ᠪᠣᠬᠢᠷᠳᠤᠯ ᠦᠭᠡᠢ ᠣᠷᠴᠢᠯ ᠠᠵᠤ ᠠᠬᠤᠢ ᠥᠪᠡᠷᠮᠢᠴᠡ ᠣᠨᠴᠠᠯᠢᠭ ᠢᠶᠠᠷ ᠢᠶᠠᠨ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠢᠶᠠᠨ ᠪᠠᠳᠠᠷᠠᠭᠤᠯᠤᠨ᠎ᠠ— ᠮᠠᠨ ᠤ ᠰᠢᠶᠠᠨ ᠬᠤᠲᠠ ᠶᠢᠨ ᠨᠠᠮ ᠤᠨ ᠬᠤᠷᠢᠶᠠᠨ ᠤ ᠳᠦᠷᠪᠡᠳᠦᠭᠡᠷ ᠬᠤᠭᠤᠴᠠᠭᠠᠨ ᠤ ᠶᠢᠰᠦᠳᠦᠭᠡᠷ ᠤᠳᠠᠭᠠᠨ ᠤ ᠪᠥᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠶᠢᠨ ᠴᠣᠬᠤᠰ ᠲᠡᠮᠳᠡᠭᠯᠡᠯ
ᠨᠡᠶᠢᠲᠡᠯᠡᠭᠰᠡᠨ ᠴᠠᠭ᠄
2020/8/25
   ᠮᠠᠨ ᠤ ᠰᠢᠶᠠᠨ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠠᠴᠠ ᠳᠤᠷᠠᠳᠤᠭᠰᠠᠨ ᠮᠠᠨ ᠤ ᠬᠤᠲᠠ ᠶᠢᠨ ᠣᠨᠴᠠᠯᠢᠭ ᠲᠠᠢ ᠡᠬᠢ ᠪᠠᠶᠠᠯᠢᠭ ᠤᠨ ᠳᠠᠪᠠᠭᠤᠯᠢᠭ ᠲᠠᠢ ᠨᠢᠭᠲᠠ ᠤᠶᠠᠯᠳᠤᠭᠤᠯᠤᠨ᠂ ᠭᠤᠤᠯᠯᠠᠬᠤ ᠠᠵᠤ ᠦᠢᠯᠡᠰ ᠤᠨ ᠱᠠᠭᠠᠷᠳᠠᠯᠭ᠎ᠠ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠤᠬᠠᠶ ᠶᠢᠨ ᠭᠠᠵᠠᠷ ᠤᠨ ᠣᠨᠴᠠᠯᠢᠭ ᠲᠠᠢ ᠨᠢᠭᠲᠠ ᠤᠶᠠᠯᠳᠤᠭᠤᠯᠤᠨ᠂ ᠨᠢᠭᠡ ᠲᠠᠯ᠎ᠠ ᠪᠠᠷ ᠮᠠᠩᠭᠠᠨ ᠤ ᠰᠢᠷᠢᠰ ᠰᠢᠨ᠎ᠡ ᠮᠠᠲ᠋ᠧᠷᠢᠶᠠᠯ ᠦᠢᠯᠡᠳᠬᠦ ᠦᠢᠯᠡᠰ ᠢ ᠠᠳᠬᠤᠵᠤ᠂ ᠠᠵᠤ ᠠᠬᠤᠢ ᠶᠢᠨ ᠪᠣᠳᠠᠲᠤ ᠬᠦᠴᠦᠨ ᠢ ᠪᠤᠵᠠᠭᠠᠶᠢᠷᠠᠭᠤᠯᠤᠨ᠎ᠠ︔ ᠨᠢᠭᠡ ᠲᠠᠯ᠎ᠠ ᠪᠠᠷ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠤ ᠦᠢᠯᠡᠰ ᠪᠣᠯᠤᠨ ᠭᠤᠷᠪᠠᠨ ᠬᠠᠶᠠᠭᠳᠠᠮᠠᠯ ᠪᠣᠳᠠᠰ ᠢ ᠣᠷᠴᠢᠯᠳᠤᠭᠤᠯᠤᠨ ᠲᠠᠬᠢᠨ ᠠᠰᠢᠭᠯᠠᠬᠤ ᠵᠦᠢᠯᠡᠰ ᠢ ᠬᠥᠭᠵᠢᠭᠦᠯᠵᠦ᠂ ᠠᠵᠤ ᠦᠢᠯᠡᠰ ᠢ ᠪᠣᠬᠢᠷᠲᠤᠯ ᠦᠭᠡᠢ ᠪᠣᠯᠭᠠᠬᠤ ᠪᠠ ᠣᠷᠴᠢᠯᠵᠢᠭᠤᠯᠬᠤ ᠴᠢᠭᠯᠡᠯ ᠲᠡᠶᠢᠰᠢ ᠬᠥᠭᠵᠢᠭᠦᠯᠬᠦ ᠶᠢ ᠪᠡᠶᠡᠯᠡᠭᠦᠯᠦᠨ᠎ᠡ᠃
   ᠮᠠᠨ ᠤ ᠰᠢᠶᠠᠨ ᠤ ᠲᠢᠶᠠᠨ ᠴᠧᠩ ᠲᠡᠮᠦᠷ ᠤᠨ ᠬᠠᠶᠢᠯᠤᠰᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ 10 ᠲᠦᠮᠡᠨ ᠲᠣᠨ ᠴᠠᠬᠢᠭᠤᠷ ᠮᠠᠩᠭᠠᠨ ᠤ ᠬᠠᠶᠢᠯᠤᠰᠢ ᠶᠢᠨ ᠠᠭᠤᠷᠬᠠᠶ ᠶᠢᠨ ᠢᠯᠴᠢ ᠶᠢᠨ ᠵᠤᠤᠬ᠎ᠠ ᠶᠢᠨ ᠮᠡᠷᠭᠡᠵᠢᠯ ᠤᠨ ᠥᠭᠡᠷᠡᠴᠢᠯᠡᠯᠲᠡ ᠵᠢᠴᠢ ᠰᠡᠭᠦᠯ ᠤᠨ ᠰᠢᠭᠠᠷᠤ᠂ ᠦᠯᠡᠳᠡᠭᠳᠡᠯ ᠬᠡᠢ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠶᠠᠭ ᠪᠠᠷᠢᠯᠭ᠎ᠠ ᠪᠠᠷᠢᠵᠤ ᠪᠠᠶᠢᠭ᠎ᠠ ᠬᠤᠭᠤᠴᠠᠭᠠᠨ ᠳᠠᠭᠠᠨ ᠪᠠᠶᠢᠨ᠎ᠠ᠃ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 1.7 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ ᠣᠷᠴᠢᠨ ᠠᠬᠤᠶ ᠶᠢᠨ ᠬᠠᠮᠠᠭᠠᠯᠠᠯᠲᠠ ᠶᠢᠨ ᠪᠠᠯᠠ ᠣᠷᠣᠭᠤᠯᠤᠯᠲᠠ 2400 ᠲᠦᠮᠡᠨ ᠲᠥᠭᠦᠷᠢᠭ ᠪᠠᠶᠢᠵᠤ᠂ ᠣᠲᠣ ᠪᠠᠶᠢᠭ᠎ᠠ 25500 ᠺᠢᠯᠣᠸᠠᠲ ᠠᠮᠫᠧᠷ ᠴᠠᠬᠢᠭᠤᠷ ᠮᠠᠩᠭᠠᠨ ᠬᠠᠭᠠᠰ ᠪᠢᠲᠡᠭᠦᠮᠵᠢᠯᠡᠭᠰᠡᠨ ᠠᠭᠤᠷᠬᠠᠶ ᠶᠢᠨ ᠢᠯᠴᠢ ᠶᠢᠨ ᠵᠤᠤᠬ᠎ᠠ ᠶᠢᠨ ᠮᠡᠷᠭᠡᠵᠢᠯ ᠢ ᠪᠦᠷᠢᠨ ᠪᠢᠲᠡᠭᠦᠮᠵᠢᠯᠡᠭᠰᠡᠨ ᠠᠭᠤᠷᠬᠠᠶ ᠶᠢᠨ ᠢᠯᠴᠢ ᠶᠢᠨ ᠵᠤᠤᠬ᠎ᠠ ᠪᠣᠯᠭᠠᠨ ᠥᠭᠡᠷᠡᠴᠢᠯᠡᠬᠦ ᠪᠠᠷ ᠪᠣᠶ᠃ 10 ᠲᠦᠮᠡᠨ ᠲᠣᠨ ᠦᠯᠡᠳᠡᠭᠳᠡᠯ ᠰᠢᠭᠠᠷᠤ ᠶᠢ ᠬᠥᠪᠥᠩ ᠦᠢᠯᠡᠳᠬᠦ ᠦᠢᠯᠡᠳᠪᠤᠷᠢᠯᠡᠯ ᠤᠨ ᠱᠤᠭᠤᠮ ᠢ ᠰᠢᠨ᠎ᠡ ᠪᠠᠷ ᠪᠠᠶᠢᠭᠤᠯᠵᠦ᠂ ᠵᠣᠬᠢᠴᠠᠩᠭᠤᠶ ᠪᠦᠬᠦᠢ ᠨᠡᠶᠢᠲᠡ ᠶᠢᠨ ᠬᠡᠷᠡᠭᠯᠡᠭᠡᠨ ᠤ ᠲᠤᠰᠠᠯᠠᠬᠤ ᠢᠨᠵᠧᠨᠧᠷᠢᠩ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠨᠵᠧᠨᠧᠷᠢᠩ ᠢ ᠥᠭᠡᠷᠡᠴᠢᠯᠡᠬᠦ ᠬᠡᠷᠡᠭᠲᠡᠶ᠃ ᠡᠭᠦᠨ ᠤ ᠬᠠᠮᠲᠤ ᠴᠠᠬᠢᠯᠭᠠᠨ ᠵᠤᠤᠬ᠎ᠠ ᠶᠢᠨ ᠰᠡᠭᠦᠯ ᠤᠨ ᠬᠡᠢ ᠶᠢ ᠶᠡᠷᠦᠩᠬᠡᠶᠢᠯᠡᠨ ᠠᠰᠢᠭᠯᠠᠬᠤ ᠰᠢᠰᠲ᠋ᠧᠮ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ ᠴᠠᠬᠢᠯᠭᠠᠨ ᠭᠠᠷᠭᠠᠬᠤ ᠳᠤ ᠬᠡᠷᠡᠭᠯᠡᠬᠦ ᠬᠡᠷᠡᠭᠲᠡᠶ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠯ ᠳᠤ ᠴᠠᠬᠢᠭᠤᠷ ᠮᠠᠩᠭᠠᠨ ᠤ ᠬᠠᠶᠢᠯᠤᠰᠢ 10 ᠲᠦᠮᠡᠨ ᠲᠣᠨ ᠦᠢᠯᠡᠳᠪᠤᠷᠢᠯᠡᠵᠦ᠂ ᠳᠤᠯᠠᠭᠠᠯᠠᠭ᠎ᠠ ᠶᠢᠨ ᠬᠥᠪᠥᠩ 10 ᠲᠦᠮᠡᠨ ᠲᠣᠨ᠂  ᠵᠢᠱᠢᠯᠲᠡ ᠪᠠᠷ ᠡᠨᠡ ᠵᠢᠯ ᠤᠨ 9 ᠰᠠᠷ᠎ᠠ ᠳᠤ ᠠᠰᠢᠭᠯᠠᠯᠲᠠ ᠳᠤ ᠣᠷᠣᠨ᠎ᠠ᠃
   ᠰᠤᠷᠪᠤᠯᠵᠢᠯᠠᠭᠴᠢ ᠣᠯᠵᠤ ᠮᠡᠳᠡᠭᠰᠡᠨ ᠨᠢ᠂ ᠣᠳᠣᠬᠠᠨ ᠳᠤ ᠲᠥᠷᠥᠯ ᠵᠦᠢᠯ ᠨᠢᠭᠡᠨᠲᠡ ᠦᠨᠳᠦᠰᠦᠨ ᠳᠡᠭᠡᠨ ᠳᠠᠭᠤᠰᠴᠤ᠂ ᠮᠡᠷᠭᠡᠵᠢᠯ ᠤᠨ ᠥᠭᠡᠷᠡᠴᠢᠯᠡᠯᠲᠡ ᠶᠢᠨ ᠳᠠᠷᠠᠭ᠎ᠠ᠂ ᠤᠤᠯ ᠤᠨ ᠬᠦᠳᠡᠷ ᠤᠨ ᠢᠯᠴᠢ ᠶᠢᠨ ᠵᠤᠤᠬ᠎ᠠ ᠠᠴᠠ ᠡᠭᠦᠰᠦᠭᠰᠡᠨ ᠨᠡᠭᠦᠷᠡᠰᠦᠨ ᠬᠡᠢ ᠶᠢ ᠴᠡᠪᠡᠷᠰᠢᠭᠦᠯᠦᠭᠰᠡᠨ ᠤ ᠳᠠᠷᠠᠭ᠎ᠠ᠂ ᠪᠦᠬᠦᠨ ᠢ ᠴᠤᠭᠯᠠᠭᠤᠯᠵᠤ᠂ ᠵᠠᠯᠭᠠᠮᠵᠢ ᠴᠠᠬᠢᠯᠭᠠᠨ ᠭᠠᠷᠭᠠᠯᠲᠠ ᠶᠢᠨ ᠠᠰᠢᠭᠯᠠᠯᠲᠠ ᠳᠤ ᠬᠡᠷᠡᠭᠯᠡᠵᠦ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠪᠦᠲᠦᠮᠵᠢᠲᠡᠶ ᠪᠡᠶᠡᠯᠡᠭᠦᠯᠵᠡᠶ᠃
