠷᠭᠢ ᠠᠷᠪᠢᠯᠠᠬᠤ | ᠬᠠᠷᠠᠯᠲᠠ ᠶᠢᠨ ᠱᠠᠭᠠᠷᠳᠠᠯᠭ᠎ᠠ ᠠᠴᠠ ᠳᠣᠣᠷ᠎ᠠ ᠪᠠᠶᠢᠬᠤ ᠶᠢ ᠬᠠᠮᠤᠭ ᠤᠨ ᠳᠡᠭᠡᠳᠦ ᠤᠷᠢᠳᠴᠢᠯᠠᠨ ᠰᠡᠷᠡᠮᠵᠢᠯᠡᠭᠦᠯᠬᠦ ᠲᠡᠰ︔ | ᠬᠤᠶᠠᠳᠤᠭᠠᠷ ᠳᠡᠰ ᠤᠨ ᠤᠷᠢᠳᠴᠢᠯᠠᠨ ᠰᠡᠷᠡᠮᠵᠢᠯᠡᠭᠦᠯᠦᠯ ᠨᠢ ᠨᠢᠭᠡᠴᠢ GDP ᠶᠢᠨ ᠡᠨᠧᠷᠭᠢ ᠶᠢᠨ ᠬᠤᠷᠣᠭᠳᠠᠯ ᠤᠨ | ᠬᠤᠷᠳᠤᠴᠠ ᠶᠢ ᠪᠠᠭᠤᠷᠠᠭᠤᠯᠤᠨ ᠲᠡᠩᠴᠡᠭᠦᠷᠢᠰᠢᠭᠦᠯᠬᠦ ᠪᠤᠶᠤ ᠣᠨ ᠤ ᠡᠨᠧᠷᠭᠢ ᠠᠷᠪᠢᠯᠠᠬᠤ ᠬᠠᠷᠠᠯᠲᠠ ᠠᠴᠠ ᠪᠠᠭ᠎ᠠ | ᠦᠨᠳᠦᠷ ᠪᠠᠶᠢᠯᠭᠠᠬᠤ︔ ᠭᠤᠷᠪᠠᠳᠤᠭᠠᠷ ᠳᠡᠰ ᠤᠨ ᠤᠷᠢᠳᠴᠢᠯᠠᠨ ᠰᠡᠷᠡᠮᠵᠢᠯᠡᠭᠦᠯᠦᠯ ᠨᠢ ᠨᠢᠭᠡᠴᠢ GDP ᠶᠢᠨ | ᠡᠨᠧᠷᠭᠢ ᠶᠢᠨ ᠬᠤᠷᠣᠭᠳᠠᠯ ᠤᠨ ᠬᠤᠷᠳᠤᠴᠠ ᠨᠢ ᠣᠨ ᠤ ᠪᠠᠭᠤᠷᠠᠬᠤ ᠬᠤᠷᠳᠤᠴᠠ ᠶᠢᠨ ᠱᠠᠭᠠᠷᠳᠠᠯᠭ᠎ᠠ ᠠᠴᠠ ᠥᠨᠳᠥᠷ | ᠪᠠᠶᠢᠬᠤ ᠬᠡᠷᠡᠭᠲᠡᠶ᠃ | ︵ᠭᠤᠷᠪᠠ︶ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠭᠲᠠᠭᠠᠨ᠎ᠠ | ᠨᠢᠭᠡᠴᠢ GDP ᠶᠢᠨ ᠡᠨᠧᠷᠭᠢ ᠶᠢᠨ ᠬᠤᠷᠣᠭᠳᠠᠭᠤᠯᠭ᠎ᠠ ᠶᠢᠨ ᠤᠯᠠᠷᠢᠯ ᠤᠨ ᠲᠣᠭᠠᠴᠠᠭ᠎ᠠ ᠬᠢᠬᠦ᠂ | ᠰᠡᠷᠡᠮᠵᠢᠯᠡᠭᠦᠯᠦᠨ ᠵᠠᠳᠠᠯᠬᠤ ᠪᠠ ᠲᠣᠬᠢᠷᠠᠭᠤᠯᠬᠤ ᠠᠵᠢᠯ ᠢ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠂ ᠲᠤᠭ᠎ᠠ ᠪᠦᠷᠢᠳᠬᠡᠯ ᠤᠨ ᠲᠣᠪᠴᠢᠶ᠎ᠠ᠂ ᠠᠵᠤ ᠦᠢᠯᠡᠳᠪᠤᠷᠢ ᠮᠡᠳᠡᠭᠡ ᠵᠠᠩᠭᠢ ᠶᠢᠨ ᠲᠣᠪᠴᠢᠶ᠎ᠠ᠂ ᠴᠠᠬᠢᠯᠭᠠᠨ ᠤ | ᠦᠢᠯᠡᠰ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠲᠤᠪᠠᠷ ᠬᠠᠷᠢᠭᠤᠴᠠᠨ᠎ᠠ᠃ ᠰᠢᠶᠠᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ ᠰᠢᠶᠠᠨ ᠤ ᠲᠤᠭ᠎ᠠ | ᠪᠦᠷᠢᠳᠬᠡᠯ ᠤᠨ ᠲᠣᠪᠴᠢᠶ᠎ᠠ ᠪᠦᠬᠦ ᠰᠢᠶᠠᠨ ᠤ GDP ᠶᠢᠨ ᠲᠣᠭᠠᠴᠠᠭ᠎ᠠ ᠬᠢᠬᠦ ᠵᠡᠷᠭᠡ ᠠᠵᠢᠯ ᠢ ᠬᠠᠷᠢᠭᠤᠴᠠᠵᠤ᠂ | ᠰᠢᠶᠠᠨ ᠤ ᠠᠵᠤ ᠦᠢᠯᠡᠳᠪᠤᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠦᠬᠦ ᠰᠢᠶᠠᠨ ᠤ ᠠᠵᠤ ᠦᠢᠯᠡᠳᠪᠤᠷᠢ ᠶᠢᠨ | ᠡᠨᠧᠷᠭᠢ ᠠᠷᠪᠢᠯᠠᠬᠤ ᠠᠵᠢᠯ ᠢ ᠬᠠᠷᠢᠭᠤᠴᠠᠵᠦ᠂ ᠰᠢᠶᠠᠨ ᠤ ᠴᠠᠬᠢᠯᠭᠠᠨ ᠤ ᠦᠢᠯᠡᠰ ᠤᠨ ᠲᠣᠪᠴᠢᠶ᠎ᠠ ᠤᠯᠠᠷᠢᠯ | ᠪᠦᠷᠢ ᠶᠢᠨ ᠴᠠᠬᠢᠯᠭᠠᠨ ᠬᠡᠷᠡᠭᠯᠡᠬᠦ ᠬᠡᠮᠵᠢᠶ᠎ᠡ ᠶᠢ ᠬᠠᠩᠭᠠᠬᠤ ᠶᠢ ᠬᠠᠷᠢᠭᠤᠴᠠᠨ᠎ᠠ᠃ ᠤᠯᠠᠷᠢᠯ ᠢᠶᠠᠷ ᠲᠣᠭᠠᠴᠠᠭ᠎ᠠ ᠬᠢᠵᠦ | ᠵᠠᠳᠠᠯᠬᠤ ᠪᠠᠷ ᠳᠠᠮᠵᠢᠭᠤᠯᠤᠨ᠂ ᠡᠨᠧᠷᠭᠢ ᠠᠷᠪᠢᠯᠠᠬᠤ ᠬᠠᠷᠠᠯᠲᠠ ᠶᠢ ᠪᠡᠶᠡᠯᠡᠭᠦᠯᠦᠭᠡ ᠦᠭᠡᠢ ᠰᠢᠶᠠᠩ ᠪᠠᠯᠭᠠᠰᠤ ᠳᠤ | ᠰᠡᠷᠡᠮᠵᠢᠯᠡᠭᠦᠯᠬᠦ ᠠᠵᠢᠯ ᠬᠢᠵᠦ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ | ᠨᠡᠶᠢᠲᠡᠯᠡᠨ᠎ᠡ᠃ ᠰᠢᠶᠠᠨ ᠤ ᠵᠠᠰᠠᠭ ᠤᠨ ᠣᠷᠳᠣᠨ ᠡᠨᠧᠷᠭᠢ ᠠᠷᠪᠢᠯᠠᠬᠤ ᠬᠠᠷᠠᠯᠲᠠᠲᠤ ᠡᠭᠦᠷᠭᠡ ᠶᠢᠨ ᠪᠠᠶᠢᠳᠠᠯ ᠬᠦᠨᠳᠦ | ᠨᠣᠴᠢᠲᠠᠢ ᠪᠠᠶᠢᠭ᠎ᠠ ᠰᠢᠶᠠᠩ ᠪᠠᠯᠭᠠᠰᠤ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠲᠠᠢ ᠪᠣᠯᠵᠣᠨ ᠶᠠᠷᠢᠯᠴᠠᠵᠤ᠂ | ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠣᠨ ᠤ ᠬᠠᠷᠠᠯᠲᠠᠲᠤ ᠡᠭᠦᠷᠭᠡ ᠶᠢ ᠪᠡᠶᠡᠯᠡᠭᠦᠯᠦᠭᠰᠡᠨ ᠦᠭᠡᠢ ᠰᠢᠶᠠᠩ | ᠪᠠᠯᠭᠠᠰᠤ᠂ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ | ᠭᠤᠷᠪᠠ᠂ ᠠᠵᠢᠯ ᠤᠨ ᠱᠠᠭᠠᠷᠳᠠᠯᠭ᠎ᠠ | ︽ᠠᠷᠭ᠎ᠠ︾ ᠳᠤ ᠭᠤᠤᠯᠳᠠᠭᠤ ᠳᠣᠤᠷᠠᠬᠢ ᠮᠡᠲᠦ ᠠᠵᠢᠯ ᠤᠨ ᠱᠠᠭᠠᠷᠳᠠᠯᠭ᠎ᠠ ᠲᠠᠢ᠃ ᠨᠢᠭᠡ ᠳᠤ᠂ ᠡᠯ᠎ᠡ ᠰᠢᠶᠠᠩ | ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠨᠢᠭᠡᠴᠡ ᠶᠢ ᠲᠠᠨᠢᠯᠲᠠ ᠪᠠᠨ ᠳᠡᠭᠡᠭᠰᠢᠯᠡᠭᠦᠯᠵᠦ᠂ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠵᠦᠢᠯ ᠤᠨ ᠠᠵᠢᠯ ᠢᠶᠠᠨ ᠦᠨᠡᠨ ᠬᠦ ᠰᠠᠶᠢᠲᠤᠷ ᠬᠢᠬᠦ ᠬᠡᠷᠡᠭᠲᠡᠶ ᠭᠡᠵᠦ | ᠱᠠᠭᠠᠷᠳᠠᠵᠠᠶ᠃ ᠬᠤᠶᠠᠷ ᠲᠤ᠂ ᠰᠢᠶᠠᠨ ᠤ ᠴᠠᠬᠢᠯᠭᠠᠨ ᠤ ᠦᠢᠯᠡᠰ ᠤᠨ ᠲᠣᠪᠴᠢᠶ᠎ᠠ ᠨᠢ ᠵᠢᠯ ᠪᠦᠷᠢ ᠶᠢᠨ 4 ᠰᠠᠷ᠎ᠠ᠂ | 7 ᠰᠠᠷ᠎ᠠ᠂ 10 ᠰᠠᠷ ᠠ᠂ ᠳᠠᠷᠠᠭ᠎ᠠ ᠵᠢᠯ ᠤᠨ 1 ᠰᠠᠷ᠎ᠠ ᠶᠢᠨ 10 ᠤ ᠡᠳᠦᠷ ᠠᠴᠠ ᠡᠮᠦᠨ᠎ᠡ ᠰᠢᠶᠠᠨ ᠤ ᠲᠤᠭ᠎ᠠ | ᠪᠦᠷᠢᠳᠬᠡᠯ ᠤᠨ ᠲᠣᠪᠴᠢᠶᠠᠨ ᠳᠤ ᠳᠡᠭᠡᠷ᠎ᠡ ᠨᠢᠭᠡ ᠤᠯᠠᠷᠢᠯ ᠳᠤ ᠰᠢᠶᠠᠩ ᠪᠠᠯᠭᠠᠰᠤ ᠪᠠ ᠠᠵᠢᠯ ᠲᠥᠷᠥᠯ ᠤᠨ ᠬᠠᠮᠢᠶ᠎ᠠ | ᠪᠦᠬᠦᠢ ᠴᠠᠬᠢᠯᠭᠠᠨ ᠬᠡᠷᠡᠭᠯᠡᠬᠦ ᠬᠡᠮᠵᠢᠶᠡᠨ ᠤ ᠪᠠᠶᠢᠳᠠᠯ ᠢ ᠬᠠᠩᠭᠠᠬᠤ ᠬᠡᠷᠡᠭᠲᠡᠶ᠃ ᠰᠢᠶᠠᠨ ᠤ ᠲᠤᠭ᠎ᠠ ᠪᠦᠷᠢᠳᠬᠡᠯ ᠤᠨ | ᠲᠣᠪᠴᠢᠶ᠎ᠠ GDP ᠶᠢᠨ ᠡᠨᠧᠷᠭᠢ ᠶᠢᠨ ᠬᠤᠷᠣᠭᠳᠠᠭᠤᠯᠭ᠎ᠠ ᠶᠢᠨ ᠲᠣᠭᠠᠴᠠᠭ᠎ᠠ ᠬᠢᠭᠰᠡᠨ ᠤ ᠳᠠᠷᠠᠭ᠎ᠠ 5 ᠳ᠋ᠤᠭᠠᠷ | ᠰᠠᠷ᠎ᠠ ᠶᠢᠨ ᠳᠤᠮᠳᠠᠴᠢ᠂ 8 ᠳ᠋ᠤᠭᠠᠷ ᠰᠠᠷ᠎ᠠ ᠶᠢᠨ ᠳᠤᠮᠳᠠᠴᠢ᠂ 11 ᠳ᠋ᠦ᠋ᠭᠡᠷ ᠰᠠᠷ᠎ᠠ ᠶᠢᠨ ᠳᠤᠮᠳᠠᠴᠢ᠂ ᠳᠠᠷᠠᠭ᠎ᠠ | ᠵᠢᠯ ᠤᠨ 2 ᠳ᠋ᠤᠭᠠᠷ ᠰᠠᠷ᠎ᠠ ᠶᠢᠨ ᠳᠤᠮᠳᠠᠴᠢ ᠪᠠᠷ ᠰᠢᠶᠠᠨ ᠤ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠤᠳᠤᠷᠢᠳᠬᠤ ᠳᠤᠭᠤᠶᠢᠯᠠᠩ ᠳᠤ ᠲᠤᠭ᠎ᠠ ᠪᠠᠷᠢᠮᠲᠠ ᠬᠠᠩᠭᠠᠨ᠎ᠠ᠃ ᠰᠢᠶᠠᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠠᠳᠠᠯᠤᠯᠲᠠ ᠬᠢᠵᠦ ᠬᠤᠷᠢᠶᠠᠩᠭᠤᠶᠢᠯᠠᠭᠰᠠᠨ ᠤ ᠳᠠᠷᠠᠭ᠎ᠠ | ᠤᠯᠠᠷᠢᠯ ᠤᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠲᠣᠬᠢᠷᠠᠭᠤᠯᠤᠯᠲᠠ ᠶᠢᠨ ᠵᠠᠳᠠᠯᠤᠯᠲᠠ ᠶᠢᠨ | ᠮᠡᠳᠡᠭᠦᠯᠦᠯᠲᠡ ᠶᠢ ᠳᠤᠷᠠᠳᠤᠨ ᠭᠠᠷᠭᠠᠨ᠎ᠠ᠃ ᠭᠤᠷᠪᠠ ᠳᠤ᠂ ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ | ᠬᠠᠷᠢᠭᠤᠴᠠᠯᠭ᠎ᠠ ᠪᠠᠨ ᠴᠢᠩᠭᠠᠳᠬᠠᠵᠤ᠂ ᠲᠤᠰᠬᠠᠶ ᠬᠥᠮᠦᠨ ᠢᠶᠠᠷ ᠬᠠᠷᠢᠭᠤᠴᠠᠭᠤᠯᠵᠤ᠂ ᠴᠠᠭ ᠤᠨ ᠬᠢᠵᠠᠭᠠᠷ ᠤᠨ | ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠪᠠᠶᠢᠳᠠᠯ ᠢᠶᠠᠨ ᠴᠠᠭ ᠲᠤᠬᠠᠶ ᠳᠤᠨᠢ ᠬᠦᠷᠭᠡᠨ | ᠮᠡᠳᠡᠭᠦᠯᠦᠨ ᠬᠠᠩᠭᠠᠨ᠎ᠠ᠃ | ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ | ᠣᠷᠴᠢᠭᠤᠯᠤᠭᠴᠢ᠄ ᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ |