︽ᠬᠤᠸᠠᠳᠧ ᠰᠢᠶᠠᠨ ᠤ ᠰᠠᠭᠤᠭᠠᠯᠢ ᠲᠣᠭᠤᠷᠢᠭ ᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ ᠤᠨ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ᠤᠨ ᠲᠠᠶᠢᠯᠤᠮᠵᠢ
ᠨᠡᠶᠢᠲᠡᠯᠡᠭᠰᠡᠨ ᠴᠠᠭ᠄
2020/8/21
   2019 ᠣᠨ ᠤ 7 ᠰᠠᠷ᠎ᠠ ᠶᠢᠨ 8 ᠤ ᠡᠳᠦᠷ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ︽ᠬᠤᠸᠠᠳᠧ ᠰᠢᠶᠠᠨ ᠤ ᠰᠠᠭᠤᠭᠠᠯᠢ ᠲᠣᠭᠤᠷᠢᠭ ᠢ ᠰᠡᠯᠪᠢᠨ ᠵᠠᠰᠠᠵᠤ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ︵ᠬᠤᠸᠠᠳᠧ ᠵᠠᠰᠠᠭ ᠠᠯᠪᠠᠨ ᠲᠠᠷᠬᠠᠭᠠᠭᠰᠠᠨ ︹ 2019 ︺ 36 ᠳ᠋ᠤᠭᠠᠷ ᠲᠣᠭᠠᠲᠤ᠂ ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠨᠢᠭᠡᠨᠲᠡ ᠳᠠᠷᠤᠮᠠᠯᠯᠠᠨ ᠲᠠᠷᠬᠠᠭᠠᠪᠠ᠂ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢᠨ ᠲᠠᠶᠢᠯᠤᠮᠵᠢ ᠨᠢ ᠳᠣᠤᠷᠠᠬᠢ ᠮᠡᠲᠦ    ᠨᠢᠭᠡ᠂ ᠲᠤᠭᠤᠷᠪᠢᠭᠰᠠᠨ ᠠᠬᠤᠶ ᠪᠠᠶᠢᠳᠠᠯ    ︽ᠲᠥᠰᠦᠯ︾ ᠢ ᠲᠣᠭᠲᠠᠭᠠᠭᠰᠠᠨ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ︾᠂ ︽ᠤᠯᠠᠭᠠᠨᠴᠠᠪ ᠬᠤᠲᠠ ᠶᠢᠨ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ︾ ᠪᠠ ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ ᠤᠨ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠤᠨ 2019 ᠣᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠵᠡᠷᠭᠡ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠤᠰ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠮᠠᠨ ᠤ ᠰᠢᠶᠠᠨ ᠤ ᠰᠠᠭᠤᠭᠠᠯᠢ ᠲᠣᠭᠤᠷᠢᠭ᠂ ᠢᠯᠠᠩᠭᠤᠶ᠎ᠠ ᠬᠠᠭᠤᠴᠢᠨ ᠰᠠᠭᠤᠭᠠᠯᠢ ᠲᠣᠭᠤᠷᠢᠭ ᠤᠨ ᠣᠷᠣᠨ ᠰᠠᠭᠤᠴᠠ ᠶᠢᠨ ᠨᠥᠬᠦᠴᠡᠯ ᠢ ᠪᠦᠲᠦᠮᠵᠢᠲᠡᠶ ᠰᠠᠶᠢᠵᠢᠷᠠᠭᠤᠯᠬᠤ ᠶᠢᠨ ᠲᠥᠯᠥᠭᠡ ᠲ᠊ ᠦᠷᠭᠡᠳᠬᠡᠨ ᠰᠠᠭᠤᠭᠠᠯᠢ ᠲᠣᠭᠤᠷᠢᠭ ᠤᠨ ᠬᠤᠭᠤᠯᠠᠶ ᠶᠢᠨ ᠲᠣᠤᠷ ᠢ ᠵᠠᠰᠠᠨ ᠰᠢᠨᠡᠳᠬᠡᠬᠦ ᠶᠢ ᠲᠦᠷᠭᠡᠳᠬᠡᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃    ᠬᠤᠶᠠᠷ᠂ ︽ᠲᠥᠰᠦᠯ︾ ᠤᠨ ᠭᠤᠤᠯ ᠠᠭᠤᠯᠭ᠎ᠠ    ︵ᠨᠢᠭᠡ︶ ᠰᠡᠯᠪᠢᠨ ᠵᠠᠰᠠᠵᠤ ᠥᠭᠡᠷᠡᠴᠢᠯᠡᠬᠦ ᠬᠠᠮᠢᠶ᠎ᠠ ᠪᠦᠬᠦᠢ ᠬᠤᠭᠤᠯᠠᠶ ᠲᠣᠤᠷ ᠤᠨ ᠲᠥᠷᠥᠯ ᠵᠦᠢᠯ ᠢ ᠲᠣᠳᠤᠷᠬᠠᠶᠢᠯᠠᠨ᠎ᠠ    ᠰᠡᠯᠪᠢᠨ ᠵᠠᠰᠠᠵᠤ ᠥᠭᠡᠷᠡᠴᠢᠯᠡᠬᠦ ᠤᠰᠤ ᠬᠠᠩᠭᠠᠬᠤ᠂ ᠴᠠᠬᠢᠯᠭᠠᠨ ᠬᠠᠩᠭᠠᠬᠤ᠂ ᠢᠯᠴᠢ ᠬᠠᠩᠭᠠᠬᠤ᠂ ᠰᠢᠲᠠᠮᠠᠬᠠᠶ ᠬᠡᠢ᠂ ᠤᠰᠤ ᠵᠠᠯᠠᠬᠤ ᠵᠡᠷᠭᠡ ᠲᠥᠬᠦᠭᠡᠷᠦᠮᠵᠢ ᠶᠢᠨ ᠲᠥᠷᠥᠯ ᠵᠦᠢᠯ ᠢ ᠲᠣᠳᠣᠷᠬᠠᠶᠢᠯᠠᠵᠤ᠂ ᠲᠥᠷᠥᠯ ᠵᠦᠢᠯ ᠠᠴᠠ ᠭᠠᠳᠠᠨᠠᠬᠢ ᠪᠡᠯᠡᠳᠬᠡᠮᠵᠢ ᠲᠥᠬᠦᠭᠡᠷᠦᠮᠵᠢ ᠨᠢ ᠬᠡᠷᠪᠡ ᠥᠭᠡᠷᠡᠴᠢᠯᠡᠨ ᠰᠢᠨᠡᠳᠬᠡᠬᠦ ᠴᠢᠬᠤᠯᠠᠲᠠᠢ ᠪᠣᠯ ᠥᠮᠴᠢᠲᠡᠨ ᠨᠢ ᠵᠠᠷᠤᠳᠠᠯ ᠢᠶᠠᠨ ᠥᠪᠡᠰᠦᠪᠡᠨ ᠡᠭᠦᠷᠭᠡᠯᠡᠨ᠎ᠡ᠃    ︵ᠬᠤᠶᠠᠷ︶ ᠰᠠᠭᠤᠭᠠᠯᠢ ᠲᠣᠭᠤᠷᠢᠭ ᠢ ᠥᠭᠡᠷᠡᠴᠢᠯᠡᠬᠦ ᠪᠡᠯᠡ ᠴᠤᠭᠯᠠᠭᠤᠯᠬᠤ ᠵᠠᠷᠴᠢᠮ ᠢ ᠲᠣᠭᠲᠠᠭᠠᠨ᠎ᠠ ᠬᠠᠮᠢᠶ᠎ᠠ ᠪᠥᠬᠦᠶ ᠠᠳᠠᠯ ᠠᠬᠤᠶ ᠶᠢᠨ ᠲᠦᠷᠢᠮ ᠢ ᠦᠨᠳᠦᠰᠦᠯᠡᠨ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠰᠠᠭᠤᠭᠠᠯᠢ ᠠᠷᠠᠳ ᠵᠦᠶ ᠵᠣᠬᠢᠰᠲᠠᠶ ᠬᠤᠪᠢᠳᠠᠨ ᠡᠭᠦᠷᠭᠡᠯᠡᠬᠦ᠂ ᠡᠵᠡᠩᠨᠡᠯᠲᠡ ᠶᠢᠨ ᠨᠢᠭᠡᠴᠡ ᠠᠴᠠ ᠪᠠᠯᠠ ᠭᠠᠷᠭᠠᠬᠤ᠂ ᠵᠠᠰᠠᠭ ᠤᠨ ᠣᠷᠳᠣᠨ ᠤ ᠱᠠᠩᠨᠠᠯ ᠨᠥᠬᠦᠪᠥᠷᠢ ᠥᠭᠬᠦ ᠵᠡᠷᠭᠡ ᠣᠯᠠᠨ ᠠᠷᠭ᠎ᠠ ᠵᠠᠮ ᠢᠶᠠᠷ ᠴᠤᠭᠯᠠᠭᠤᠯᠬᠤ ᠲᠣᠭᠲᠠᠴᠠ ᠶᠢ ᠪᠠᠶᠢᠭᠤᠯᠪᠠ᠃    ︵ᠭᠤᠷᠪᠠ︶ ᠰᠡᠯᠪᠢᠨ ᠵᠠᠰᠠᠵᠤ ᠥᠭᠡᠷᠡᠴᠢᠯᠡᠨ ᠪᠠᠶᠢᠭᠤᠯᠬᠤ ᠰᠠᠭᠤᠭᠠᠯᠢ ᠲᠣᠭᠤᠷᠢᠭ ᠤᠨ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠨ᠎ᠠ    2000 ᠣᠨ‌ᠡᠴᠠ ᠡᠮᠦᠨ᠎ᠡ ᠪᠠᠶᠢᠭᠤᠯᠤᠭᠰᠠᠨ᠂ ᠣᠯᠠᠨ ᠨᠡᠶᠢᠲᠡ ᠶᠢᠨ ᠲᠥᠬᠦᠭᠡᠷᠦᠮᠵᠢ ᠬᠤᠴᠣᠷᠤᠩᠭᠤᠶ ᠠᠴᠠ ᠰᠠᠭᠤᠭᠠᠯᠢ ᠠᠷᠠᠳ ᠤᠨ ᠠᠮᠢᠳᠤᠷᠠᠯ ᠢ ᠨᠥᠯᠥᠭᠡᠯᠡᠵᠦ ᠪᠠᠶᠢᠭ᠎ᠠ᠂ ᠰᠠᠭᠤᠭᠠᠯᠢ ᠠᠷᠠᠳ ᠠᠴᠠ ᠥᠭᠡᠷᠡᠴᠢᠯᠡᠬᠦ ᠬᠦᠰᠡᠯ ᠢᠶᠠᠷ ᠴᠢᠩᠭ᠎ᠠ ᠰᠠᠭᠤᠭᠠᠯᠢ ᠲᠣᠭᠤᠷᠢᠭ᠂ ᠥᠭᠡᠷᠡᠴᠢᠯᠡᠨ ᠪᠠᠶᠢᠭᠤᠯᠬᠤ ᠪᠡᠯᠡ ᠮᠥᠩᠭᠦ ᠶᠢ ᠥᠮᠴᠢᠲᠡᠨ‌ᠥᠪᠡᠷ ᠢᠶᠠᠨ ᠴᠤᠭᠯᠠᠭᠤᠯᠬᠤ᠂ ᠡᠵᠡᠩᠨᠡᠬᠦ ᠨᠢᠭᠡᠴᠡ ᠶᠢᠨ ᠪᠡᠯᠡ ᠭᠠᠷᠭᠠᠬᠤ ᠪᠠ ᠵᠠᠰᠠᠭ ᠤᠨ ᠣᠷᠳᠣᠨ ᠬᠠᠮᠲᠤᠪᠠᠷ ᠪᠡᠯᠡ ᠴᠤᠭᠯᠠᠭᠤᠯᠤᠨ᠎ᠠ᠃ ᠥᠭᠡᠷᠡᠴᠢᠯᠡᠭᠰᠡᠨ ᠤ ᠳᠠᠷᠠᠭ᠎ᠠ ᠡᠵᠡᠩᠨᠡᠯᠲᠡ ᠶᠢᠨ ᠨᠢᠭᠡᠴᠡ ᠠᠴᠠ ᠰᠡᠯᠪᠢᠨ ᠵᠠᠰᠠᠬᠤ ᠪᠠ ᠬᠠᠮᠢᠶᠠᠷᠬᠤ ᠪᠥᠭᠡᠳ ᠡᠭᠦᠰᠦᠭᠰᠡᠨ ᠵᠠᠷᠤᠳᠠᠯ ᠢ ᠡᠭᠦᠷᠭᠡᠯᠡᠨ᠎ᠡ᠃    2001 — 2018 ᠣᠨ ᠳᠤ ᠪᠠᠷᠢᠭᠰᠠᠨ ᠰᠠᠭᠤᠭᠠᠯᠢ ᠠᠷᠠᠳ ᠤᠨ ᠲᠣᠭᠤᠷᠢᠭ᠂ ᠰᠡᠯᠪᠢᠨ ᠵᠠᠰᠠᠵᠤ ᠥᠭᠡᠷᠡᠴᠢᠯᠡᠬᠦ ᠶᠢ ᠡᠵᠡᠩᠨᠡᠯᠲᠡ ᠶᠢᠨ ᠨᠢᠭᠡᠴᠡ ᠬᠡᠷᠡᠭᠵᠢᠭᠦᠯᠬᠦ ᠶᠢᠨ ᠬᠠᠮᠲᠤ ᠰᠡᠯᠪᠢᠨ ᠵᠠᠰᠠᠵᠤ ᠥᠭᠡᠷᠡᠴᠢᠯᠡᠬᠦ ᠵᠠᠷᠤᠳᠠᠯ ᠢ ᠡᠭᠦᠷᠭᠡᠯᠡᠨ᠎ᠡ᠃    2019 ᠣᠨ ᠳᠤ ᠦᠷᠬᠦᠯᠵᠢᠯᠡᠨ ᠪᠠᠶᠢᠭᠤᠯᠤᠭᠰᠠᠨ᠂ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠲᠣᠭᠤᠷᠢᠭ᠂ ᠭᠤᠤᠯᠴᠢᠯᠠᠨ ᠬᠠᠮᠢᠶᠠᠷᠬᠤ ᠲᠣᠣᠷ ᠢ ᠡᠵᠡᠩᠨᠡᠯᠲᠡ ᠶᠢᠨ ᠨᠢᠭᠡᠴᠡ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠰᠠᠭᠤᠭᠠᠯᠢ ᠲᠣᠭᠤᠷᠢᠭ ᠤᠨ ᠳᠣᠲᠤᠷᠠᠬᠢ ᠪᠠ ᠣᠷᠤᠴᠠ ᠶᠢᠨ ᠡᠭᠦᠳᠡᠨ ᠬᠤᠭᠤᠯᠠᠶ ᠶᠢᠨ ᠲᠣᠤᠷ ᠢ ᠵᠠᠷᠴᠢᠮ ᠳᠡᠭᠡᠷ᠎ᠡ ᠪᠠᠨ ᠰᠠᠭᠤᠭᠠᠯᠢ ᠲᠣᠭᠤᠷᠢᠭ ᠢ ᠨᠡᠭᠡᠭᠡᠨ ᠬᠥᠭᠵᠢᠭᠦᠯᠬᠦ ᠨᠢᠭᠡᠴᠡ ᠠᠴᠠ ᠪᠠᠯᠠ ᠭᠠᠷᠭᠠᠨ᠎ᠠ︔ ᠣᠷᠤᠴᠠ ᠶᠢᠨ ᠡᠭᠦᠳᠡᠨ ᠠᠴᠠ ᠰᠠᠭᠤᠭᠠᠯᠢ ᠡᠷᠦᠬᠡ ᠶᠢᠨ ᠬᠤᠭᠤᠯᠠᠶ ᠲᠣᠤᠷ ᠰᠠᠭᠤᠭᠠᠯᠢ ᠲᠣᠭᠤᠷᠢᠭ ᠢ ᠨᠡᠭᠡᠭᠡᠨ ᠬᠦᠭᠵᠢᠭᠦᠯᠬᠦ ᠨᠢᠭᠡᠴᠡ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠯ᠎ᠡ ᠬᠤᠭᠤᠯᠠᠶ ᠶᠢᠨ ᠲᠣᠤᠷ ᠤᠨ ᠢᠵᠢ ᠪᠦᠷᠢᠳᠦᠭᠦᠯᠬᠦ ᠵᠠᠷᠤᠳᠠᠯ ᠳᠤ ᠳᠡᠭᠡᠳᠤ ᠱᠠᠲᠤᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠬᠡᠷᠡᠭᠵᠢᠭᠦᠯᠦᠨ᠎ᠡ᠃       ᠭᠤᠷᠪᠠ᠂ ᠠᠵᠢᠯ ᠤᠨ ᠱᠠᠭᠠᠷᠳᠠᠯᠭ᠎ᠠ    ︽ᠲᠥᠰᠦᠯ︾ ᠳᠤ ᠭᠤᠤᠯᠳᠠᠭᠤ ᠳᠣᠤᠷᠠᠬᠢ ᠮᠡᠲᠦ ᠠᠵᠢᠯ ᠤᠨ ᠱᠠᠭᠠᠷᠳᠠᠯᠭ᠎ᠠ ᠪᠠᠶᠢᠨ᠎ᠠ᠃ ᠨᠢᠭᠡ ᠳᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠡᠵᠡᠩᠨᠡᠯᠲᠡ ᠶᠢᠨ ᠠᠵᠤ ᠠᠬᠤᠶᠢᠯᠠᠯ ᠤᠳ  ᠦᠢᠯᠡᠴᠢᠯᠡᠭᠡᠨ ᠤ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠨ᠂ ᠥᠭᠡᠷᠡᠴᠢᠯᠡᠨ ᠰᠢᠨᠡᠳᠬᠡᠬᠦ ᠠᠵᠢᠯ ᠤᠨ ᠤᠷᠤᠭᠰᠢᠲᠠᠶ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ᠂ ᠰᠡᠯᠪᠢᠨ ᠵᠠᠰᠠᠵᠤ ᠥᠭᠡᠷᠡᠴᠢᠯᠡᠬᠦ ᠬᠡᠷᠡᠭᠴᠡᠭᠡ ᠠᠴᠠ ᠪᠣᠯᠵᠤ᠂ ᠵᠠᠮ ᠢ ᠲᠦᠷ ᠴᠠᠭ ᠡᠵᠡᠯᠡᠨ ᠬᠡᠷᠡᠭᠯᠡᠵᠦ᠂ ᠮᠠᠯᠲᠠᠬᠤ ᠳᠤ ᠪᠠᠷᠢᠯᠭ᠎ᠠ ᠪᠠᠷᠢᠬᠤ ᠨᠢᠭᠡᠴᠡ ᠨᠢ ᠡᠷᠬᠡᠪᠰᠢ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠦᠷᠭᠦᠯᠵᠢᠯᠡᠨ ᠤᠤᠯ ᠤᠨ ᠪᠠᠶᠢᠳᠠᠯ ᠢ ᠰᠡᠷᠭᠦᠭᠡᠬᠦ᠂ ᠰᠡᠯᠪᠢᠨ ᠵᠠᠰᠠᠬᠤ ᠠᠵᠢᠯ ᠢ ᠬᠠᠷᠢᠭᠤᠴᠠᠬᠤ ᠬᠡᠷᠡᠭᠲᠡᠶ᠃ ᠭᠤᠷᠪᠠ ᠳᠤ᠂ ᠪᠥᠲᠥᠭᠡᠨ ᠪᠠᠶᠢᠭᠤᠯᠬᠤ ᠶᠠᠪᠤᠴᠠ ᠳᠤ ᠢᠵᠢ ᠪᠥᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠪᠣᠳᠣᠯᠬᠢᠯᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠣᠶ ᠪᠣᠯᠭᠠᠬᠤ ᠬᠡᠷᠡᠭᠲᠡᠶ᠃ ᠳᠥᠷᠪᠡ ᠳᠤ᠂ ᠡᠯ᠎ᠡ ᠡᠵᠡᠩᠨᠡᠯᠲᠡ ᠶᠢᠨ ᠨᠢᠭᠡᠴᠡ ᠨᠦᠭᠦᠳ ︽ᠬᠡᠨ ᠪᠦᠲᠦᠭᠡᠨ ᠪᠠᠶᠢᠭᠤᠯᠪᠠᠯ᠂ ᠬᠡᠨ ᠬᠠᠮᠢᠶᠠᠷᠴᠤ᠂ ᠬᠡᠨ ᠬᠠᠮᠠᠭᠠᠯᠠᠬᠤ︾ ᠵᠠᠷᠴᠢᠮ ᠶᠣᠰᠣᠭᠠᠷ᠂ ᠰᠠᠭᠤᠭᠠᠯᠢ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠰᠡᠯᠪᠢᠨ ᠵᠠᠰᠠᠵᠤ ᠥᠭᠡᠷᠡᠴᠢᠯᠡᠬᠦ ᠬᠡᠷᠡᠭᠲᠡᠶ᠃ ᠲᠠᠪᠤ ᠳᠤ᠂ ᠥᠮᠴᠢᠲᠡᠨ ᠬᠤᠭᠤᠯᠠᠢ ᠲᠣᠣᠷ ᠤᠨ ᠤᠤᠯ ᠤᠨ ᠵᠢᠷᠤᠭ ᠲᠥᠯᠥᠪᠯᠡᠭᠡ ᠶᠢᠨ ᠲᠥᠰᠦᠯ ᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠂ ᠬᠤᠪᠢᠷᠠᠭᠤᠯᠬᠤ ᠴᠢᠬᠤᠯᠠᠲᠠᠢ ᠪᠣᠯ ᠡᠵᠡᠩᠨᠡᠯᠲᠡ ᠶᠢᠨ ᠨᠢᠭᠡᠴᠡ ᠶᠢᠨ ᠵᠥᠪᠰᠢᠶᠡᠷᠡᠯ ᠢ ᠣᠯᠤᠭᠰᠠᠨ ᠤ ᠳᠠᠷᠠᠭ᠎ᠠ ᠰᠠᠶ᠋ᠢ ᠬᠤᠪᠢᠷᠠᠭᠤᠯᠵᠤ ᠪᠣᠯᠤᠨ᠎ᠠ᠃              ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ              ᠣᠷᠴᠢᠭᠤᠯᠤᠭᠴᠢ᠄ ᠭᠡᠷᠡᠯ     ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2