   ᠣᠶᠢᠯᠠᠭᠠᠭᠰᠠᠨ ᠢᠶᠠᠷ᠂ ᠺᠣᠮᠫᠠᠨᠢ ᠨᠢ ᠮᠠᠨ ᠤ ᠰᠢᠶᠠᠨ ᠤ ᠴᠠᠩᠱᠦ᠋ᠨ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠲᠤ ᠪᠠᠶᠢᠷᠢᠯᠠᠵᠤ᠂ ᠴᠠᠬᠢᠭᠤᠷ ᠮᠠᠩᠭᠠᠨ ᠤ ᠬᠠᠶᠢᠯᠤᠰᠢ ᠶᠢ ᠲᠤᠰᠬᠠᠶᠢᠯᠠᠨ ᠦᠢᠯᠡᠳᠪᠦᠷᠢᠯᠡᠳᠡᠭ ᠠᠵᠤ ᠠᠬᠤᠶᠢᠯᠠᠯ ᠪᠣᠯᠬᠤ ᠪᠥᠭᠡᠳ ᠵᠢᠯ ᠳᠤ ᠴᠠᠬᠢᠭᠤᠷ ᠮᠠᠩᠭᠠᠨ ᠤ ᠬᠠᠶᠢᠯᠤᠰᠢ ᠶᠢ 22 ᠲᠦᠮᠡᠨ ᠲᠣᠨ ᠦᠢᠯᠡᠳᠪᠤᠷᠢᠯᠡᠵᠦ᠂ ᠳᠤᠮᠳᠠ ᠳᠣᠤᠷ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠶ ᠬᠠᠶᠢᠯᠤᠰᠢ 3 ᠲᠦᠮᠡᠨ ᠲᠣᠨ᠂ ᠺᠣᠮᠫᠠᠨᠢ ᠶᠢᠨ 2019 ᠣᠨ ᠤ ᠪᠣᠷᠣᠯᠠᠭᠤᠯᠤᠯᠲᠠ ᠶᠢᠨ ᠣᠷᠣᠯᠭ᠎ᠠ 16.9 ᠳ᠋ᠦᠩᠰᠢᠭᠤᠷ ᠭᠠᠷᠤᠶ ᠲᠥᠭᠦᠷᠢᠭ ᠲᠤ ᠬᠦᠷᠴᠦ᠂ 2712 ᠲᠦᠮᠡᠨ ᠲᠥᠭᠦᠷᠢᠭ ᠤᠨ ᠠᠰᠢᠭ ᠭᠠᠶᠢᠯᠢ ᠶᠢ ᠪᠡᠶᠡᠯᠡᠭᠦᠯᠪᠡ᠃    ︽ᠪᠢᠳᠡ ᠴᠤ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠲᠣᠨᠤᠭ ᠲᠥᠬᠦᠭᠡᠷᠦᠮᠵᠢ ᠪᠠᠨ ᠢᠳᠡᠪᠬᠢᠲᠡᠢ ᠰᠠᠶᠢᠵᠢᠷᠠᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠰᠢᠨ᠎ᠡ ᠬᠡᠯᠪᠡᠷᠢ ᠶᠢᠨ ᠠᠵᠤ ᠦᠢᠯᠡᠳᠪᠤᠷᠢ ᠶᠢᠨ ᠠᠵᠤ ᠠᠬᠤᠶᠢᠯᠠᠯ ᠢ ᠣᠯᠠᠨ ᠡᠰᠢᠵᠢᠭᠦᠯᠦᠨ ᠬᠥᠭᠵᠢᠭᠦᠯᠬᠦ᠂ ᠣᠷᠴᠢᠯᠳᠤᠭᠤᠯᠤᠨ ᠠᠰᠢᠭᠯᠠᠬᠤ ᠲᠡᠰᠢ ᠴᠢᠷᠮᠠᠶᠢᠨ ᠣᠶᠢᠷᠠᠲᠤᠭᠤᠯᠤᠨ᠎ᠠ︾ ᠭᠡᠵᠦ ᠮᠠᠨ ᠤ ᠰᠢᠶᠠᠨ ᠤ ᠲᠢᠶᠠᠨ ᠴᠧᠩ ᠲᠡᠮᠦᠷ ᠤᠨ ᠬᠠᠶᠢᠯᠤᠰᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠢᠨᠵᠧᠨᠧᠷ ᠾᠧᠦ ᠰᠤ᠋ ᠪᠥᠸᠧ ᠬᠡᠯᠡᠨ᠎ᠡ᠃
