ᠬᠤᠸᠠᠳᠧ ᠰᠢᠶᠠᠨ᠄ ᠬᠤᠪᠴᠠᠰᠤ ᠬᠤᠨᠠᠷ ᠤᠨ ᠠᠵᠤ ᠦᠢᠯᠡᠰ ᠤᠨ ᠪᠦᠯᠬᠦᠮ ᠤᠨ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠵᠤ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2020/8/20
  ᠳᠡᠭᠡᠷ᠎ᠡ ᠵᠠᠭᠤᠨ ᠤ ᠨᠠᠶᠠᠭᠠᠳ ᠣᠨ ᠠᠴᠠ ᠡᠬᠢᠯᠡᠨ᠂ ᠬᠤᠸᠠᠳᠧ ᠰᠢᠶᠠᠨ ᠤ ᠤᠩᠭᠠᠷᠢᠯ ᠬᠤᠪᠴᠠᠰᠤᠨ ᠤ ᠠᠵᠤ ᠦᠢᠯᠡᠰ ᠨᠢᠭᠡᠨᠲᠡ 40 ᠰᠢᠬᠠᠮ ᠵᠢᠯ ᠤᠨ ᠬᠥᠭᠵᠢᠯᠲᠡ ᠶᠢᠨ ᠶᠠᠪᠤᠴᠠ ᠶᠢ ᠥᠩᠭᠡᠷᠡᠭᠡᠵᠡᠶ᠃ ᠠᠵᠤ ᠦᠢᠯᠡᠰ ᠤᠨ ᠳᠠᠯᠳᠠ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠮᠠᠨ ᠤ ᠰᠢᠶᠠᠨ ᠲᠡᠮᠡᠭᠡ ᠬᠤᠨᠢᠨ ᠨᠣᠣᠯᠤᠷ ᠤᠨ ᠢᠯᠲᠠᠰᠤ ᠶᠢᠨ ᠬᠤᠪᠴᠠᠰᠤᠨ ᠤ ᠠᠵᠤ  ᠦᠢᠯᠡᠰ ᠤᠨ ᠥᠪᠡᠷᠲᠡᠭᠡᠨ ᠵᠠᠰᠠᠬᠤ ᠣᠷᠣᠨ ᠤ ᠪᠦᠯᠬᠦᠮ ᠤᠨ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ ᠶᠢ ᠶᠡᠬᠡᠪᠡᠷ ᠳᠡᠮᠵᠢᠵᠦ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃
   ᠠᠳᠡ ᠪᠣᠯ ᠤᠯᠤᠰ ᠤᠨ ᠨᠣᠣᠰᠣ ᠨᠣᠯᠤᠤᠷ ᠤᠨ ᠶᠠᠰᠤ ᠴᠢᠨᠠᠷ ᠢ ᠬᠢᠨᠠᠨ ᠰᠢᠯᠭᠠᠬᠤ ᠲᠥᠪ ᠤᠨ ᠬᠤᠸᠠᠳᠧ ᠳᠠᠬᠢ ᠲᠤᠷᠰᠢᠯᠲᠠ ᠶᠢᠨ ᠲᠠᠰᠤᠭ ᠪᠣᠯᠤᠨ᠎ᠠ᠂ ᠦᠢᠯᠡᠳᠪᠦᠷᠢᠯᠡᠯ ᠤᠨ ᠡᠭᠡᠯᠵᠢᠲᠦ ᠬᠤᠭᠤᠴᠠᠭ᠎ᠠ ᠠᠯᠤᠰᠯᠠᠬᠤ ᠪᠦᠷᠢ᠂ ᠵᠠᠬᠢᠶᠠᠯᠠᠭᠴᠢ ᠶᠢᠨ ᠨᠠᠶᠢᠳᠠᠯᠭ᠎ᠠ ᠪᠤᠶᠤ ᠶᠠᠰᠤ ᠴᠢᠨᠠᠷ ᠤᠨ ᠬᠢᠨᠠᠯᠲᠠ ᠲᠠᠯᠪᠢᠵᠤ ᠰᠣᠩᠭᠤᠨ ᠪᠠᠶᠢᠴᠠᠭᠠᠭᠰᠠᠨ ᠦᠢᠯᠡᠳᠬᠦᠨ᠂ ᠠᠳᠡ ᠲᠤᠰᠬᠠᠶ ᠮᠡᠷᠭᠡᠵᠢᠯ ᠤᠨ ᠰᠢᠯᠭᠠᠨ ᠪᠠᠶᠢᠴᠠᠭᠠᠯᠲᠠ ᠶᠢ ᠨᠢᠭᠡᠳᠦᠯᠲᠡᠶ ᠬᠢᠵᠦ᠂ ᠤᠭ ᠲᠡᠮᠳᠡᠭᠯᠡᠯ᠂ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠨᠠᠶᠢᠷᠠᠭᠤᠯᠤᠨ ᠪᠢᠴᠢᠵᠦ᠂ ᠲᠠᠨᠢᠯᠴᠠᠭᠤᠯᠭ᠎ᠠ ᠶᠢᠨ ᠴᠢᠨᠠᠷᠲᠠᠶ ᠬᠤᠪᠴᠠᠰᠤ ᠬᠤᠨᠠᠷ ᠤᠨ ᠪᠦᠯᠬᠦᠮ ᠤᠨ ᠪᠠᠷᠢᠮᠵᠢᠶ᠎ᠠ ᠶᠢ ᠮᠠᠭᠠᠳᠯᠠᠨ ᠲᠣᠭᠲᠠᠭᠠᠵᠤ᠂ ᠬᠤᠸᠠᠳᠧ ᠰᠢᠶᠠᠨ ᠤ ᠬᠤᠪᠴᠠᠰᠤ ᠬᠤᠨᠠᠷ ᠤᠨ ᠠᠵᠤ ᠦᠢᠯᠡᠰ ᠤᠨ ᠪᠦᠬᠦᠯᠢ ᠴᠣᠭᠴᠠ ᠶᠢᠨ ᠦᠢᠯᠡᠳᠪᠤᠷᠢᠯᠡᠯ ᠤᠨ ᠪᠠᠷᠢᠮᠵᠢᠶ ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ ᠳᠡᠭᠡᠭᠰᠢᠯᠡᠭᠦᠯᠪᠡ  ᠃
   ᠤᠯᠤᠰ ᠤᠨ ᠨᠣᠤᠰᠣ ᠨᠣᠯᠤᠤᠷ ᠤᠨ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠲᠥᠪ ᠤᠨ ᠬᠤᠸᠠᠳᠧ ᠳᠠᠬᠢ ᠲᠤᠷᠰᠢᠯᠲᠠ ᠶᠢᠨ ᠲᠠᠰᠤᠭ ᠤᠨ ᠡᠷᠬᠢᠯᠡᠭᠴᠢ ᠵᠣᠣ ᠰᠢᠤᠸᠠᠢ ᠹᠧᠩ ᠲᠠᠨᠢᠯᠴᠠᠭᠤᠯᠬᠤ ᠳᠠᠭᠠᠨ᠂ ︽ᠬᠤᠨᠢ᠂ ᠲᠡᠮᠡᠭᠡᠨ ᠨᠣᠣᠰᠣ ︵ᠨᠣᠣᠯᠤᠷ︶ ᠶᠢᠨ ᠬᠦᠪᠦᠩ ᠬᠤᠪᠴᠠᠰᠤ︾ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠯᠬᠦᠮ ᠤᠨ ᠪᠠᠷᠢᠮᠵᠢᠶ᠎ᠠ᠂ ᠣᠳᠣᠬᠠᠨ ᠳᠤ ᠨᠡᠶᠢᠭᠡᠮ ᠤᠨ ᠪᠠᠶᠢᠴᠠᠭᠠᠨ ᠰᠤᠳᠤᠯᠤᠯᠲᠠ ᠶᠢᠨ ᠱᠠᠲᠤᠨ ᠳᠤ ᠣᠷᠣᠰᠢᠵᠤ ᠪᠠᠶᠢᠨ᠎ᠠ᠂ ᠡᠨᠡᠬᠦ ᠪᠠᠷᠢᠮᠵᠢᠶ᠎ᠠ ᠨᠢ ᠬᠡᠳᠦ᠋ᠢᠪᠡᠷ ᠲᠠᠨᠢᠯᠴᠠᠭᠤᠯᠭ᠎ᠠ ᠶᠢᠨ ᠴᠢᠨᠠᠷᠲᠠᠶ ᠪᠣᠯᠪᠠᠴᠤ ᠠᠯᠪᠠᠳᠠᠯᠭ᠎ᠠ ᠶᠢᠨ ᠴᠢᠨᠠᠷ ᠦᠭᠡᠢ ᠶᠤᠮ᠂ ᠭᠡᠪᠡᠴᠦ ᠬᠤᠪᠴᠠᠰᠤᠨ ᠤ ᠠᠵᠢᠯ ᠲᠥᠷᠥᠯ ᠳᠤ ᠠᠪᠴᠤ ᠬᠡᠯᠡᠪᠡᠯ᠂ ᠨᠢᠭᠡᠳᠦᠯᠲᠡᠶ ᠪᠥᠭᠡᠳ ᠵᠢᠷᠤᠮᠵᠢᠯ ᠲᠠᠢ ᠪᠣᠯᠪᠠᠯ ᠦᠢᠯᠡᠳᠬᠦᠨ ᠤ ᠳᠡᠰ ᠳᠠᠪᠬᠤᠷᠭ᠎ᠠ ᠨᠢ ᠶᠡᠬᠡᠪᠡᠷ ᠳᠡᠭᠡᠭᠰᠢᠯᠡᠬᠦ ᠪᠣᠯᠤᠨ᠎ᠠ
   ᠣᠶᠢᠯᠠᠭᠠᠭᠰᠠᠨ ᠢᠶᠠᠷ᠂ ︽ᠬᠤᠨᠢᠨ ᠨᠣᠤᠰᠣ᠂ ᠲᠡᠮᠡᠭᠡᠨ ᠨᠣᠣᠰᠤᠨ ᠤ ᠬᠦᠪᠦᠩ ᠬᠤᠪᠴᠠᠰᠤ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠯᠬᠦᠮ ᠤᠨ ᠪᠠᠷᠢᠮᠵᠢᠶ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠷᠬᠡᠭ ᠰᠢᠯᠭᠠᠨ ᠪᠠᠶᠢᠴᠠᠭᠠᠬᠤ ᠲᠣᠪᠴᠢᠶ᠎ᠠ᠂ ᠤᠯᠤᠰ ᠤᠨ ᠨᠣᠤᠰᠣ ᠨᠣᠣᠯᠤᠷ ᠤᠨ ᠶᠠᠰᠤ ᠴᠢᠨᠠᠷ ᠢ ᠬᠢᠨᠠᠨ ᠰᠢᠯᠭᠠᠬᠤ ᠲᠥᠪ᠂ ᠬᠤᠸᠠᠳᠧ ᠰᠢᠶᠠᠨ ᠤ ᠠᠵᠤ  ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠪᠴᠠᠰᠤ ᠬᠤᠨᠠᠷ ᠤᠨ ᠠᠵᠢᠯ ᠲᠥᠷᠥᠯ ᠤᠨ ᠨᠡᠶᠢᠭᠡᠮᠯᠢᠭ ᠠᠴᠠ ᠬᠠᠮᠲᠤᠪᠠᠷ ᠲᠤᠭᠤᠷᠪᠢᠨ ᠪᠢᠴᠢᠵᠦ᠂ ᠬᠤᠨᠢᠨ ᠨᠣᠣᠰᠣ᠂ ᠲᠡᠮᠡᠭᠡᠨ ᠨᠣᠣᠰᠤᠨ ᠬᠦᠪᠦᠩ ᠬᠤᠪᠴᠠᠰᠤᠨ ᠤ ᠨᠣᠮᠧᠷ ᠤᠨ ᠬᠡᠯᠪᠡᠷᠢ᠂ ᠮᠡᠷᠭᠡᠵᠢᠯ ᠤᠨ ᠱᠠᠭᠠᠷᠳᠠᠯᠭ᠎ᠠ᠂ ᠲᠤᠷᠰᠢᠯᠲᠠ ᠶᠢᠨ ᠠᠷᠭ᠎ᠠ᠂ ᠲᠣᠭᠲᠠᠭᠠᠬᠤ ᠳᠦᠷᠢᠮ᠂ ᠲᠡᠮᠳᠡᠭ᠂ ᠪᠣᠭᠤᠳᠠᠯ᠂ ᠲᠡᠭᠡᠭᠡᠪᠦᠷᠢᠯᠡᠬᠦ ᠪᠠ ᠬᠠᠳᠠᠭᠠᠯᠠᠬᠤ ᠶᠢ ᠲᠣᠭᠲᠠᠭᠠᠵᠠᠶ᠃
   ᠡᠨᠡ ᠬᠦ ᠪᠠᠷᠢᠮᠵᠢᠶ᠎ᠠ ᠳᠤ ᠵᠣᠬᠢᠴᠠᠭᠤᠯᠬᠤ ᠶᠢᠨ ᠲᠥᠯᠥᠭᠡ᠂ ᠡᠨᠡ ᠬᠡᠳᠦᠨ ᠡᠳᠦᠷ᠂ ᠮᠠᠨ ᠤ ᠰᠢᠶᠠᠨ ᠤ ᠬᠤᠪᠴᠠᠰᠤ ᠬᠤᠨᠠᠷ ᠤᠨ ᠦᠢᠯᠡᠰ ᠪᠣᠰᠬᠠᠬᠤ ᠬᠦᠷᠢᠶᠡᠯᠡᠩ ᠤᠨ 7 ᠠᠵᠤ ᠠᠬᠤᠶᠢᠯᠠᠯ ᠴᠤ ᠢᠳᠡᠪᠬᠢᠲᠡᠶ ᠪᠠᠷ ᠳᠠᠭᠠᠵᠤ᠂ ᠦᠢᠯᠡᠳᠬᠦᠨ ᠤ ᠮᠠᠲ᠋ᠧᠷᠢᠶᠠᠯ᠂ ᠦᠢᠯᠡᠳᠪᠤᠷᠢᠯᠡᠯ ᠤᠨ ᠮᠡᠷᠭᠡᠵᠢᠯ ᠠᠴᠠ ᠲᠣᠨᠤᠭ ᠲᠦᠬᠦᠭᠡᠷᠦᠮᠵᠢ ᠶᠢ ᠰᠢᠨᠡᠳᠬᠡᠵᠦ ᠳᠡᠰ ᠳᠡᠪᠰᠢᠭᠦᠯᠵᠦ᠂ ᠪᠣᠯᠪᠠᠰᠤᠷᠠᠭᠤᠯᠤᠯ ᠢᠶᠠᠷ ᠳᠠᠮᠵᠢᠨ ᠠᠵᠢᠯᠲᠠᠨ ᠠᠵᠢᠯᠴᠢᠨ ᠤ ᠣᠶᠣᠬᠤ ᠴᠢᠳᠠᠪᠤᠷᠢ ᠶᠢ ᠳᠡᠭᠡᠭᠰᠢᠯᠡᠭᠦᠯᠵᠦ᠂ CAD ᠪᠠᠷ ᠬᠡᠪ ᠠᠪᠬᠤ᠂ ᠠᠦ᠋ᠲ᠋ᠣ᠋ ᠡᠰᠬᠡᠬᠦ ᠰᠠᠤᠷᠢ ᠮᠠᠰᠢᠨ᠂ ᠲᠣᠭᠠᠴᠢᠯᠠᠭᠰᠠᠨ ᠣᠶᠣᠳᠠᠯ ᠤᠨ ᠮᠠᠰᠢᠨ ᠵᠡᠷᠭᠡ ᠲᠡᠷᠢᠭᠦᠨ ᠤ ᠦᠢᠯᠡᠳᠪᠤᠷᠢᠯᠡᠯ ᠤᠨ ᠲᠥᠬᠦᠭᠡᠷᠦᠮᠵᠢ ᠪᠠᠷ ᠦᠢᠯᠡᠳᠪᠤᠷᠢᠯᠡᠵᠦ᠂ ᠬᠤᠪᠴᠠᠰᠤᠨ ᠤ ᠪᠦᠲᠦᠭᠡᠭᠳᠡᠬᠦᠨ ᠤ ᠶᠠᠰᠤ ᠴᠢᠨᠠᠷ ᠶᠡᠭᠡ ᠬᠡᠮᠵᠢᠶ᠎ᠡ ᠪᠠᠷ ᠳᠡᠭᠡᠭᠰᠢᠯᠡᠪᠡ᠃
