ᠬᠤᠸᠠᠳᠧ ᠰᠢᠶᠠᠨ 10 ᠲᠦᠮᠡᠨ ᠲᠣᠨ ᠴᠠᠬᠢᠭᠤᠷ ᠮᠠᠩᠭᠠᠨ ᠤ ᠬᠠᠶᠢᠯᠤᠰᠢ ᠶᠢᠨ ᠠᠭᠤᠷᠬᠠᠢ ᠶᠢᠨ ᠢᠯᠴᠢ ᠶᠢᠨ ᠵᠤᠤᠬ᠎ᠠ ᠶᠢᠨ ᠮᠡᠷᠭᠡᠵᠢᠯ ᠤᠨ ᠥᠭᠡᠷᠡᠴᠢᠯᠡᠯᠲᠡ ᠵᠢᠴᠢ ᠰᠡᠭᠦᠯ ᠤᠨ ᠰᠢᠭᠠᠷᠤ᠂ ᠦᠯᠡᠳᠡᠪᠦᠷᠢ ᠬᠡᠢ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠤᠨ ᠠᠬᠢᠯᠲᠠ ᠶᠢᠨ ᠪᠠᠶᠢᠳᠠᠯ
ᠨᠡᠶᠢᠲᠡᠯᠡᠭᠰᠡᠨ ᠴᠠᠭ᠄
2020/9/19
   ᠬᠤᠸᠠᠳᠧ ᠰᠢᠶᠠᠨ ᠤ ᠲᠢᠶᠠᠨ ᠴᠧᠩ ᠲᠡᠮᠦᠷ ᠤᠨ ᠬᠠᠶᠢᠯᠤᠰᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 10 ᠲᠦᠮᠡᠨ ᠲᠣᠨ ᠴᠠᠬᠢᠭᠤᠷ ᠮᠠᠩᠭᠠᠨ ᠤ ᠬᠠᠶᠢᠯᠤᠰᠢ ᠶᠢᠨ ᠠᠭᠤᠷᠬᠠᠢ ᠶᠢᠨ ᠢᠯᠴᠢ ᠶᠢᠨ ᠵᠤᠤᠬ᠎ᠠ ᠶᠢᠨ ᠮᠡᠷᠭᠡᠵᠢᠯ ᠤᠨ ᠥᠭᠡᠷᠡᠴᠢᠯᠡᠯᠲᠡ ᠵᠢᠴᠢ ᠰᠡᠭᠦᠯ ᠤᠨ ᠰᠢᠭᠠᠷᠤ᠂ ᠦᠯᠡᠳᠡᠪᠦᠷᠢ ᠬᠡᠢ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠶᠠᠭ ᠪᠠᠶᠢᠭᠤᠯᠵᠤ ᠪᠠᠶᠢᠨ᠎ᠠ᠃ ᠲᠥᠷᠥᠯ  ᠵᠦᠢᠯ ᠤᠨ ᠶᠡᠷᠦᠩᠬᠡᠶ ᠪᠠᠯᠠ ᠣᠷᠣᠭᠤᠯᠤᠯᠲᠠ 1.7 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ ᠣᠷᠴᠢᠨ ᠠᠬᠤᠶ ᠶᠢᠨ ᠬᠠᠮᠠᠭᠠᠯᠠᠯᠲᠠ ᠶᠢᠨ ᠪᠠᠯᠠ ᠣᠷᠣᠭᠤᠯᠤᠯᠲᠠ 2400 ᠲᠦᠮᠡᠨ ᠲᠥᠭᠦᠷᠢᠭ ᠪᠠᠶᠢᠵᠤ᠂ ᠣᠲᠣ ᠪᠠᠶᠢᠭ᠎ᠠ 25500 ᠺᠢᠯᠣᠸᠠᠲ ᠠᠮᠫᠧᠷ ᠴᠠᠬᠢᠭᠤᠷ ᠮᠠᠩᠭᠠᠨ ᠬᠠᠭᠠᠰ ᠪᠢᠲᠡᠭᠦᠮᠵᠢᠯᠡᠭᠰᠡᠨ ᠠᠭᠤᠷᠬᠠᠶ ᠶᠢᠨ ᠢᠯᠴᠢ ᠶᠢᠨ ᠵᠤᠤᠬ᠎ᠠ ᠶᠢᠨ ᠮᠡᠷᠭᠡᠵᠢᠯ ᠢ ᠪᠦᠷᠢᠨ ᠪᠢᠲᠡᠭᠦᠮᠵᠢᠯᠡᠭᠰᠡᠨ ᠠᠭᠤᠷᠬᠠᠶ ᠶᠢᠨ ᠢᠯᠴᠢ ᠶᠢᠨ ᠵᠤᠤᠬ᠎ᠠ ᠪᠣᠯᠭᠠᠨ ᠥᠭᠡᠷᠡᠴᠢᠯᠡᠬᠦ ᠪᠠᠷ ᠪᠣᠶ᠃ 10 ᠲᠦᠮᠡᠨ ᠲᠣᠨ ᠬᠡᠮᠬᠡᠳᠡᠭ ᠪᠣᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠢ ᠰᠢᠨ᠎ᠡ ᠪᠠᠷ ᠪᠠᠶᠢᠭᠤᠯᠵᠤ᠂ ᠵᠣᠬᠢᠴᠠᠩᠭᠤᠶ ᠪᠦᠬᠦᠢ ᠨᠡᠶᠢᠲᠡ ᠶᠢᠨ ᠬᠡᠷᠡᠭᠯᠡᠭᠡᠨ ᠤ ᠲᠤᠰᠠᠯᠠᠬᠤ ᠢᠨᠵᠧᠨᠧᠷᠢᠩ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠨᠵᠧᠨᠧᠷᠢᠩ ᠢ ᠥᠭᠡᠷᠡᠴᠢᠯᠡᠬᠦ ᠶᠢᠨ ᠬᠠᠮᠲᠤ ᠴᠠᠬᠢᠯᠭᠠᠨ ᠵᠤᠤᠬ᠎ᠠ ᠶᠢᠨ ᠦᠯᠡᠳᠡᠭᠳᠡᠯ ᠬᠡᠢ ᠶᠢ ᠶᠡᠷᠦᠩᠬᠡᠶᠢᠯᠡᠨ ᠠᠰᠢᠭᠯᠠᠬᠤ ᠰᠢᠰᠲ᠋ᠧᠮ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ ᠴᠠᠬᠢᠯᠭᠠᠨ ᠭᠠᠷᠭᠠᠬᠤ ᠳᠤ ᠬᠡᠷᠡᠭᠯᠡᠨ᠎ᠡ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠯ ᠳᠤ ᠴᠠᠬᠢᠭᠤᠷ ᠮᠠᠩᠭᠠᠨ ᠤ ᠬᠠᠶᠢᠯᠤᠰᠢ 10 ᠲᠦᠮᠡᠨ ᠲᠣᠨ ᠦᠢᠯᠡᠳᠪᠤᠷᠢᠯᠡᠵᠦ᠂ ᠳᠤᠯᠠᠭᠠᠨ ᠬᠠᠳᠠᠭᠠᠯᠠᠬᠤ ᠬᠥᠪᠥᠩ 10 ᠲᠦᠮᠡᠨ ᠲᠣᠨ ᠪᠠᠶᠢᠵᠤ᠂ ᠵᠢᠱᠢᠯᠲᠡ ᠪᠠᠷ ᠡᠨᠡ ᠵᠢᠯ ᠤᠨ 9 ᠰᠠᠷ᠎ᠠ ᠳᠤ ᠠᠰᠢᠭᠯᠠᠯᠲᠠ ᠳᠤ ᠣᠷᠣᠨ᠎ᠠ᠃              ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ              ᠣᠷᠴᠢᠭᠤᠯᠤᠭᠴᠢ᠄ ᠭᠡᠷᠡᠯ     ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2