    ᠡᠨᠡ ᠵᠢᠯ᠂ ᠮᠠᠨ ᠤ ᠰᠢᠶᠠᠨ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠶᠢ ᠵᠠᠰᠠᠨ ᠨᠠᠶᠢᠷᠠᠭᠤᠯᠵᠤ᠂ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠦᠨᠡᠯᠡᠯᠲᠡ ᠶᠢᠨ ᠬᠢᠨᠠᠨ ᠪᠠᠶᠢᠴᠠᠭᠠᠯᠲᠠ ᠶᠢ ᠪᠡᠶᠡᠯᠡᠭᠦᠯᠵᠦ᠂ ᠮᠠᠩᠭᠠᠨ ᠤ ᠰᠢᠷᠢᠰ ᠰᠢᠨ᠎ᠡ ᠮᠠᠲ᠋ᠧᠷᠢᠶᠠᠯ ᠵᠢᠴᠢ ᠳᠣᠣᠷᠠᠳᠤ ᠤᠷᠤᠰᠬᠠᠯ ᠤᠨ ᠦᠢᠯᠡᠳᠬᠦᠨ ᠢᠶᠠᠷ ᠭᠤᠣᠯ ᠪᠣᠯᠭᠠᠵᠤ᠂ ᠲᠣᠨᠣᠭᠯᠠᠯ ᠦᠢᠯᠡᠳᠬᠦ ᠲᠣᠭᠤᠷᠢᠭ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠢᠶᠠᠷ ᠬᠠᠪᠰᠤᠷᠤᠮᠵᠢ ᠪᠣᠯᠭᠠᠭᠰᠠᠨ ᠣᠷᠴᠢᠯ ᠬᠥᠭᠵᠢᠯᠲᠡ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠦᠷᠢᠯᠳᠦᠭᠦᠯᠵᠦ ᠪᠠᠶᠢᠨ᠎ᠠ᠃
   ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠰᠡᠭᠦᠯ ᠤᠨ ᠬᠡᠢ ᠶᠢᠨ ᠦᠯᠡᠳᠡᠪᠦᠷᠢ ᠢᠯᠴᠢ ᠶᠢ ᠶᠡᠷᠦᠩᠬᠡᠶᠢᠯᠡᠨ ᠳᠠᠬᠢᠨ ᠠᠰᠢᠭᠯᠠᠬᠤ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠪᠣᠬᠢᠷᠲᠤᠯ ᠦᠭᠡᠢ ᠣᠷᠴᠢᠯ ᠠᠵᠤ ᠠᠬᠤᠶ ᠶᠢ ᠶᠡᠬᠡᠪᠡᠷ ᠬᠥᠭᠵᠢᠭᠦᠯᠦᠨ᠎ᠡ᠃ ᠰᠢᠨ᠎ᠡ ᠬᠥᠭᠵᠢᠯᠲᠡ ᠶᠢᠨ ᠣᠨᠣᠯᠵᠢᠬᠤᠨ ᠢ ᠦᠢᠯᠡᠳᠦᠯᠭᠡᠵᠢᠭᠦᠯᠵᠦ᠂ ᠪᠣᠬᠢᠷᠲᠤᠯ ᠥᠬᠡᠶ ᠡᠨᠧᠷᠭᠢ ᠠᠷᠪᠢᠯᠠᠬᠤ᠂ ᠣᠷᠴᠢᠨ ᠲᠣᠭᠤᠷᠢᠨ ᠤ ᠬᠠᠮᠠᠭᠠᠯᠠᠯᠲᠠ ᠥᠨᠳᠥᠷ ᠦᠷ᠎ᠡ ᠠᠰᠢᠭ ᠢᠶᠠᠷ ᠤᠷᠢᠲᠠᠯ ᠪᠣᠯᠭᠠᠬᠤ ᠶᠢ ᠪᠠᠷᠢᠮᠲᠠᠯᠠᠵᠤ᠂ ᠳᠡᠭᠡᠳᠦ ᠲᠠᠰ ᠤᠨ ᠮᠠᠩᠭᠠᠨ ᠤ ᠰᠢᠰᠲ᠋ᠧᠮ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠴᠥᠬᠦᠷᠡᠰᠢ ᠥᠬᠡᠶ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠴᠢᠨᠠᠷ ᠰᠠᠶᠢᠲᠠᠶ ᠴᠠᠬᠢᠭᠤᠷ ᠴᠢᠯᠠᠭᠤ᠂ ᠺᠠᠯᠢ ᠨᠠᠲᠷᠢ ᠶᠢᠨ ᠣᠷᠳᠣ ᠴᠢᠯᠠᠭᠤ᠂ ᠰᠢᠯ ᠴᠢᠯᠠᠭᠤ ᠵᠡᠷᠭᠡ ᠡᠬᠢ ᠪᠠᠶᠠᠯᠢᠭ ᠢ ᠰᠠᠶᠢᠲᠤᠷ ᠬᠡᠷᠡᠭᠯᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠪᠣᠯᠤᠨ ᠭᠤᠷᠪᠠᠨ ᠬᠠᠶᠠᠭᠳᠠᠮᠠᠯ ᠪᠣᠳᠠᠰ ᠢ ᠣᠷᠴᠢᠯᠳᠤᠭᠤᠯᠤᠨ ᠳᠠᠬᠢᠨ ᠠᠰᠢᠭᠯᠠᠬᠤ ᠲᠥᠷᠥᠯ ᠵᠦᠢᠯ ᠢ ᠶᠡᠬᠡᠪᠡᠷ ᠬᠥᠭᠵᠢᠭᠦᠯᠦᠨ᠎ᠡ᠃ ︽ᠬᠠᠶᠢᠯᠤᠰᠢ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠢᠯᠣᠭᠤᠳᠬᠤ ᠰᠠᠨᠠᠯ︾ ᠢ ᠴᠢᠩᠭ᠎ᠠ ᠨᠠᠶᠢᠳᠠᠪᠤᠷᠢᠵᠢᠭᠤᠯᠵᠤ᠂ ᠮᠠᠰᠢᠨ ᠢᠶᠠᠷ ᠬᠥᠮᠦᠨ ᠢ ᠣᠷᠤᠯᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠦᠢᠯᠡᠳᠪᠤᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠤᠨ᠂ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃                ᠵᠣᠬᠢᠶᠠᠭᠴᠢ᠄ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ                ᠣᠷᠴᠢᠭᠤᠯᠤᠭᠴᠢ᠄ ᠭᠡᠷᠡᠯ       ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2