   ︽ᠬᠤᠵᠢᠮ ᠡᠨᠡ ᠬᠦ ᠪᠠᠷᠢᠮᠵᠢᠶ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠮᠠᠨ ᠤ ᠠᠵᠤ ᠠᠬᠤᠶᠢᠯᠠᠯ ᠳᠤ ᠠᠪᠴᠤ ᠬᠡᠯᠡᠪᠡᠯ᠂ ᠬᠤᠪᠴᠠᠰᠤ ᠣᠶᠣᠬᠤ ᠪᠠᠷᠢᠮᠵᠢᠶ᠎ᠠ ᠨᠠᠩ ᠳᠦᠷᠢᠮᠵᠢᠵᠦ᠂ ᠵᠢᠱᠢᠶᠡᠯᠡᠪᠡᠯ ᠪᠢᠳᠡᠨ ᠤ  ᠬᠤᠳᠠᠯᠳᠤᠭᠠᠨ ᠤ ᠳᠡᠯᠭᠡᠭᠦᠷ ᠲᠤ ᠣᠷᠤᠬᠤ ᠨᠡᠷᠡᠲᠦ ᠲᠡᠮᠳᠡᠭᠲᠦ ᠶᠢᠨ ᠳᠡᠰ ᠳᠠᠪᠬᠤᠷᠭ᠎ᠠ ᠨᠠᠩ ᠥᠨᠳᠥᠷ ᠪᠣᠯᠵᠠᠶ︾ ᠭᠡᠵᠦ ᠬᠤᠸᠠᠳᠧ ᠰᠢᠶᠠᠨ ᠤ ᠳ᠋ᠠ ᠶᠤᠸᠠᠨ ᠬᠤᠪᠴᠠᠰᠤ ᠦᠢᠯᠡᠳᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢᠦ ᡁᠢ ᠬᠡᠯᠡᠪᠡ᠃    ᠣᠶᠢᠷ᠎ᠠ ᠶᠢᠨ ᠵᠢᠯ ᠠᠴᠠ ᠨᠠᠰᠢ᠂ ᠮᠠᠨ ᠤ ᠰᠢᠶᠠᠨ᠂ ᠬᠤᠪᠴᠠᠰᠤ ᠬᠤᠨᠠᠷ ᠤᠨ ᠠᠵᠤ ᠦᠢᠯᠡᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠳᠤ ᠲᠦᠰᠢᠭᠯᠡᠨ᠂ ᠰᠢᠨ᠎ᠡ ᠮᠠᠶ᠋ᠢᠭ ᠤᠨ ᠤᠩᠭᠠᠷᠢᠯ ᠤᠨ ᠢᠯᠲᠠᠰᠤ ᠶᠢ ᠰᠤᠳᠤᠯᠤᠨ ᠨᠡᠭᠡᠭᠡᠬᠦ ᠠᠵᠢᠯ ᠰᠢᠨ᠎ᠡ ᠠᠬᠢᠯᠲᠠ ᠲᠠᠢ ᠪᠣᠯᠵᠤ᠂ ᠲᠠᠶᠢᠪᠤᠩ ᠴᠠᠬᠢᠯᠭᠠᠨ ᠢ ᠰᠡᠷᠭᠡᠶᠢᠯᠡᠬᠦ ᠤᠩᠭᠠᠷᠢᠯ ᠤᠨ ᠢᠯᠲᠠᠰᠤ᠂ ᠠᠯᠤᠰ ᠤᠯᠠᠭᠠᠨ ᠭᠠᠳᠠᠨᠠᠬᠢ ᠲᠤᠶᠠᠭ᠎ᠠ ᠠᠴᠠ ᠬᠠᠮᠠᠭᠠᠯᠠᠬᠤ ᠤᠩᠭᠠᠷᠢᠯ ᠤᠨ ᠢᠯᠳᠠᠰᠤ ᠵᠡᠷᠭᠡ 10 ᠭᠠᠷᠤᠶ ᠵᠦᠢᠯ ᠤᠨ ᠰᠢᠨ᠎ᠡ ᠬᠡᠯᠪᠡᠷᠢ ᠶᠢᠨ ᠤᠩᠭᠠᠷᠢᠯ ᠢᠯᠳᠠᠰᠤ ᠶᠢ ᠰᠤᠳᠤᠯᠤᠨ ᠭᠠᠷᠭᠠᠵᠤ᠂ ᠤᠯᠠᠮᠵᠢᠯᠠᠯᠲᠤ ᠤᠩᠭᠠᠷᠢᠯ ᠢᠯᠲᠠᠰᠤ ᠶᠢᠨ ᠦᠰᠦ ᠬᠠᠳᠬᠤᠬᠤ᠂ ᠰᠣᠨᠢᠨ ᠦᠨᠦᠷ ᠵᠡᠷᠭᠡ ᠠᠰᠠᠭᠤᠳᠠᠯ ᠢ ᠠᠮᠵᠢᠯᠲᠠ ᠲᠠᠢ ᠢᠯᠠᠨ ᠳᠠᠪᠠᠵᠤ᠂ ᠪᠠᠰᠠ 9 ᠵᠦᠢᠯ ᠤᠨ ᠲᠤᠰᠬᠠᠶ ᠠᠰᠢᠭ ᠭᠤᠶᠤᠴᠢᠯᠠᠵᠤ᠂ 4 ᠵᠦᠢᠯ ᠨᠢ ᠵᠥᠪᠰᠢᠶᠡᠷᠡᠯ ᠣᠯᠵᠠᠶ᠂ ᠡᠭᠦᠨ ᠳᠤ ᠡᠭᠦᠳᠦᠯᠲᠡ ᠶᠢᠨ ᠲᠤᠰᠬᠠᠶ ᠠᠰᠢᠭ 2᠂ ᠬᠡᠷᠡᠭᠯᠡᠭᠡᠨ ᠤ ᠬᠡᠯᠪᠡᠷᠢ ᠶᠢᠨ ᠲᠤᠰᠬᠠᠶ ᠠᠰᠢᠭ 2 ᠪᠠᠶᠢᠵᠤ᠂ ᠬᠤᠪᠴᠠᠰᠤ ᠵᠠᠰᠠᠯ ᠤᠨ ᠤᠷ᠎ᠠ ᠮᠡᠷᠭᠡᠵᠢᠯ ᠤᠨ ᠬᠢᠷᠢ ᠲᠦᠪᠰᠢᠨ ᠪᠠ  ᠦᠢᠯᠡᠳᠬᠦᠨ ᠤ ᠨᠡᠮᠡᠯᠲᠡ ᠥᠷᠲᠡᠭ ᠤᠯᠠᠮ ᠨᠢᠭᠡ ᠠᠯᠬᠤᠮ ᠳᠡᠭᠡᠭᠰᠢᠯᠡᠪᠡ᠃ ᠣᠳᠣᠬᠠᠨ ᠳᠤ᠂ ᠪᠦᠬᠦ ᠰᠢᠶᠠᠨ ᠤ ᠬᠤᠪᠴᠠᠰᠤ ᠬᠤᠨᠠᠷ ᠪᠣᠯᠤᠨ ᠤᠩᠭᠠᠷᠢᠯ ᠪᠣᠯᠪᠠᠰᠤᠷᠠᠭᠤᠯᠬᠤ ᠠᠵᠤ ᠠᠬᠤᠶᠢᠯᠠᠯ 260 ᠭᠠᠷᠤᠶ ᠬᠦᠷᠴᠦ᠂ ᠵᠢᠯ ᠤᠨ ᠦᠢᠯᠡᠳᠪᠤᠷᠢᠯᠡᠯ 2600 ᠲᠦᠮᠡ ᠣᠷᠴᠢᠮ ᠳᠤ ᠲᠤᠭᠲᠠᠪᠤᠷᠢᠵᠢᠵᠤ᠂ ᠦᠢᠯᠡᠳᠬᠦᠨ ᠤ ᠥᠷᠲᠡᠭ 22 ᠳ᠋ᠦᠩᠰᠢᠭᠤᠷ ᠲᠥᠭᠦᠷᠢᠭ ᠪᠠᠶᠢᠵᠤ᠂ 3 ᠲᠦᠮᠡ ᠣᠷᠴᠢᠮ ᠬᠥᠮᠦᠨ ᠳᠤ ᠠᠵᠢᠯ ᠣᠯᠭᠤᠬᠤ ᠶᠢ ᠳᠠᠶᠢᠴᠢᠯᠠᠪᠡ᠃                ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ                ᠣᠷᠴᠢᠭᠤᠯᠤᠭᠴᠢ᠄ ᠭᠡᠷᠡᠯ       ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2