ᠬᠤᠸᠠᠳᠧ ᠰᠢᠶᠠᠨ ᠤ ᠭᠠᠵᠠᠷ ᠣᠷᠣᠨ ᠤ ᠲᠡᠮᠳᠡᠭᠲᠦ ᠪᠦᠲᠦᠭᠡᠭᠳᠡᠬᠦᠨ ᠴᠠᠭᠠᠨ ᠨᠣᠭᠤᠭ᠎ᠠ ᠡᠯᠪᠡᠭ ᠬᠤᠷᠢᠶᠠᠯᠲᠠ ᠣᠯᠪᠠ
ᠨᠡᠶᠢᠲᠡᠯᠡᠭᠰᠡᠨ ᠴᠠᠭ᠄
2020/9/29
   ᠡᠨᠡ ᠵᠢᠯ ᠬᠤᠸᠠᠳᠧ ᠰᠢᠶᠠᠨ ᠤ ᠲᠠᠷᠢᠭᠰᠠᠨ 1.9 ᠲᠦᠮᠡᠨ ᠮᠦ ᠴᠠᠭᠠᠨ ᠨᠣᠭᠤᠭ᠎ᠠ ᠡᠯᠪᠡᠭ ᠬᠤᠷᠢᠶᠠᠯᠲᠠ ᠣᠯᠵᠠᠶ᠃ ᠡᠨᠡ ᠵᠢᠯ ᠤᠨ ᠢᠳᠡᠰᠢᠨ ᠨᠣᠭᠤᠭ᠎ᠠ ᠶᠢᠨ ᠦᠨ᠎ᠡ ᠪᠣᠯ ︵ᠮᠥ ᠪᠦᠷᠢ︶ 3000 — 4000 ᠲᠥᠭᠦᠷᠢᠭ ᠤᠨ ᠬᠤᠭᠤᠷᠣᠨᠳᠣ᠂ ᠮᠥ ᠪᠦᠷᠢ ᠶᠢᠨ ᠴᠡᠪᠡᠷ ᠣᠷᠣᠯᠭ᠎ᠠ 2500 ᠲᠥᠭᠦᠷᠢᠭ ᠣᠷᠴᠢᠮ ᠬᠦᠷᠴᠡᠶ᠃ ᠣᠳᠣᠬᠠᠨ ᠳᠤ᠂ ᠴᠠᠭᠠᠨ ᠨᠣᠭᠤᠭ᠎ᠠ ᠨᠢᠭᠡᠨᠲᠡ ᠬᠤᠸᠠᠳᠧ ᠰᠢᠶᠠᠨ ᠤ ᠢᠳᠡᠰᠢᠨ ᠨᠣᠭᠤᠭ᠎ᠠ ᠶᠢᠨ ᠴᠢᠬᠤᠯᠠ ᠲᠥᠷᠥᠯ ᠪᠣᠯᠵᠤ᠂ ᠪᠦᠬᠦ ᠰᠢᠶᠠᠨ ᠳᠤ 1.9 ᠲᠦᠮᠡᠨ ᠮᠦ ᠲᠠᠯᠠᠪᠠᠶ ᠲᠠᠷᠢᠵᠠᠶ᠃ ᠵᠢᠯ ᠤᠨ ᠪᠣᠷᠣᠯᠠᠭᠤᠯᠭ᠎ᠠ ᠶᠢᠨ ᠬᠡᠮᠵᠢᠶ᠎ᠡ ᠶᠢ 1.5 ᠳ᠋ᠦᠩᠰᠢᠭᠤᠷ ᠵᠢᠩ ᠣᠷᠴᠢᠮ ᠳᠤ ᠲᠣᠭᠲᠠᠪᠤᠷᠢᠵᠢᠭᠤᠯᠵᠤ᠂ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ 4000 ᠲᠦᠮᠡᠨ ᠲᠥᠭᠦᠷᠢᠭ ᠬᠦᠷᠴᠦ᠂ ᠪᠦᠬᠦ ᠰᠢᠶᠠᠨ ᠤ 3500 ᠭᠠᠷᠤᠶ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠵᠦ᠂ ᠦᠢᠯᠡᠳᠬᠦᠨ ᠨᠢ ᠪᠦᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠤᠭᠳᠠᠵᠤ᠂ ᠶᠠᠫᠣᠨ᠂ ᠺᠣᠷᠢᠶᠠ ᠳᠤ ᠪᠣᠷᠤᠯᠠᠭᠤᠯᠤᠭᠳᠠᠵᠤ ᠪᠠᠶᠢᠨ᠎ᠠ᠃ ᠴᠠᠭᠠᠨ ᠨᠣᠭᠤᠭ᠎ᠠ ᠶᠢᠨ ᠠᠵᠤ ᠦᠢᠯᠡᠰ ᠨᠢ ᠨᠢᠭᠡᠨᠲᠡ ᠬᠤᠸᠠᠳᠧ ᠰᠢᠶᠠᠨ ᠤ ᠠᠵᠤ ᠠᠬᠤᠶ ᠶᠢ ᠳᠡᠭᠡᠭᠰᠢᠯᠡᠭᠦᠯᠬᠦ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠲᠤᠯᠭᠠᠭᠤᠷᠢ ᠠᠵᠤ ᠦᠢᠯᠡᠰ ᠪᠣᠯᠵᠤ᠂ ᠲᠡᠷᠡᠴᠢᠯᠡᠨ ᠲᠠᠷᠢᠶᠠᠯᠠᠩ ᠤᠨ ᠪᠦᠲᠦᠭᠡᠭᠳᠡᠬᠦᠨ ᠤ ᠤᠯᠤᠰ ᠤᠨ ᠭᠠᠵᠠᠷ ᠵᠦᠢ ᠶᠢᠨ ᠪᠡᠯᠭᠡ ᠳᠡᠮᠳᠡᠭ ᠤᠨ ᠭᠡᠷᠡᠴᠢᠯᠡᠯ ᠢ ᠣᠯᠤᠭᠰᠠᠨ ᠪᠠᠶᠢᠨ᠎ᠠ᠃             ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ             ᠣᠷᠴᠢᠭᠤᠯᠤᠭᠴᠢ᠄ ᠭᠡᠷᠡᠯ     ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2