ᠦᠨᠳᠦᠰᠦᠲᠡᠨ ᠤ ᠪᠦᠯᠬᠦᠮᠳᠡᠯ ᠢ ᠬᠠᠮᠠᠭᠠᠯᠠᠵᠤ ᠂ ᠡᠶ᠎ᠡ ᠵᠣᠬᠢᠴᠠᠯ ᠲᠠᠢ ᠬᠤᠸᠠᠳᠧ ᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2020/9/24
ᠦᠨᠳᠦᠰᠦᠲᠡᠨ ᠤ ᠪᠦᠯᠬᠦᠮᠳᠡᠯ ᠢ ᠬᠠᠮᠠᠭᠠᠯᠠᠵᠤ  ᠂ ᠡᠶ᠎ᠡ ᠵᠣᠬᠢᠴᠠᠯ ᠲᠠᠢ ᠬᠤᠸᠠᠳᠧ ᠢ ᠪᠠᠶᠢᠭᠤᠯᠤᠨ᠎ᠠ     — ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ  ᠵᠦᠪᠯᠡᠯ  ᠤᠨ ᠡᠷᠬᠢᠯᠡᠭᠴᠢ ᠪᠦᠦ  ᠭᠥᠸᠧ ᠬᠤᠩ
   ᠬᠤᠸᠠᠳᠧ ᠰᠢᠶᠠᠨ ᠳᠤ ᠬᠢᠲᠠᠳ᠂ ᠮᠣᠩᠭᠤᠯ᠂ ᠬᠤᠲᠣᠩ᠂ ᠮᠠᠨᠵᠤ ᠵᠡᠷᠭᠡ 20 ᠦᠨᠳᠦᠰᠦᠲᠡᠨ  ᠰᠠᠭᠤᠵᠤ ᠪᠠᠶᠢᠳᠠᠭ᠃ ᠴᠥᠭᠡᠨ ᠲᠣᠭᠠᠲᠤ ᠦᠨᠳᠦᠰᠦᠲᠡᠨ ᠤ ᠬᠥᠮᠦᠨ ᠠᠮᠠ 4101 ᠪᠠᠶᠢᠵᠤ᠂ ᠪᠦᠬᠦ ᠬᠥᠮᠦᠨ ᠠᠮᠠ ᠶᠢᠨ 2.3% ᠶᠢ ᠡᠵᠡᠯᠡᠵᠦ᠂ ᠮᠣᠩᠭᠤᠯ ᠦᠨᠳᠦᠰᠦᠲᠡᠨ 3527 ᠬᠥᠮᠦᠨ ᠠᠮᠠ ᠲᠠᠢ᠃ ᠭᠤᠣᠯᠳᠠᠭᠤ ᠴᠢ ᠬᠤᠤ ᠪᠠᠯᠭᠠᠰᠤᠨ ᠤ ᠪᠦᠯᠬᠦᠮᠳᠡᠯ᠂ ᠺᠦᠡᠭ ᠳ᠋ᠦ᠋ ᠶᠢᠩ ᠲᠣᠰᠬᠤᠨ ᠪᠠ ᠴᠠᠩ ᠱᠦᠨ ᠪᠠᠯᠭᠠᠰᠤᠨ ᠤ ᠳ᠋ᠧᠦ ᠵᠢᠶᠠ ᠳ᠋ᠢ ᠲᠣᠰᠬᠤᠨ ᠳᠤ ᠲᠠᠷᠬᠠᠵᠤ ᠪᠠᠶᠢᠨ᠎ᠠ᠃    ᠨᠢᠭᠡ᠂ ᠦᠨᠳᠦᠰᠦᠲᠡᠨ ᠤ ᠠᠷᠠᠯᠵᠢᠶ᠎ᠠ ᠠᠷᠠᠳ ᠤᠨ ᠬᠡᠷᠡᠭᠯᠡᠭᠡᠨ ᠤ ᠵᠦᠢᠯ ᠤᠨ ᠠᠵᠤ ᠠᠬᠤᠶᠢᠯᠠᠯ ‍ᠤᠨ‌ᠠᠵᠢᠯ ᠤᠨ ᠲᠠᠯ᠎ᠠ ᠪᠠᠷ᠃ ᠠᠷᠠᠳ ᠤᠨ ᠠᠷᠠᠯᠵᠢᠶ᠎ᠠ ᠠᠷᠠᠳ ᠤᠨ ᠪᠦᠲᠦᠭᠡᠭᠳᠡᠬᠦᠨ ᠤ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠬᠦ ᠶᠢᠨ ᠲᠥᠯᠥᠭᠡ ᠠᠷᠠᠳ ᠤᠨ ᠠᠷᠠᠯᠵᠢᠶ᠎ᠠ ᠠᠷᠠᠳ ᠤᠨ ᠪᠦᠲᠦᠭᠡᠭᠳᠡᠬᠦᠨ ᠤ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠲᠡᠳᠬᠦᠵᠦ᠂ ᠬᠤᠸᠠᠳᠧ ᠰᠢᠶᠠᠨ ᠤ ᠠᠵᠤ ᠠᠬᠤᠶ ᠶᠢᠨ ᠬᠥᠭᠵᠢᠯᠲᠡ ᠶᠢ ᠲᠦᠷᠭᠡᠳᠬᠡᠵᠡᠶ᠃ ᠬᠤᠸᠠᠳᠧ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠡᠮᠦᠨ᠎ᠡ ᠬᠡᠳᠦᠨ ᠵᠢᠯ ᠤᠨ ᠦᠨᠳᠦᠰᠦᠲᠡᠨ ᠤ  ᠠᠷᠠᠯᠵᠢᠶᠠᠨ ᠤ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠠᠵᠢᠯ ᠢ ᠳ᠋ᠦᠩᠨᠡᠭᠰᠡᠨ ᠰᠠᠭᠤᠷᠢᠨ ᠳᠡᠭᠡᠷ᠎ᠡ᠂ 2020 ᠣᠨ ᠤ ᠦᠨᠳᠦᠰᠦᠲᠡᠨ ᠤ ᠠᠷᠠᠯᠵᠢᠶ᠎ᠠ ᠠᠷᠠᠳ ᠤᠨ ᠬᠡᠷᠡᠭᠯᠡᠭᠡᠨ ᠤ ᠵᠦᠢᠯ ᠤᠨ ᠠᠵᠤ ᠠᠬᠤᠶᠢᠯᠠᠯ ᠢ ᠭᠤᠶᠤᠴᠢᠯᠠᠨ ᠮᠡᠳᠡᠭᠦᠯᠵᠦ ᠮᠠᠭᠠᠳᠯᠠᠨ ᠲᠣᠭᠲᠠᠭᠠᠬᠤ ᠠᠵᠢᠯ ᠢ ᠬᠢᠨᠠᠮᠠᠭᠠᠶ ᠥᠷᠨᠢᠭᠦᠯᠦᠨ᠎ᠡ᠃ ᠬᠤᠸᠠᠳᠧ ᠰᠢᠶᠠᠨ ᠤ ᠮᠧᠩ ᠢ ᠯᠦᠩ ᠬᠤᠪᠴᠠᠰᠤ ᠬᠤᠨᠠᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠤᠩᠭᠤᠯ‌‍ᠤᠨ  ᠾᠧᠦ ᠳ᠋ᠧ ᠶᠢᠨ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠨᠢ‌ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠠᠷᠠᠯᠵᠢᠶᠠᠨ ᠤ ᠠᠵᠤ ᠠᠬᠤᠶᠢᠯᠠᠯ ᠢᠶᠠᠷ ᠦᠨᠡᠯᠡᠭᠳᠡᠪᠡ᠃    ᠬᠤᠶᠠᠷ᠂ ᠯᠠᠯᠤ ᠶᠢᠨ ᠢᠳᠡᠭᠡᠨ ᠤ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠠᠯ᠎ᠠ ᠪᠠᠷ᠃ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠤ ᠯᠠᠯᠤ ᠶᠢᠨ ᠤᠬᠠᠭᠳᠠᠬᠤᠨ ᠠᠴᠠ ᠭᠠᠳᠠᠨ᠎ᠠ ᠯᠠᠯᠤ ᠶᠢᠨ ᠪᠡᠯᠭᠡ ᠳᠡᠮᠳᠡᠭ ᠬᠡᠷᠡᠭᠯᠡᠭᠰᠡᠨ ᠦᠢᠯᠡᠳᠬᠦᠨ ᠤ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠯᠠᠯᠤ ᠶᠢᠨ ᠢᠳᠡᠭᠡᠨ ᠤ ᠵᠠᠭᠠᠭ  ᠨᠢ ᠲᠣᠳᠣᠷᠬᠠᠶ ᠲᠣᠭᠲᠠᠭᠠᠵᠤ᠂ ᠪᠠᠷᠠᠭ᠎ᠠ ᠣᠷᠣᠭᠤᠯᠬᠤ ᠶᠠᠪᠤᠴᠠ ᠳᠤ ᠯᠠᠯᠤ ᠶᠢᠨ ᠢᠳᠡᠭᠡᠨ ᠢ ᠮᠢᠬᠠᠨ ᠤ ᠵᠦᠢᠯ᠂ ᠠᠮᠢᠲᠠᠨ ᠤ ᠲᠣᠰᠣ᠂ ᠴᠠᠭᠠᠨ ᠢᠳᠡᠭᠡ  ᠵᠢᠴᠢ ᠡᠭᠦᠰᠦᠮᠡᠯ ᠪᠣᠳᠠᠰ ᠤᠨ ᠲᠠᠸᠠᠷ ᠤᠨ ᠬᠡᠪᠴᠢᠶᠡᠨ ᠳᠤ ᠬᠢᠵᠠᠭᠠᠷᠯᠠᠨ ᠲᠣᠭᠲᠠᠭᠠᠵᠤ᠂ ᠡᠯ᠎ᠡ ᠲᠥᠷᠥᠯ ᠤᠨ ︽ᠬᠠᠭᠤᠷᠮᠠᠭ ᠯᠠᠯᠤ︾ ᠲᠠᠸᠠᠷ ᠵᠡᠷᠭᠡ ᠵᠠᠬ᠎ᠠ ᠳᠡᠯᠭᠡᠭᠦᠷ ᠲᠤ ᠣᠷᠣᠵᠤ ᠢᠷᠡᠬᠦ ᠶᠢ ᠰᠡᠷᠭᠡᠶᠢᠯᠡᠬᠦ ᠬᠡᠷᠡᠭᠲᠡᠶ ᠭᠡᠵᠦ ᠲᠣᠳᠣᠷᠬᠠᠶ ᠳᠤᠷᠠᠳᠴᠠᠶ᠃ ︽ᠯᠠᠯᠤ︾ ᠤᠬᠠᠭᠳᠠᠬᠤᠨ ᠰᠠᠮᠠᠭᠤᠷᠠᠬᠤ ᠦᠵᠡᠭᠳᠡᠯ ᠭᠠᠷᠴᠤ᠂ ᠡᠭᠦᠨ ᠤ ᠬᠠᠮᠲᠤ ᠪᠣᠷᠣᠯᠠᠭᠤᠯᠬᠤ ᠬᠤᠳᠠᠯᠳᠤᠭᠠᠴᠢᠨ ᠤ ᠠᠰᠢᠭ ᠣᠯᠬᠤ ᠵᠣᠷᠢᠯᠭ᠎ᠠ ᠪᠠᠷ ᠯᠠᠯᠤ ᠶᠢᠨ ᠲᠡᠮᠳᠡᠭ ᠢ ᠳᠤᠷ᠎ᠠ ᠪᠠᠷ ᠢᠶᠠᠨ ᠬᠡᠷᠡᠭᠯᠡᠵᠦ ᠪᠣᠯᠬᠤ ᠦᠭᠡᠶ᠃  ︽ᠯᠠᠯᠤ ᠶᠢᠨ ᠨᠠᠷᠮᠠᠶ︾ ᠦᠵᠡᠭᠳᠡᠯ ᠢ ᠬᠥᠭᠵᠢᠭᠡᠨ᠎ᠡ᠃    ᠭᠤᠷᠪᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠠᠯ᠎ᠠ ᠪᠠᠷ᠃    ︵ᠨᠢᠭᠡ︶ ᠤᠳᠤᠷᠢᠳᠬᠤ ᠪᠠᠶᠢᠭᠤᠯᠤᠮᠵᠢ ᠶᠢ ᠪᠦᠷᠢᠨᠰᠢᠭᠦᠯᠦᠨ᠎ᠡ᠃ ᠮᠠᠨ ᠤ ᠰᠢᠶᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠳᠤ ᠲᠤᠬᠢᠷᠠᠭᠤᠯᠤᠯᠳᠠ ᠬᠢᠵᠦ ᠲᠡᠭᠦᠯᠳᠡᠷᠵᠢᠬᠦᠯᠪᠡ᠃ ᠰᠢᠶᠠᠨ ᠤ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠴᠥᠮ ᠨᠢᠭᠡᠳᠦᠭᠡᠷ ᠭᠠᠷ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠬᠦ ᠠᠵᠢᠯ ᠤᠨ ᠤᠳᠤᠷᠢᠳᠬᠤ ᠪᠠᠶᠢᠭᠤᠯᠤᠮᠵᠢ ᠶᠢ ᠪᠠᠶᠢᠭᠤᠯᠵᠠᠶ᠃ ︽ᠨᠠᠮ ᠤᠨ ᠬᠤᠷᠢᠶ᠎ᠠ ᠨᠢᠭᠡᠳᠦᠯᠲᠡᠶ ᠤᠳᠤᠷᠢᠳᠬᠤ᠂ ᠨᠠᠮ ᠵᠠᠰᠠᠭ ᠴᠤᠭᠭᠠᠷ ᠠᠳᠬᠤᠨ ᠬᠠᠮᠲᠤᠪᠠᠷ ᠬᠠᠮᠢᠶᠠᠷᠬᠤ᠂  ᠰᠠᠯᠭ᠎ᠠ ᠮᠥᠴᠢᠷ ᠲᠣᠰ ᠲᠣᠰ ᠤᠨ ᠡᠭᠦᠷᠭᠡ ᠲᠤᠰᠢᠶᠠᠯ ᠢᠶᠠᠨ ᠬᠦᠢᠴᠡᠳᠭᠡᠬᠦ᠂  ᠳᠡᠭᠡᠳᠦ ᠳᠣᠣᠷᠠᠳᠤ ᠱᠠᠲᠤ ᠵᠣᠬᠢᠴᠠᠯᠳᠤᠨ ᠬᠦᠳᠡᠯᠦᠯᠴᠡᠬᠦ᠂ ︽ᠨᠡᠶᠢᠭᠡᠮ ᠥᠷᠭᠡᠨ ᠢᠶᠠᠷ ᠣᠷᠣᠯᠴᠠᠬᠤ︾ ᠠᠵᠢᠯ ᠤᠨ ᠪᠠᠶᠢᠷᠢᠰᠢᠯ ᠢ ᠪᠦᠷᠢᠯᠳᠦᠭᠦᠯᠦᠨ᠎ᠡ᠃ ᠰᠢᠶᠠᠨ ᠤ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠷᠢᠳ ᠬᠤᠵᠢᠳ ︽ᠬᠡᠷᠡᠭᠵᠢᠭᠦᠯᠬᠦ ᠲᠥᠰᠦᠯ︾ ᠢ ᠲᠣᠭᠲᠠᠭᠠᠨ ᠪᠠᠭᠤᠯᠭᠠᠵᠤ᠂ ᠡᠭᠦᠳᠦᠨ ᠪᠠᠶᠢᠭᠤᠯᠬᠤ ᠠᠵᠢᠯ ᠤᠨ ᠴᠢᠭᠯᠡᠯ ᠢ ᠲᠣᠳᠣᠷᠬᠠᠶᠢᠯᠠᠵᠤ᠂ ᠠᠵᠢᠯ ᠤᠨ ᠭᠠᠷᠳᠠᠴᠠ ᠶᠢ ᠲᠣᠳᠣᠷᠬᠠᠶᠢᠯᠠᠪᠠ᠃︵ᠬᠤᠶᠠᠷ︶ ᠥᠷᠭᠡᠨ ᠳᠡᠯᠭᠡᠷ ᠤᠬᠠᠭᠤᠯᠭ᠎ᠠ ᠬᠥᠮᠦᠵᠢᠯ ᠬᠢᠬᠦ ᠬᠡᠷᠡᠭᠲᠡᠶ᠃ ᠨᠢᠭᠡ ᠳᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠢᠶᠠᠷ ᠭᠠᠷᠳᠠᠨ ᠬᠢᠬᠦ ᠴᠡᠭ ᠪᠤᠯᠭᠠᠵᠤ᠂ ᠪᠠᠶᠢᠭᠤᠯᠭ᠎ᠠ ᠶᠢᠨ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠢ ᠪᠠ ᠰᠠᠭᠤᠭᠠᠯᠢ ᠠᠷᠠᠳ ᠤᠨ ᠨᠡᠶᠢᠭᠡᠮ ᠲᠤᠭᠤᠷᠢᠭ ᠲᠤ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠬᠥᠮᠦᠵᠢᠯ ᠢ ᠶᠡᠭᠡ ᠪᠠᠷ  ᠦᠷᠨᠢᠬᠦᠯᠪᠡ᠃ ᠵᠢᠯ ᠪᠦᠷᠢ ᠶᠢᠨ 5 ᠰᠠᠷ᠎ᠠ ᠶᠢᠨ ᠬᠠᠤᠯᠢ ᠳᠦᠷᠢᠮ ᠤᠨ ᠤᠬᠠᠭᠤᠯᠭ᠎ᠠ ᠪᠠ 9 ᠰᠠᠷ᠎ᠠ ᠶᠢᠨ ︽ᠦᠨᠳᠦᠰᠦᠳᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ︾ ᠶᠢᠨ ᠬᠤᠭᠤᠴᠠᠭᠠᠨ ᠳᠤ᠂ ᠤᠷᠢᠶ᠎ᠠ ᠯᠣᠽᠦ᠋ᠩ ᠨᠠᠭᠠᠵᠤ᠂ ᠭᠤᠣᠯ ᠰᠡᠳᠦᠪᠲᠦ ᠠᠵᠢᠯᠯᠠᠭ᠎ᠠ ᠡᠷᠬᠢᠯᠡᠬᠦ ᠵᠡᠷᠭᠡ ᠬᠡᠯᠪᠡᠷᠢ ᠪᠠᠷ ᠨᠠᠮ ᠤᠨ ᠦᠨᠳᠦᠰᠦᠳᠡᠨ ᠤ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ᠂ ︽ᠬᠤᠲᠠ ᠶᠢᠨ ᠦᠨᠳᠦᠰᠦᠲᠡᠨ ᠤ ᠠᠵᠢᠯ ᠤᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠨ ᠤᠬᠠᠭᠤᠯᠵᠤ᠂ ᠪᠦᠬᠦ ᠰᠢᠶᠠᠨ ᠤ ᠠᠷᠠᠳ ᠲᠦᠮᠡᠨ ᠳᠤ ᠦᠨᠳᠦᠰᠦᠲᠡᠨ ᠤ ᠠᠵᠢᠯ ᠤᠨ ᠪᠠᠶᠢᠭᠤᠯᠤᠯ ᠪᠠ ᠲᠣᠭᠲᠠᠴᠠ ᠶᠢ ᠨᠠᠩ ᠣᠯᠠᠨ ᠦᠢᠯᠡᠭᠠᠵᠤ᠂ ᠪᠦᠬᠦ ᠰᠢᠶᠠᠨ ᠤ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ  ᠪᠠᠲᠤᠯᠠᠵᠠᠢ᠃ ᠬᠤᠶᠠᠷ ᠲᠤ ᠤᠬᠠᠭᠤᠯᠭ᠎ᠠ ᠶᠢᠨ ᠫᠠᠶᠢᠰᠠ ᠭᠠᠷᠭᠠᠵᠤ᠂ ᠭᠤᠤᠯ ᠰᠡᠳᠦᠪᠲᠦ ᠫᠷᠤᠭ᠍ᠷᠠᠮ ᠢ ᠨᠠᠶᠢᠷᠠᠭᠤᠯᠤᠨ ᠵᠢᠭᠰᠠᠭᠠᠬᠤ ᠵᠡᠷᠭᠡ ᠬᠡᠯᠪᠡᠷᠢ ᠪᠠᠷ ᠬᠤᠳᠠ ᠶᠢᠨ ᠵᠡᠭᠡᠯᠢ ᠵᠠᠮ ᠪᠠ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠲᠤ ᠦᠨᠳᠤᠰᠦᠳᠡᠨ‌‍ᠤ ᠪᠦᠯᠬᠦᠮᠳᠡᠯ ᠤᠨ ᠬᠥᠮᠦᠵᠢᠯ ᠢ ᠥᠷᠨᠢᠭᠦᠯᠦᠨ᠎ᠡ᠃ ᠤᠯᠠᠭᠠᠨᠮᠥ᠋ᠴᠢᠷ ᠲᠠᠢ ᠬᠠᠮᠲᠤᠷᠠᠨ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ ᠪᠠᠷ ᠭᠤᠣᠯ ᠰᠡᠳᠦᠪ ᠪᠣᠯᠭᠠᠭᠰᠠᠨ ᠤᠳᠬ᠎ᠠ ᠤᠷᠠᠯᠢᠭ ᠤᠨ ᠫᠷᠤᠭ᠍ᠷᠠᠮ ᠨᠠᠶᠢᠷᠠᠭᠤᠯᠵᠤ᠂ ᠦᠷᠭᠦᠯᠵᠢ ᠬᠥᠳᠡᠭᠡ ᠲᠣᠰᠬᠤᠨ ᠨᠡᠶᠢᠭᠡᠮ ᠲᠣᠭᠤᠷᠢᠭ ᠲᠤ ᠲᠣᠭᠯᠠᠯᠲᠠ ᠭᠠᠷᠭᠠᠵᠤ᠂ ᠭᠠᠵᠠᠷ ᠪᠤᠯᠠᠭᠠᠨ ᠳᠤ ᠦᠨᠳᠦᠰᠦᠲᠡᠨ ᠤ ᠲᠥᠷᠥ ᠶᠢᠨ ᠪᠤᠳᠣᠯᠭ᠎ᠠ ᠶᠢᠨ ᠤᠬᠠᠭᠤᠯᠭ᠎ᠠ  ᠬᠢᠭᠰᠡᠨ ᠪᠠᠶᠢᠨ᠎ᠠ  ᠃︵ᠭᠤᠷᠪᠠ︶ ᠵᠢᠱᠢᠶ᠎ᠡ ᠦᠵᠡᠭᠦᠯᠬᠦ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠨᠢᠭᠡᠴᠢ ᠶᠢ ᠰᠢᠯᠭᠠᠷᠠᠭᠤᠯᠬᠤ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠦᠨ᠎ᠡ᠃  ᠲᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠢ ᠲᠤᠭᠳᠠᠭᠠᠬᠤ ᠶᠢᠨ ᠬᠠᠮᠲᠤ ᠬᠤᠶᠠᠷ ᠠᠯᠪᠠᠨ ᠭᠡᠷ ᠤᠨ ᠨᠡᠷ᠎ᠡ ᠪᠠᠷ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠲᠤ ᠳᠠᠷᠤᠮᠠᠯᠯᠠᠨ ᠲᠠᠷᠬᠠᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠰᠤᠷᠭᠠᠭᠤᠯᠢ᠂ ᠰᠢᠶᠠᠩ ᠪᠠᠯᠭᠠᠰᠤ᠂ ᠲᠣᠰᠬᠤᠨ ︵ᠨᠡᠶᠢᠭᠡᠮ  ᠲᠤᠭᠤᠷᠢᠭ︶᠂ ᠴᠡᠷᠢᠭ ᠠᠩᠭᠢ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠲᠤᠬᠢᠷᠠᠭᠤᠯᠤᠨ ᠪᠠᠶᠢᠷᠢᠯᠠᠭᠤᠯᠪᠠ᠃ ᠣᠳᠣᠬᠠᠨ ᠳᠤ᠂ ᠪᠥᠬᠦ ᠰᠢᠶᠠᠨ ᠢᠶᠠᠷ ᠢᠶᠠᠨ ᠲᠣᠭᠤᠷᠢᠭ᠂ ᠬᠤᠲᠠ᠂ ᠰᠢᠶᠠᠨ ᠤ ᠱᠠᠲᠤᠨ ᠤ ᠵᠢᠱᠢᠶ᠎ᠡ ᠦᠵᠡᠭᠦᠯᠬᠦ ᠨᠢᠭᠡᠴᠢ 28 ᠪᠣᠶ᠃ ᠥᠪᠡᠷᠲᠡᠭᠡᠨ ᠵᠠᠰᠠᠬᠤ ᠣᠷᠣᠨ ᠤ ᠶᠢᠰᠦᠳᠦᠭᠡᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ 1 ︵ᠴᠠᠩ ᠱᠦᠨ ᠲᠣᠮᠢᠯᠠᠭᠰᠠᠨ ᠰᠠᠯᠪᠤᠷᠢ︶᠃ ᠪᠦᠬᠦ ᠬᠤᠲᠠ ᠶᠢᠨ ᠭᠤᠷᠪᠠᠳᠤᠭᠠᠷ ᠬᠤᠭᠤᠴᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ  ᠦᠵᠡᠬᠦᠯᠬᠦ ᠨᠢᠭᠡᠴᠢ 2 ︵ᠬᠤᠶᠠᠳᠤᠭᠠᠷ ᠪᠦᠷᠢᠨ ᠪᠠᠭ᠎ᠠ᠂ ᠴᠠᠩ ᠱᠦᠨ ᠲᠣᠮᠢᠯᠠᠭᠰᠠᠨ ᠰᠠᠯᠪᠤᠷᠢ︶᠂ ᠮᠣᠩᠭᠤᠯ ᠬᠡᠯᠡ ᠪᠢᠴᠢᠭ ᠢ ᠰᠤᠷᠴᠤ ᠬᠡᠷᠡᠭᠯᠡᠭᠰᠡᠨ ᠵᠢᠱᠢᠶ᠎ᠡ ᠦᠵᠡᠭᠦᠯᠬᠦ ᠨᠢᠭᠡᠴᠢ1 ︵ᠦᠨᠳᠦᠰᠦᠲᠡᠨ ᠤ ᠬᠡᠷᠡᠭ  ᠡᠷᠬᠢᠯᠡᠬᠦ ᠵᠥᠪᠯᠡᠯ︶᠂ ᠬᠤᠲᠠ ᠶᠢᠨ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ  ᠦᠵᠡᠬᠦᠯᠬᠦ ᠨᠢᠭᠡᠴᠢ11 ᠪᠤᠶ ︵ᠴᠠᠩ ᠱᠦᠨ ᠲᠣᠮᠢᠯᠠᠭᠰᠠᠨ ᠰᠠᠯᠪᠤᠷᠢ᠂ ᠬᠤᠶᠠᠳᠤᠭᠠᠷ ᠪᠦᠷᠢᠨ ᠪᠠᠭ᠎ᠠ᠂ ᠰᠢᠶᠠᠩ ᠬᠤᠸᠠ ᠠᠰᠠᠷᠠᠮᠵᠢ ᠶᠢᠨ ᠬᠤᠪᠴᠠᠰᠤ ᠬᠤᠨᠠᠷ ᠤᠨ ᠺᠣᠮᠫᠠᠨᠢ᠂ ᠵᠠᠰᠠᠭ ᠤᠨ ᠶᠠᠪᠤᠳᠠᠯ ᠤᠨ ᠲᠢᠩᠬᠢᠮ᠂ ᠴᠠᠩ ᠹᠧᠩ ᠨᠡᠶᠢᠭᠡᠮ ᠲᠣᠭᠤᠷᠢᠭ᠂ ᠨᠢᠭᠡᠳᠦᠭᠡᠷ ᠳᠤᠮᠳᠠᠳᠤ ᠰᠤᠷᠭᠠᠭᠤᠯᠢ᠂ ᠵᠠᠮ ᠬᠠᠷᠢᠯᠴᠠᠭᠠᠨ ᠤ ᠴᠠᠭᠳᠠᠭ᠎ᠠ ᠶᠢᠨ ᠠᠩᠭᠢ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠴᠢ ᠬᠤᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠂ ᠴᠢ ᠬᠤᠤ ᠪᠠᠯᠭᠠᠰᠤᠨ ᠤ ᠪᠦᠯᠬᠦᠮᠳᠡᠯ ᠲᠣᠰᠬᠤᠨ᠂ ᠾᠦᠢ ᠳ᠋ᠧ ᠰᠠᠯᠬᠢᠨ ᠬᠦᠴᠦᠨ ᠤ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ︶᠂ ᠮᠣᠩᠭᠤᠯ ᠬᠡᠯᠡ ᠪᠢᠴᠢᠭ ᠤᠨ ᠵᠢᠱᠢᠶ᠎ᠡ ᠦᠵᠡᠭᠦᠯᠬᠦ ᠨᠢᠭᠡᠴᠡ 2 ︵ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ︶᠂ ᠰᠢᠶᠠᠨ ᠤ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ  ᠨᠢᠭᠡᠴᠢ11 ︵ᠬᠤᠸᠠᠳᠧ ᠰᠢᠶᠠᠨ ᠤ ᠬᠤᠪᠴᠠᠰᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠬᠤᠸᠠᠳᠧ ᠰᠢᠶᠠᠨ ᠤ ᠴᠠᠩ ᠱᠦᠨ ᠪᠠᠯᠭᠠᠰᠤᠨ ᠤ  ᠰᠢᠨ᠎ᠡ‌ᠤᠰᠤ ᠲᠣᠰᠬᠤᠨ᠂ ᠬᠤᠸᠠᠳᠧ ᠰᠢᠶᠠᠨ ᠤ ᠴᠠᠩ ᠱᠦᠨ ᠪᠠᠯᠭᠠᠰᠤᠨ ᠤ ᠹᠠᠨ ᠱᠧᠩ ᠨᠡᠶᠢᠭᠡᠮ ᠲᠣᠭᠤᠷᠢᠭ᠂ ᠬᠤᠸᠠᠳᠧ ᠰᠢᠶᠠᠨ ᠤ ᠴᠠᠩ ᠱᠦᠨ ᠪᠠᠯᠭᠠᠰᠤᠨ ᠤ ᠶᠦᠩ ᠱᠧᠩ ᠨᠡᠶᠢᠭᠡᠮ ᠲᠣᠭᠤᠷᠢᠭ᠂ ᠬᠤᠸᠠᠳᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠸᠠᠳᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ᠂ ᠥᠪᠥᠷ ᠮᠣᠩᠭᠤᠯ ᠤᠨ ᠾᠧᠦᠳᠧ ᠶᠢᠨ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ᠂ ᠬᠤᠸᠠᠳᠧ ᠰᠢᠶᠠᠨ ᠤ ᠬᠤᠩ ᠸᠠᠩ ᠡᠭᠦᠯᠳᠡᠷ ᠤᠨ ᠲᠡᠵᠢᠭᠡᠨ ᠦᠷᠡᠵᠢᠭᠦᠯᠬᠦ ᠮᠢᠬᠠᠨ ᠢᠳᠡᠭᠡᠨ ᠡᠳ᠋ᠰᠢᠭᠦᠯᠬᠦ ᠬᠢᠵᠠᠭᠠᠷᠲᠤ ᠺᠣᠮᠫᠠᠨᠢ︶᠂ ᠡᠳᠡᠭᠡᠷ ᠵᠢᠱᠢᠶ᠎ᠡ ᠦᠵᠡᠭᠦᠯᠬᠦ ᠨᠢᠭᠡᠴᠢ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ  ᠢ ᠥᠷᠨᠢᠭᠦᠯᠬᠦ ᠠᠵᠢᠯᠯᠠᠭ᠎ᠠ ᠳᠤᠮᠳᠠ ᠬᠥᠲᠥᠯᠥᠨ ᠳᠠᠭᠠᠭᠤᠯᠵᠤ‌ᠦᠢᠯᠡᠳᠦᠯ ᠦᠵᠡᠭᠦᠯᠪᠡ᠃  ︵ᠲᠥᠷᠪᠡ︶ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠰᠢᠯᠢᠨ ᠰᠣᠩᠭᠤᠵᠤ ᠬᠥᠮᠦᠵᠢᠭᠦᠯᠬᠦ ᠠᠵᠢᠯ ᠢ ᠴᠢᠬᠤᠯᠠᠴᠢᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ  ᠦᠢᠯᠡᠰ ᠲᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠶ᠃ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠮᠣᠷᠠᠯ ᠴᠢᠳᠠᠪᠤᠷᠢ ᠬᠤᠣᠰᠯᠠᠭᠰᠠᠨ ᠴᠥᠭᠡᠨ  ᠲᠤᠭᠠᠳᠤ‌ᠦᠨᠳᠦᠰᠦᠲᠡᠨ ᠤ ᠺᠠᠳ᠋ᠷ ᠤᠨ ᠡᠩᠨᠡᠭᠡ ᠶᠢ ᠬᠦᠮᠦᠵᠢᠬᠦᠯᠬᠦ ᠨᠢ ᠨᠢᠭᠡᠨ ᠤᠷᠲᠤ ᠬᠤᠭᠤᠴᠠᠭᠠᠨ ᠤ ᠪᠥᠭᠡᠳ ᠴᠢᠬᠤᠯᠠ ᠠᠵᠢᠯ ᠤᠨ ᠡᠭᠦᠷᠭᠡ ᠪᠣᠯᠤᠭᠰᠠᠨ ᠤ ᠬᠤᠪᠢ ᠳᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠶᠡᠬᠡᠪᠡᠷ ᠬᠥᠮᠦᠵᠢᠭᠦᠯᠦᠨ ᠰᠢᠯᠢᠨ ᠳᠡᠪᠰᠢᠭᠦᠯᠵᠦ ᠬᠡᠷᠡᠭᠯᠡᠨ᠎ᠡ᠃ ᠣᠳᠣᠬᠠᠨ ᠳᠤ ᠪᠦᠬᠦ ᠰᠢᠶᠠᠨ ᠳᠤ ᠴᠥᠭᠡᠨ ᠲᠣᠭᠠᠲᠤ ᠦᠨᠳᠦᠰᠦᠲᠡᠨ ᠤ ᠺᠠᠳ᠋ᠷ 205 ᠬᠥᠮᠦᠨ ᠪᠠᠶᠢᠨ᠎ᠠ᠃ ᠡᠭᠦᠨ ᠳᠤ ᠠᠵᠢᠯ ᠤᠨ ᠪᠠᠶᠢᠷᠢ ᠳᠤ ᠪᠠᠶᠢᠭ᠎ᠠ ᠴᠥᠭᠡᠨ ᠲᠣᠭᠠᠲᠤ ᠦᠨᠳᠦᠰᠦᠲᠡᠨ ᠤ ᠺᠠᠳ᠋ᠷ ᠤᠨ ᠵᠢᠩᠬᠢᠨᠢ ᠭᠠᠵᠠᠷ ᠤᠨ ᠲᠡᠰ 1᠂ ᠳᠡᠳ᠋ ᠭᠠᠵᠠᠷ ᠤᠨ ᠲᠠᠰ 1᠂ ᠵᠢᠩᠬᠢᠨᠢ ᠰᠠᠯᠠᠭᠠᠨ ᠤ ᠲᠠᠰ 8᠂ ᠳᠡᠳ᠋ ᠰᠠᠯᠠᠭᠠᠨ ᠤ ᠲᠠᠰ 16 ᠪᠣᠶ᠃ ᠴᠥᠭᠡᠨ ᠲᠣᠭᠠᠲᠤ ᠦᠨᠳᠦᠰᠦᠲᠡᠨ ᠤ ᠺᠠᠳ᠋ᠷᠴᠤᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠬᠤ ᠳᠤᠮᠳᠠ ᠤᠯᠠᠮ ᠠᠴᠠ ᠤᠯᠠᠮ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃︵ᠲᠠᠪᠤ︶ ᠮᠠᠨ ᠤ ᠰᠢᠶᠠᠨ ᠤ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ  ᠶᠢᠨ ᠤᠬᠠᠭᠤᠯᠭ᠎ᠠ ᠶᠢᠨ ᠲᠤᠰᠬᠠᠶ ᠰᠡᠳᠦᠪᠲᠦ ᠹᠢᠯᠢᠮ︾ ᠪᠠ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠦᠵᠡᠭᠦᠯᠭᠡ ᠶᠢᠨ ᠲᠢᠩᠬᠢᠮ︾ ᠢ ᠰᠢᠩᠭᠡᠭᠡᠨ‌ᠦᠢᠯᠡᠳᠬᠦ‌ᠠᠵᠢᠯ ᠢ ᠠᠬᠢᠭᠤᠯᠤᠨ᠎ᠠ᠃ ᠬᠤᠲᠠ ᠶᠢᠨ ᠠᠷᠠᠳ ᠤᠨ ᠵᠥᠪᠯᠡᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠷᠢᠶ᠎ᠠ ᠴᠠᠭ ᠲᠤᠬᠠᠶ ᠳᠤᠨᠢ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ‌ᠡᠴᠠ ᠵᠢᠭᠠᠪᠤᠷᠢ ᠠᠪᠤᠭᠰᠠᠨ ᠤ ᠳᠠᠷᠠᠭ᠎ᠠ ᠠᠵᠢᠯ ᠤᠨ ᠡᠷᠴᠢᠮ ᠢᠶᠠᠨ ᠨᠡᠮᠡᠭᠳᠡᠭᠦᠯᠵᠡᠶ᠃ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ᠂ ᠬᠠᠮᠢᠶ᠎ᠠ ᠪᠦᠬᠦᠢ ᠮᠠᠲ᠋ᠧᠷᠢᠶᠠᠯ ᠢ ᠴᠤᠭᠯᠠᠭᠤᠯᠵᠤ᠂ ᠠᠭᠤᠯᠭ᠎ᠠ ᠪᠠᠷ ᠪᠠᠶᠠᠯᠢᠭ᠂ ᠭᠤᠤᠯ ᠰᠡᠳᠦᠪ ᠢᠶᠠᠷ ᠲᠣᠪᠦ᠋ᠮ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠲᠤᠰᠬᠠᠶ ᠰᠡᠳᠦᠪᠲᠦ ᠹᠢᠯᠢᠮ ᠵᠢᠴᠢ ᠦᠵᠡᠭᠦᠯᠦᠯᠭᠡ ᠶᠢᠨ ᠲᠢᠩᠬᠢᠮ  ᠢ ᠪᠠᠶᠢᠭᠤᠯᠤᠨ᠎ᠠ᠃    ᠲᠥᠷᠪᠡ᠂ ᠠᠷᠠᠳ ᠢᠷᠭᠡᠳ ᠤᠨ ᠦᠨᠳᠦᠰᠦᠲᠡᠨ ᠤ ᠪᠦᠷᠢᠯᠳᠦᠬᠦᠨ ᠢ ᠬᠤᠪᠢᠷᠠᠭᠤᠯᠤᠨ ᠳᠠᠩᠰᠠᠯᠠᠬᠤ ᠲᠠᠯ᠎ᠠ ᠪᠠᠷ᠃ ᠨᠢᠭᠡ ᠳᠤ ᠠᠴᠢᠶᠠᠯᠠᠪᠤᠷᠢ ᠶᠢ ᠠᠰᠢᠭᠯᠠᠨ ᠤᠬᠠᠭᠤᠯᠵᠤ᠂ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠤ ᠮᠡᠳᠡᠬᠦ ᠨᠤᠷᠮ᠎ᠠ ᠶᠢ ᠳᠡᠭᠡᠭᠰᠢᠯᠡᠭᠦᠯᠦᠨ᠎ᠡ᠃ 2016 ᠣᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠨ ᠤ ᠦᠨᠳᠦᠰᠦᠲᠡᠨ ᠤ ᠪᠦᠷᠢᠯᠳᠦᠬᠦᠨ ᠢ ᠳᠠᠩᠰᠠᠯᠠᠨ ᠬᠠᠮᠢᠶᠠᠷᠬᠤ ᠬᠡᠷᠡᠭᠵᠢᠭᠦᠯᠬᠦ ᠠᠷᠭ᠎ᠠ︾ ᠶᠢ ᠨᠡᠶᠢᠲᠡᠯᠡᠭᠰᠡᠨ ᠤ ᠳᠠᠷᠠᠭ᠎ᠠ᠂ ᠮᠠᠨ ᠤ ᠬᠤᠷᠢᠶ᠎ᠠ ᠦᠨᠳᠦᠰᠦᠲᠡᠨ ᠤ ᠪᠦᠷᠢᠯᠳᠦᠬᠦᠨ ᠢ ᠬᠤᠪᠢᠷᠠᠭᠤᠯᠬᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠤᠬᠠᠭᠤᠯᠪᠠ᠃ ᠵᠢᠯ ᠪᠦᠷᠢ ᠶᠢᠨ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠦᠨᠳᠦᠰᠦᠲᠡᠨ ᠤ ᠪᠦᠷᠢᠯᠳᠦᠬᠦᠨ ᠤ ᠮᠡᠳᠡᠯᠭᠡ ᠪᠠᠨ ᠬᠤᠪᠢᠷᠠᠭᠤᠯᠬᠤ ᠤᠬᠠᠭᠤᠯᠭ᠎ᠠ ᠶᠢ ᠲᠡᠭᠦᠨ ᠳᠤ ᠣᠷᠣᠭᠤᠯᠬᠤ ᠬᠡᠷᠡᠭᠲᠡᠶ᠃ ᠦᠨᠳᠦᠰᠦᠲᠡᠨ ᠤ ᠪᠦᠷᠢᠯᠳᠦᠬᠦᠨ ᠢ ᠬᠤᠪᠢᠷᠠᠭᠤᠯᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠥᠩᠭᠡᠲᠦ ᠬᠠᠭᠤᠳᠠᠰᠤ ᠶᠢ ᠴᠥᠭᠡᠨ ᠲᠣᠭᠠᠲᠤ ᠦᠨᠳᠦᠰᠦᠲᠡᠨ ᠤ ᠭᠡᠷ ᠪᠦᠯᠢ ᠳᠤ ᠬᠦᠷᠭᠡᠵᠦ᠂ ᠡᠷᠦᠬᠡ ᠪᠣᠯᠭᠠᠨ ᠳᠤ ᠮᠡᠳᠡᠭᠦᠯᠵᠦ ᠂ ᠬᠥᠮᠦᠨ ᠪᠦᠬᠦᠨ ᠤ ᠮᠡᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠦᠵᠡᠯ ᠰᠠᠨᠠᠭᠠᠨ ᠤ ᠠᠵᠢᠯ ᠢ ᠰᠠᠶᠢᠲᠤᠷ ᠬᠢᠬᠦ ᠶᠢ  ᠴᠢᠩᠭᠠᠳᠬᠠᠨ᠎ᠠ᠃ ᠦᠨᠳᠦᠰᠦᠲᠡᠨ ᠤ ᠪᠦᠷᠢᠯᠳᠦᠬᠦᠨ ᠢ ᠳᠠᠩᠰᠠᠯᠠᠨ ᠬᠠᠮᠢᠶᠠᠷᠬᠤ ᠰᠢᠨ᠎ᠡ ᠬᠤᠪᠢᠷᠠᠯᠲᠠ ᠳᠤ ᠴᠢᠭᠯᠡᠭᠦᠯᠦᠨ᠂ ᠮᠠᠨ ᠤ ᠬᠤᠷᠢᠶ᠎ᠠ ᠡᠲᠡᠭᠡᠳ ᠢ ᠬᠦᠯᠢᠶᠡᠨ ᠠᠪᠬᠤ ᠠᠵᠢᠯ ᠢ ᠰᠠᠶᠢᠲᠤᠷ ᠬᠢᠵᠦ᠂ ᠤᠷᠮ᠎ᠠ ᠰᠡᠳᠬᠢᠯᠭᠡ ᠶᠢ ᠰᠢᠯᠤᠭᠤᠳᠬᠠ᠂ ᠰᠡᠵᠢᠭᠯᠡᠯ ᠢ ᠲᠠᠶᠢᠯᠵᠤ ᠲᠥᠭᠡᠷᠢᠭᠳᠡᠯ ᠢ ᠲᠠᠶᠢᠯᠬᠤ ᠪᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ  ᠬᠢᠨᠠᠮᠠᠭᠠᠶ ᠥᠷᠨᠢᠭᠦᠯᠵᠡᠶ᠃ ᠦᠨᠳᠦᠰᠦᠲᠡᠨ ᠤ ᠪᠦᠷᠢᠯᠳᠦᠬᠦᠨ ᠢ ᠳᠠᠩᠰᠠᠯᠠᠬᠤ ᠬᠠᠮᠢᠶᠠᠷᠤᠯᠲᠠ ᠶᠢᠨ ᠠᠷᠭ᠎ᠠ ᠶᠢ ᠬᠠᠤᠯᠢ ᠶᠣᠰᠣᠭᠠᠷ ᠭᠦᠢᠴᠡᠳᠬᠡᠬᠦ ᠵᠢ‌ᠦᠨᠡᠨ ᠬᠦ ᠪᠠᠲᠤᠯᠠᠪᠠ᠃ ᠭᠤᠷᠪᠠ ᠳᠤ  ᠂  ᠨᠠᠮ‌‍ᠤ ᠬᠤᠷᠢᠶ᠎ᠠ ᠵᠠᠰᠠᠭ ᠤᠨ ᠶᠠᠪᠤᠳᠠᠯ ᠤᠨ ᠲᠢᠩᠬᠢᠮ ᠤᠨ ᠰᠦᠯᠵᠢᠶᠡᠨ ᠳᠡᠭᠡᠷ᠎ᠡ ︽ᠦᠨᠳᠦᠰᠦᠲᠡᠨ ᠤ ᠪᠦᠷᠢᠯᠳᠦᠬᠦᠨ‌ᠢ ᠬᠤᠪᠢᠷᠠᠭᠤᠯᠬᠤ︾ ᠬᠡᠷᠡᠭ ᠡᠷᠬᠢᠯᠡᠬᠦ ᠨᠠᠷᠢᠨ ᠳᠠᠩᠰᠠ ᠶᠢ ᠨᠡᠶᠢᠲᠡᠯᠡᠵᠦ᠂ ᠬᠡᠷᠡᠭ ᠡᠷᠬᠢᠯᠡᠬᠦ ᠵᠦᠭᠯᠡᠭᠦᠷ ᠪᠠ ᠠᠰᠠᠭᠤᠳᠠᠯ ᠤᠨ ᠵᠥᠪᠯᠡᠯᠭᠡ ᠬᠠᠩᠭᠠᠬᠤ ᠬᠡᠷᠡᠭᠲᠡᠶ᠃ 2016 ᠣᠨ ᠠᠴᠠ ᠨᠠᠭᠠᠰᠢ᠂ 5 ᠦᠨᠳᠦᠰᠦᠲᠡᠨ ᠤ ᠪᠦᠷᠢᠯᠳᠦᠬᠦᠨ ᠢ ᠬᠤᠪᠢᠷᠠᠭᠤᠯᠬᠤ ᠬᠠᠮᠢᠶ᠎ᠠ ᠪᠦᠬᠦᠢ ᠤᠴᠢᠷ ᠶᠠᠪᠤᠳᠠᠯ ᠢ ᠰᠢᠢᠳᠪᠦᠷᠢᠯᠡᠵᠦ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠠᠵᠢᠯ ᠶᠠᠪᠤᠳᠠᠯ ᠰᠢᠢᠳᠪᠦᠷᠢᠯᠡᠬᠦ ᠳᠤ ᠳᠥᠭᠦᠮ ᠦᠵᠡᠭᠦᠯᠪᠡ᠃ ᠳᠥᠷᠪᠡ ᠳᠤ ︽ᠠᠷᠭ᠎ᠠ︾ ᠶᠢ ᠴᠢᠩᠭ᠎ᠠ ᠦᠨᠳᠦᠰᠦᠯᠡᠵᠦ᠂ ᠳᠣᠲᠣᠭᠠᠳᠤ ᠶᠢ ᠬᠠᠮᠠᠭᠠᠯᠠᠬᠤ ᠡᠷᠦᠬᠡ ᠠᠮᠠ ᠶᠢᠨ ᠬᠠᠷᠢᠶ᠎ᠠ ᠶᠢᠨ ᠰᠠᠯᠠᠭ᠎ᠠ ᠮᠥᠴᠢᠷ ᠯᠦᠭᠡ ᠵᠣᠯᠭᠠᠭᠤᠯᠵᠤ ᠬᠤᠪᠢᠷᠠᠭᠤᠯᠬᠤ ᠳᠡᠩᠰᠡᠯᠡᠯᠲᠡ ᠶᠢ ᠰᠠᠶᠢᠲᠤᠷ ᠬᠢᠨ᠎ᠠ ᠃ ᠮᠠᠨ ᠤ ᠬᠤᠷᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠨ ᠤ ᠦᠨᠳᠦᠰᠦᠲᠡᠨ ᠤ  ᠪᠦᠷᠢᠯᠳᠦᠬᠦᠨ‌ᠢ ᠳᠠᠩᠰᠠᠯᠠᠨ ᠬᠠᠮᠢᠶᠠᠷᠬᠤ ᠠᠷᠭ᠎ᠠ︾ ᠶᠢ ᠦᠨᠳᠦᠰᠦᠯᠡᠨ᠂ ᠬᠠᠤᠯᠢ ᠴᠠᠭᠠᠵᠠ ᠬᠠᠤᠯᠢ ᠲᠣᠭᠲᠠᠭᠠᠯ  ᠢ ᠴᠢᠩᠭ᠎ᠠ ᠬᠡᠷᠡᠭᠵᠢᠭᠦᠯᠵᠦ᠂ ᠪᠣᠳᠠᠲᠠᠶ ᠠᠵᠢᠯ ᠤᠨ ᠳᠡᠰ ᠳᠠᠷᠠᠭᠠᠯᠠᠯ ᠢ ᠴᠢᠩᠭᠠᠷᠠᠭᠤᠯᠵᠤ᠂ ᠬᠠᠤᠯᠢ ᠪᠠᠷ ᠲᠣᠭᠲᠠᠭᠠᠭᠰᠠᠨ ᠬᠦᠢᠴᠡᠳᠬᠡᠬᠦ ᠴᠠᠭ ᠤᠨ ᠬᠢᠵᠠᠭᠠᠷ ᠢ ᠴᠢᠩᠭᠠᠯᠠᠵᠤ᠂ ᠠᠷᠠᠳ ᠢᠷᠭᠡᠨ ᠦᠨᠳᠦᠰᠦᠲᠡᠨ ᠤ ᠪᠦᠷᠢᠯᠳᠦᠬᠦᠨ ᠢ ᠬᠤᠪᠢᠷᠠᠭᠤᠯᠬᠤ ᠠᠩᠬ᠎ᠠ ᠬᠢᠨᠠᠬᠤ ᠠᠵᠢᠯ ᠢ ᠬᠠᠤᠯᠢ ᠶᠣᠰᠣᠭᠠᠷ ᠰᠠᠶᠢᠲᠤᠷ ᠬᠢᠬᠦ ᠬᠡᠷᠡᠭᠲᠡᠶ᠃ ᠡᠭᠦᠨ ᠤ ᠬᠠᠮᠲᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠦᠬᠡ ᠠᠮᠠ ᠶᠢᠨ ᠲᠠᠩᠰᠠ ᠶᠢᠨ ᠰᠠᠯᠠᠭ᠎ᠠ   ᠲᠠᠢ  ᠨᠢᠭᠲᠠ ᠬᠠᠷᠢᠯᠴᠠᠵᠤ᠂ ᠵᠣᠯᠭᠠᠯᠳᠤᠭᠤᠯᠬᠤ ᠠᠵᠢᠯ ᠢ ᠵᠣᠬᠢᠴᠠᠭᠤᠯᠤᠨ᠂ ᠠᠷᠠᠳ ᠢᠷᠭᠡᠳ ᠤᠨ ᠦᠨᠳᠦᠰᠦᠲᠡᠨ ᠤ  ᠪᠦᠷᠢᠯᠳᠦᠬᠦᠨ‌ᠢ ᠳᠡᠩᠰᠡᠯᠡᠨ ᠬᠠᠮᠢᠶᠠᠷᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠬᠦᠴᠦ ᠪᠠᠨ ᠬᠠᠮᠲᠤᠳᠬᠠᠨ ᠠᠬᠢᠭᠤᠯᠤᠨ᠎ᠠ᠃  ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠵᠠᠶ᠃      (ᠲᠠᠪᠤ)᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ ᠲᠥᠷᠥᠯ ᠵᠦᠢᠯ ᠤᠨ ᠲᠠᠯ᠎ᠠ ᠪᠠᠷ᠃ ᠡᠯ᠎ᠡ ᠱᠠᠲᠤᠨ ᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ ᠲᠥᠷᠥᠯ ᠵᠦᠢᠯ ᠢ ᠬᠡᠷᠡᠭᠵᠢᠬᠦᠯᠬᠦ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠬᠢᠨᠠᠮᠠᠭᠠᠶ ᠰᠠᠶᠢᠲᠤᠷ ᠠᠳᠬᠤᠵᠤ᠂ ᠲᠥᠷᠥᠯ ᠵᠦᠢᠯ ᠢ ᠪᠠᠶᠢᠴᠠᠭᠠᠬᠤ ᠠᠵᠢᠯ ᠢ ᠰᠠᠶᠢᠲᠤᠷ ᠬᠢᠨ᠎ᠡ᠃ ᠮᠠᠨ ᠤ ᠬᠤᠷᠢᠶ᠎ᠠ ︽ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢᠨ ᠶᠣᠰᠣᠭᠠᠷ ᠲᠥᠷᠥᠯ  ᠵᠦᠢᠯ‌‍ᠤᠨ ᠬᠡᠷᠡᠭᠵᠢᠭᠦᠯᠦᠯᠲᠡ ᠪᠣᠯᠤᠨ ᠬᠠᠮᠢᠶᠠᠷᠤᠯᠲᠠ ᠶᠢ ᠬᠢᠨᠠᠮᠠᠭᠠᠶ ᠰᠠᠶᠢᠳᠤᠷ ᠠᠳᠬᠤᠬᠤ ᠬᠡᠷᠡᠭᠲᠡᠶ᠃ 2016 ᠣᠨ ᠳᠤ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ 90 ᠲᠦᠮᠡᠨ ᠲᠥᠭᠦᠷᠢᠭ᠂ 2 ᠲᠥᠷᠥᠯ ᠵᠦᠢᠯ ᠢ ᠬᠡᠷᠡᠭᠵᠢᠭᠦᠯᠪᠡ᠃ 2017 ᠣᠨ ᠳᠤ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ 200 ᠲᠦᠮᠡᠨ ᠲᠥᠭᠦᠷᠢᠭ᠂ 5 ᠲᠦᠷᠦᠯ ᠵᠦᠢᠯ ᠢ ᠬᠡᠷᠡᠭᠵᠢᠭᠦᠯᠪᠡ᠃ 2018 ᠣᠨ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ 310 ᠲᠦᠮᠡᠨ ᠲᠥᠭᠦᠷᠢᠭ ︵ᠡᠭᠦᠨ ᠳᠤ 150 ᠲᠦᠮᠡᠨ ᠲᠥᠭᠦᠷᠢᠭ ᠤᠨ ᠵᠠᠰᠠᠭ ᠤᠨ ᠣᠷᠳᠣᠨ ᠡᠮᠬᠢᠯᠡᠨ ᠨᠡᠶᠢᠯᠡᠭᠦᠯᠵᠦ ᠬᠡᠷᠡᠭᠯᠡᠨ᠎ᠡ︶᠂ 2 ᠲᠥᠷᠥᠯ  ᠵᠦᠢᠯ ᠢ ᠬᠡᠷᠡᠭᠵᠢᠬᠦᠯᠪᠡ᠃ 2019  ᠣᠨ᠂ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ 315 ᠲᠦᠮᠡᠨ ᠲᠥᠭᠦᠷᠢᠭ ︵ᠡᠭᠦᠨ ᠳᠤ 280 ᠲᠦᠮᠡᠨ ᠲᠥᠭᠦᠷᠢᠭ ᠤᠨ ᠵᠠᠰᠠᠭ ᠤᠨ ᠣᠷᠳᠣᠨ ᠡᠮᠬᠢᠯᠡᠨ ᠨᠡᠶᠢᠯᠡᠭᠦᠯᠵᠦ ᠬᠡᠷᠡᠭᠯᠡᠨ᠎ᠡ︶᠂ 1 ᠲᠥᠷᠥᠯ ᠵᠦᠢᠯ ᠢ ᠭᠡᠷᠡᠭᠵᠢᠬᠦᠯᠪᠡ᠃ 2020 ᠣᠨ ᠳᠤ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ 380 ᠲᠦᠮᠡᠨ ᠲᠥᠭᠦᠷᠢᠭ ︵ ᠵᠠᠰᠠᠭ ᠤᠨ ᠣᠷᠳᠣᠨ ᠪᠦᠬᠦᠨ ᠢ ᠡᠮᠬᠢᠯᠡᠨ ᠨᠡᠶᠢᠯᠡᠭᠦᠯᠵᠦ ᠬᠡᠷᠡᠭᠯᠡᠨ᠎ᠡ︶᠃ ᠡᠳᠡᠭᠡᠷ ᠲᠥᠷᠥᠯ ᠵᠦᠢᠯ ᠢ ᠴᠥᠮ ᠮᠠᠨ ᠤ ᠰᠢᠶᠠᠨ ᠤ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠲᠤᠰᠬᠤᠨ ᠬᠦᠷᠲᠡᠯ᠎ᠡ ᠨᠠᠢᠳᠠᠪᠤᠷᠢᠵᠢᠭᠤᠯᠬᠤ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ ᠬᠡᠷᠡᠭᠯᠡᠯᠲᠡ ᠶᠢᠨ ᠣᠨᠣᠪᠴᠢᠲᠤ ᠴᠢᠨᠠᠷ ᠪᠣᠯᠤᠨ ᠪᠣᠳᠠᠲᠤ ᠪᠦᠲᠦᠮᠵᠢᠲᠦ ᠴᠢᠨᠠᠷ ᠢ ᠨᠡᠮᠡᠭᠳᠡᠭᠦᠯᠵᠦ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ  ᠦᠢᠯᠡᠳᠪᠦᠷᠢᠯᠡᠯ‌ᠠᠮᠢᠳᠤᠷᠠᠯ ᠤᠨ ᠨᠥᠬᠦᠴᠡᠯ ᠢ ᠦᠨᠡᠨᠬᠦ ᠰᠠᠶᠢᠵᠢᠷᠠᠭᠤᠯᠪᠠ᠃       ᠲᠠᠪᠤ᠂ ᠮᠣᠩᠭᠤᠯ ᠬᠡᠯᠡ ᠪᠢᠴᠢᠭ ᠤᠨ ᠠᠵᠢᠯ ᠤᠨ ᠲᠠᠯ᠎ᠠ ᠪᠠᠷ᠃ ᠨᠢᠭᠡ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ︾᠂ ︽ᠤᠯᠠᠭᠠᠨᠴᠠᠪ ᠬᠤᠲᠠ ᠶᠢᠨ ᠨᠡᠶᠢᠭᠡᠮ ᠤᠨ ᠲᠠᠯ᠎ᠠ ᠶᠢᠨ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠪᠣᠯᠤᠨ ︽ᠦᠨᠳᠦᠰᠦᠲᠡᠨ ᠡᠷᠬᠡ ᠲᠡᠭᠰᠢ᠂ ᠦᠭᠡ ᠬᠡᠯᠡ ᠡᠷᠬᠡ ᠲᠡᠭᠰᠢ᠂ ᠦᠨᠳᠦᠰᠦᠲᠡᠨ ᠨᠦᠭᠦᠳ ᠬᠠᠮᠲᠤᠪᠠᠷ ᠴᠡᠴᠡᠭᠯᠡᠨ ᠬᠥᠭᠵᠢᠬᠦ︾ ᠦᠨᠳᠦᠰᠦᠲᠡᠨ ᠤ ᠬᠡᠯᠡ ᠪᠢᠴᠢᠭ ᠤᠨ ᠠᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠠᠶ᠃ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠠᠵᠢᠯ ᠢ ᠨᠠᠷᠢᠨ ᠬᠢᠨᠠᠮᠠᠭᠠᠢ ᠰᠠᠶ ᠢᠲᠤᠷ ᠬᠢᠵᠦ᠂ ᠮᠠᠨ ᠤ ᠰᠢᠶᠠᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠠᠵᠢᠯ ᠢ ᠰᠢᠨ᠎ᠡ ᠳᠡᠭᠲᠡᠷ ᠲᠤ ᠭᠠᠷᠭᠠᠪᠠ᠃ ᠬᠤᠶᠠᠷ ᠲᠤ ᠮᠣᠩᠭᠤᠯ ᠦᠭᠡ ᠬᠡᠯᠡ ᠦᠰᠦᠭ ᠪᠢᠴᠢᠭ ᠢ ᠰᠤᠷᠤᠯᠴᠠᠨ ᠬᠡᠷᠡᠭᠯᠡᠬᠦ ᠠᠵᠢᠯᠯᠠᠭ᠎ᠠ ᠶᠢ ᠦᠷᠭᠦᠯᠵᠢᠯᠡᠨ ᠦᠷᠨᠢᠬᠦᠯᠵᠦ᠂ ᠴᠤᠩᠬᠤᠪᠴᠢ ᠶᠢᠨ ᠨᠢᠭᠡᠴᠢ ᠪᠣᠯᠤᠨ ᠦᠢᠯᠡᠴᠢᠯᠡᠭᠡᠨ  ᠤ ᠠᠵᠢᠯ ᠲᠥᠷᠥᠯ ᠤᠨ ᠮᠣᠩᠭᠤᠯ ᠦᠭᠡ ᠬᠡᠯᠡ ᠦᠰᠦᠭ ᠪᠢᠴᠢᠭ ᠢ ᠰᠤᠷᠤᠯᠴᠠᠨ ᠬᠡᠷᠡᠭᠯᠡᠬᠦ ᠠᠵᠢᠯ ᠢ ᠰᠠᠶᠢᠲᠤᠷ ᠠᠳᠬᠤᠵᠤ᠂ ᠠᠵᠢᠯᠲᠠᠳ ᠢ ᠵᠣᠬᠢᠶᠠᠨ ᠪᠠᠶᠢᠭᠤᠯᠤᠨ ᠮᠣᠩᠭᠤᠯ ᠦᠭᠡ ᠬᠡᠯᠡ ᠦᠰᠦᠭ ᠪᠢᠴᠢᠭ ᠢ ᠰᠤᠷᠤᠯᠴᠠᠭᠤᠯᠬᠤ ᠬᠡᠷᠡᠭᠲᠡᠶ᠃ ᠮᠣᠩᠭᠤᠯ ᠦᠭᠡ ᠬᠡᠯᠡ ᠥᠰᠥᠭ ᠪᠢᠴᠢᠭ ᠤᠨ  ᠦᠢᠯᠡᠴᠢᠯᠡᠭᠡ  ᠶᠢ ᠥᠷᠨᠢᠭᠦᠯᠦᠨ᠎ᠡ᠃ ᠨᠠᠮ ᠵᠠᠰᠠᠭ ᠤᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ  ᠭᠤᠣᠯᠳᠠᠯᠭ᠎ᠠ ᠲᠠᠢ ᠰᠠᠶᠢᠲᠤᠷ ᠠᠳᠬᠤᠵᠤ᠂ ᠢᠯᠠᠩᠭᠤᠶ᠎ᠠ ᠴᠣᠩᠬᠤᠪᠴᠢ  ᠨᠢᠭᠡᠴᠢ ᠶᠢᠨ ᠮᠣᠩᠭᠤᠯ ᠦᠭᠡ ᠬᠡᠯᠡ ᠦᠰᠦᠭ ᠪᠢᠴᠢᠭ ᠰᠤᠷᠴᠤ ᠬᠡᠷᠡᠭᠯᠡᠬᠦ ᠠᠵᠢᠯ ᠢ  ᠰᠠᠶᠢᠳᠤᠷ ᠠᠳᠬᠤᠵᠤ᠂ ᠮᠣᠩᠭᠤᠯ ᠬᠡᠯᠡᠨ ᠤ ᠣᠷᠴᠢᠭᠤᠯᠭ᠎ᠠ ᠶᠢᠨ ᠬᠢᠷᠢ ᠬᠡᠮᠵᠢᠶ᠎ᠡ ᠪᠣᠯᠤᠨ ᠮᠣᠩᠭᠤᠯ ᠬᠢᠲᠠᠳ ᠬᠡᠯᠡ ᠶᠢ ᠵᠡᠷᠭᠡᠪᠡᠷ ᠬᠡᠷᠡᠭᠯᠡᠬᠦ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠮᠠᠨ ᠤ ᠨᠠᠮ ᠤᠨ ᠬᠤᠷᠢᠶ᠎ᠠ ᠵᠢᠯ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠮᠣᠩᠭᠤᠯ ᠬᠡᠯᠡᠨ ᠤ ᠶᠠᠷᠢᠯᠴᠠᠭᠠᠨ ᠤ ᠪᠣᠯᠪᠠᠰᠤᠷᠠᠯ ᠤᠨ ᠠᠩᠭᠢ ᠡᠷᠬᠢᠯᠡᠵᠦ᠂ ᠡᠯ᠎ᠡ ᠪᠠᠶᠢᠭᠤᠯᠭ᠎ᠠ  ᠨᠢᠭᠡᠴᠢ ᠶᠢᠨ ᠺᠠᠳ᠋ᠷ ᠠᠵᠢᠯᠲᠠᠨ  ᠤ ᠬᠦᠴᠦᠲᠡᠶ ᠳᠡᠮᠵᠢᠯᠭᠡ ᠪᠠ ᠢᠳᠡᠪᠬᠢᠲᠡᠢ ᠤᠷᠤᠯᠴᠠᠯᠭ᠎ᠠ ᠶᠢ ᠣᠯᠵᠤ᠂ ᠰᠤᠷᠤᠭᠴᠢ ᠬᠥᠮᠦᠨ ᠪᠦᠷᠢ ᠳᠤ ᠨᠢᠭᠡ ᠳᠡᠪᠲᠡᠷ ᠰᠦᠢᠳᠬᠡᠯ ᠬᠤᠷᠢᠶᠠᠬᠤ ᠦᠭᠡᠢ ᠵᠢᠭᠠᠬᠤ ᠮᠠᠲ᠋ᠧᠷᠢᠶᠠᠯ ᠣᠯᠭᠤᠵᠤ᠂ ᠬᠢᠴᠢᠶᠡᠯᠯᠡᠬᠦ ᠴᠠᠭ ᠨᠢ ᠠᠮᠢᠳᠤᠯᠢᠭ ᠪᠠᠶᠢᠳᠠᠭ᠃ ᠡᠭᠦᠨ ᠤ ᠬᠠᠮᠲᠤ᠂ ᠡᠯ᠎ᠡ ᠫᠠᠶᠢᠰᠠ ᠦᠢᠯᠡᠳᠪᠦᠷᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠴᠤᠭᠯᠠᠭᠤᠯᠵᠤ᠂ ᠲᠤᠰᠬᠠᠶ ᠪᠣᠯᠪᠠᠰᠤᠷᠠᠭᠤᠯᠤᠯ ᠬᠢᠳᠡᠭ᠃ ᠪᠣᠯᠪᠠᠰᠤᠷᠠᠭᠤᠯᠤᠯ ᠢᠶᠠᠷ ᠳᠡᠮᠵᠢᠨ᠂ ᠬᠡᠷ ᠤᠨ ᠭᠠᠳᠠᠨᠠᠬᠢ ᠡᠯ᠎ᠡ  ᠵᠦᠢᠯ ᠤᠨ ᠫᠠᠶᠢᠰᠠ ᠢᠯᠡᠷᠬᠡᠶᠢᠯᠡᠯ  ᠤᠨ ᠮᠣᠩᠭᠤᠯ ᠬᠢᠲᠠᠳ ᠬᠡᠯᠡ ᠶᠢ ᠵᠡᠷᠭᠡ ᠪᠠᠷ ᠬᠡᠷᠡᠭᠯᠡᠬᠦ ᠨᠣᠷᠮ᠎ᠠ᠂ ᠬᠢᠷᠢ ᠲᠡᠩᠴᠡᠭᠰᠡᠨ ᠨᠣᠷᠮ᠎ᠠ᠂ ᠣᠨᠣᠪᠴᠢᠲᠤ ᠨᠣ‌‍ᠷᠮ᠎ᠠ ᠶᠢ ᠦᠨᠡᠨᠬᠦ ᠳᠡᠭᠡᠭᠰᠢᠯᠡᠭᠦᠯᠪᠡ᠃ ᠪᠢᠳᠡ ᠠᠯᠢᠪᠠ ᠬᠡᠷᠡᠭᠴᠡᠭᠡ ᠲᠠᠢ ᠮᠣᠩᠭᠤᠯ ᠬᠡᠯᠡᠨ ᠤ ᠣᠷᠴᠢᠭᠤᠯᠤᠭᠴᠢ ᠳᠤ ᠦᠨ᠎ᠡ ᠲᠥᠯᠥᠪᠦᠷᠢ ᠦᠭᠡᠢ᠃ ᠰᠢᠶᠠᠨ ᠤ ᠳᠣᠲᠣᠷᠠᠬᠢ ᠪᠠᠶᠢᠭᠤᠯᠭ᠎ᠠ ᠪᠠ ᠬᠤᠪᠢ ᠬᠥᠮᠦᠨ ᠳᠤ ᠮᠣᠩᠭᠤᠯ ᠬᠡᠯᠡᠨ ᠤ ᠣᠷᠴᠢᠭᠤᠯᠭ᠎ᠠ ᠬᠠᠩᠭᠠᠵᠤ᠂ ᠮᠣᠩᠭᠤᠯ ᠬᠡᠯᠡᠨ ᠤ ᠣᠷᠴᠢᠭᠤᠯᠭ᠎ᠠ ᠶᠢᠨ ᠠᠯᠳᠠᠭ᠎ᠠ ᠭᠠᠷᠬᠤ ᠶᠢ ᠡᠬᠢ ᠡᠭᠦᠰᠦᠯ ᠠᠴᠠ ᠨᠢ ᠰᠡᠷᠭᠡᠶᠢᠯᠡᠪᠡ᠃ ᠭᠤᠷᠪᠠ ᠳᠤ ᠵᠠᠬ᠎ᠠ ᠳᠡᠯᠭᠡᠭᠦᠷ ᠤᠨ ᠮᠣᠩᠭᠤᠯ ᠬᠢᠲᠠᠳ ᠬᠡᠯᠡ ᠶᠢ ᠵᠡᠷᠭᠡ ᠪᠠᠷ ᠬᠡᠷᠡᠭᠯᠡᠬᠦ ᠶᠠᠪᠤᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠴᠢᠩᠭᠠᠳᠬᠠᠨ᠎ᠠ᠃ 10 ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠣᠷᠣᠯᠴᠠᠭᠰᠠᠨ ᠮᠣᠩᠭᠤᠯ ᠬᠡᠯᠡ ᠪᠢᠴᠢᠭ ᠤᠨ ᠠᠵᠢᠯ ᠤᠨ ᠤᠳᠤᠷᠢᠳᠬᠤ ᠳᠤᠭᠤᠶᠢᠯᠠᠩ ᠢ‌‍ᠴᠠᠭ ᠲᠤᠬᠠᠶ ᠳᠤᠨᠢ ᠵᠣᠬᠢᠴᠠᠭᠤᠯᠤᠨ ᠲᠣᠬᠢᠷᠠᠭᠤᠯᠵᠤ᠂ ᠵᠠᠰᠠᠭ ᠤᠨ ᠣᠷᠳᠣᠨ ᠤ ︽ᠨᠡᠶᠢᠭᠡᠮ ᠤᠨ ᠲᠠᠯ᠎ᠠ ᠶᠢᠨ ᠮᠣᠩᠭᠤᠯ ᠬᠢᠲᠠᠳ ᠦᠰᠦᠭ ᠪᠢᠴᠢᠭ ᠢ ᠵᠡᠷᠭᠡ ᠪᠠᠷ  ᠭᠡᠷᠡᠭᠯᠡᠬᠦ ᠶᠢ ᠲᠤᠰᠬᠠᠶ ᠴᠡᠭᠴᠡᠯᠡᠨ ᠵᠠᠰᠠᠬᠤ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠨᠡᠶᠢᠭᠡᠮ ᠤᠨ ᠲᠠᠯ᠎ᠠ ᠶᠢᠨ ᠬᠡᠷᠡᠭᠯᠡᠭᠡᠨ ᠤ ᠪᠢᠴᠢᠭ ᠮᠠᠲ᠋ᠧᠷᠢᠶᠠᠯ ᠢ ᠲᠤᠰᠬᠠᠶᠢᠯᠠᠨ ᠵᠠᠰᠠᠵᠤ ᠴᠡᠭᠴᠡᠯᠡᠬᠦ ᠠᠵᠢᠯ ᠢ ᠦᠷᠭᠦᠯᠵᠢᠯᠡᠨ ᠥᠷᠨᠢᠭᠦᠯᠵᠦ᠂ ᠡᠬᠢ ᠡᠭᠦᠰᠦᠯ ᠠᠴᠠ ᠨᠢ ᠵᠠᠰᠠᠬᠤ ᠶᠢ ᠬᠡᠷᠡᠭᠵᠢᠭᠦᠯᠵᠦ᠂ ᠵᠠᠷ ᠮᠡᠳᠡᠭᠡᠨ ᠤ ᠦᠰᠦᠭ ᠪᠢᠴᠢᠭ ᠤᠨ ᠣᠷᠴᠢᠭᠤᠯᠭ᠎ᠠ᠂  ᠵᠢᠷᠤᠭ ᠲᠥᠯᠥᠪᠯᠡᠭᠡ᠂ ᠦᠢᠯᠡᠳᠬᠦ ᠡᠯ᠎ᠡ ᠭᠤᠭᠴᠤᠭ᠎ᠠ ᠶᠢᠨ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠮᠠᠨ ᠤ ᠰᠢᠶᠠᠨ ᠤ ᠨᠡᠶᠢᠭᠡᠮ ᠤᠨ ᠲᠠᠯ᠎ᠠ ᠶᠢᠨ ᠮᠣᠩᠭᠤᠯ ᠬᠢᠲᠠᠳ ᠬᠡᠯᠡ ᠶᠢ ᠵᠡᠷᠭᠡ ᠪᠠᠷ ᠬᠡᠷᠡᠭᠯᠡᠬᠦ ᠵᠢᠷᠦᠮᠵᠢᠯ ᠤᠨ ᠪᠠᠷᠢᠮᠵᠢᠶ᠎ᠠ ᠶᠢᠨ ᠨᠣᠷᠮ᠎ᠠ  ᠶᠢ 90% ᠠᠴᠠ ᠳᠡᠭᠡᠭᠰᠢ ᠳᠤ ᠬᠦᠷᠦᠭᠦᠯᠦᠨ᠎ᠡ᠃ 2019  ᠣᠨ ᠮᠠᠨ ᠤ ᠬᠤᠷᠢᠶ᠎ᠠ ᠪᠦᠬᠦ ᠰᠢᠶᠠᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠢ ᠵᠢᠴᠢ ᠰᠢᠯᠵᠢᠭᠦᠯᠦᠨ ᠬᠠᠮᠢᠶᠠᠷᠬᠤ ᠨᠢᠭᠡᠴᠢ ᠶᠢᠨ ᠨᠡᠷᠡᠶᠢᠳᠦᠯ ᠤᠨ ᠫᠠᠶᠢᠰᠠ ᠢᠯᠡᠷᠬᠡᠶᠢᠯᠡᠯ᠂ ᠪᠢᠴᠢᠭ ᠮᠠᠲ᠋ᠧᠷᠢᠶᠠᠯ ᠤᠨ ᠲᠦᠷᠦᠭᠦᠤ᠂ ᠠᠯᠪᠠᠨ ᠲᠠᠮᠠᠭ᠎ᠠ᠂ ᠭᠡᠷ ᠤᠨ ᠭᠠᠳᠠᠨᠠᠬᠢ ᠫᠠᠶᠢᠰᠠ ᠢᠯᠡᠷᠬᠡᠶᠢᠯᠡᠯ᠂ ᠵᠠᠮ ᠤᠨ ᠳᠡᠮᠳᠡᠭ ᠵᠡᠷᠭᠡ ᠶᠢ ᠬᠠᠷᠭᠤᠭᠤᠯᠤᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠪᠤᠷᠤᠭᠤ ᠫᠠᠶᠢᠰᠠ ᠢᠯᠡᠷᠬᠡᠶᠢᠯᠡᠯ᠂ ᠪᠢᠴᠢᠭ ᠮᠠᠲ᠋ᠧᠷᠢᠶᠠᠯ ᠤᠨ ᠲᠦᠷᠦᠭᠦᠤ ᠵᠡᠷᠭᠡ ᠶᠢ ᠴᠠᠭ ᠲᠤᠬᠠᠶ ᠳᠤᠨᠢ ᠵᠠᠯᠠᠷᠠᠭᠤᠯᠪᠠ᠃ ᠡᠨᠡ ᠬᠦ ᠠᠵᠢᠯ ᠢ ᠥᠷᠨᠢᠭᠦᠯᠦᠭᠰᠡᠨ ᠨᠢ ᠮᠠᠨ ᠤ ᠰᠢᠶᠠᠨ ᠤ ᠮᠣᠩᠭᠤᠯ ᠬᠡᠯᠡ ᠪᠢᠴᠢᠭ ᠤᠨ ᠠᠵᠢᠯ ᠤᠨ ᠬᠥᠭᠵᠢᠯᠲᠡ ᠶᠢ ᠠᠬᠢᠭᠤᠯᠵᠤ᠂ ᠮᠣᠩᠭᠤᠯ ᠬᠢᠲᠠᠳ ᠬᠡᠯᠡ ᠶᠢ ᠵᠡᠷᠭᠡ ᠪᠠᠷ ᠬᠡᠷᠡᠭᠯᠡᠬᠦ ᠨᠤᠷᠮ᠎ᠠ᠂ ᠬᠢᠷᠢ ᠲᠡᠩᠴᠡᠭᠰᠡᠨ ᠨᠤᠷᠮ᠎ᠠ᠂  ᠤᠨᠤᠪᠴᠢᠲᠠᠢ ᠨᠤᠷᠮ᠎ᠠ ᠶᠢ ᠳᠡᠭᠡᠭᠰᠢᠯᠡᠭᠦᠯᠦᠭᠰᠡᠨ ᠪᠠᠶᠢᠨ᠎ᠠ᠃            ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠠ            ᠤᠷᠴᠢᠭᠤᠯᠤᠭᠴᠢ᠄ ᠲᠠᠭᠤᠯᠠ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2