2019 ᠣᠨ ᠤ 7 ᠰᠠᠷ᠎ᠠ ᠶᠢᠨ 8 ᠤ ᠡᠳᠦᠷ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠬᠡᠷ ︽ᠬᠤᠸᠠᠳᠧ ᠰᠢᠶᠠᠨ ᠤ ᠠᠵᠢᠯ ᠦᠢᠯᠡᠰ ᠤᠨ ᠨᠢᠭᠡᠴᠡ ᠶᠢᠨ ᠲᠤᠰᠬᠠᠶ ᠮᠡᠷᠭᠡᠵᠢᠯ ᠤᠨ ᠲᠤᠰᠢᠶᠠᠯ ᠳᠤ | ᠤᠷᠢᠵᠤ ᠲᠣᠮᠢᠯᠠᠬᠤ ᠠᠵᠢᠯ ᠤᠨ ᠬᠡᠷᠡᠭᠵᠢᠭᠦᠯᠬᠦ ᠲᠥᠰᠦᠯ︾ ︵ᠬᠤᠸᠠᠳᠧ ᠵᠠᠰᠠᠭ ᠠᠯᠪᠠᠨ ᠲᠠᠷᠬᠠᠭᠠᠭᠰᠠᠨ ︹ | 2019 ︺ 37 ᠳ᠋ᠤᠭᠠᠷ ᠲᠣᠭᠠᠲᠤ᠂ ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠨᠢᠭᠡᠨᠲᠡ ᠳᠠᠷᠤᠮᠠᠯᠯᠠᠨ | ᠲᠠᠷᠬᠠᠭᠠᠪᠠ᠃ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠶ᠎ᠠ᠃ | ᠨᠢᠭᠡ᠂ ᠲᠤᠭᠤᠷᠪᠢᠭᠰᠠᠨ ᠠᠬᠤᠶ ᠪᠠᠶᠢᠳᠠᠯ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠮᠡᠷᠭᠡᠵᠢᠯ ᠤᠨ | ᠴᠣᠯᠠ ᠶᠢᠨ ᠳᠦᠷᠢᠮ ᠤᠨ ᠥᠭᠡᠷᠡᠴᠢᠯᠡᠯᠲᠠ ᠶᠢ ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ | ᠶᠠᠪᠤᠭᠤᠯᠬᠤ ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ ︹ 2017 ︺ 36 ᠳ᠋ᠤᠭᠠᠷ ᠲᠣᠭᠠᠲᠤ︶ | ᠪᠣᠯᠤᠨ ︽ᠪᠥᠬᠦ ᠬᠤᠲᠠ ᠶᠢᠨ ᠠᠵᠢᠯ ᠮᠡᠷᠭᠡᠵᠢᠯ ᠤᠨ ᠨᠢᠭᠡᠴᠡ ᠶᠢᠨ ᠠᠵᠢᠯ ᠤᠨ ᠪᠠᠶᠢᠷᠢ ᠳᠤ ᠤᠷᠢᠨ ᠲᠣᠮᠢᠯᠠᠬᠤ | ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠤᠯᠠᠭᠠᠨᠴᠠᠪ ᠬᠥᠮᠦᠨ ᠨᠡᠶᠢᠭᠡᠮ ᠲᠠᠷᠬᠠᠭᠠᠭᠰᠠᠨ ︹ 2012 ︺ | 61 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ 2018 ᠣᠨ ᠤ 9 | ᠰᠠᠷ᠎ᠠ ᠶᠢᠨ 29 ᠤ ᠡᠳᠦᠷ᠂ ᠰᠢᠶᠠᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ ︽ | ᠮᠡᠷᠭᠡᠵᠢᠯ ᠤᠨ ᠴᠣᠯᠠ ᠲᠣᠭᠲᠠᠭᠠᠬᠤ ᠪᠠ ᠤᠷᠢᠵᠤ ᠬᠡᠷᠡᠭᠯᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠲᠤᠬᠠᠶ ᠬᠡᠷᠡᠭᠵᠢᠭᠦᠯᠬᠦ ᠰᠠᠨᠠᠯ︾ ︵ᠲᠤᠷᠰᠢᠨ ᠬᠡᠷᠡᠭᠵᠢᠭᠦᠯᠬᠦ︶ ᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠠᠯᠪᠠᠨ | ᠶᠣᠰᠣᠨ ᠤ ᠪᠢᠴᠢᠭ ᠮᠡᠲ᠋ᠧᠷᠢᠶᠡᠯ ᠢᠶᠠᠷ ᠪᠠᠭᠤᠯᠭᠠᠵᠤ᠂ ᠲᠤᠰᠬᠠᠶ ᠮᠡᠷᠭᠡᠵᠢᠯ ᠤᠨ ᠴᠣᠯᠠ ᠲᠣᠭᠲᠠᠭᠠᠬᠤ ᠪᠠ ᠤᠷᠢᠵᠤ | ᠬᠡᠷᠡᠭᠯᠡᠬᠦ ᠳᠤ ᠯᠠᠪᠯᠠᠯᠲᠠ ᠪᠣᠯᠭᠠᠬᠤ ᠦᠨᠳᠦᠰᠦᠯᠡᠯ ᠬᠠᠩᠭᠠᠭᠰᠠᠨ ᠪᠠᠶᠢᠨ᠎ᠠ᠃ | ︽ᠲᠥᠰᠦᠯ︾ ᠢ ᠲᠣᠭᠲᠠᠭᠠᠭᠰᠠᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠳᠤᠮᠳᠠᠬᠢ | ᠮᠡᠷᠭᠡᠵᠢᠯ ᠤᠨ ᠴᠣᠯᠠ ᠲᠣᠭᠲᠠᠭᠠᠬᠤ ᠤᠷᠢᠬᠤ ᠳᠦᠷᠢᠮ ᠤᠨ ᠤᠷᠮᠠᠰᠢᠭᠤᠯᠬᠤ ᠦᠢᠯᠡᠳᠦᠯ ᠢ ᠤᠯᠠᠮ ᠪᠠᠳᠠᠷᠠᠭᠤᠯᠵᠤ᠂ | ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠪᠦᠯᠬᠦᠮᠳᠡᠭᠦᠯᠦᠨ ᠨᠢᠭᠲᠠᠷᠠᠭᠤᠯᠵᠤ᠂ ᠲᠤᠰᠬᠠᠶ ᠮᠡᠷᠭᠡᠵᠢᠯ ᠤᠨ | ᠴᠢᠳᠠᠪᠤᠷᠢᠲᠠᠨ ᠤ ᠠᠵᠢᠯ ᠮᠡᠷᠭᠡᠵᠢᠯ ᠤᠨ ᠬᠥᠭᠵᠢᠯᠲᠡ ᠶᠢ ᠠᠬᠢᠭᠤᠯᠵᠤ᠂ ᠳᠡᠭᠡᠳᠤ ᠬᠡᠪ ᠴᠢᠨᠠᠷ ᠪᠦᠬᠦᠢ ᠲᠤᠰᠬᠠᠶ | ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ | ᠬᠥᠭᠵᠢᠯᠲᠡ ᠶᠢ ᠠᠬᠢᠭᠤᠯᠵᠤ᠂ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠤᠨ ᠢᠳᠡᠪᠬᠢᠵᠢᠯ᠂ ᠰᠠᠨᠠᠭᠠᠴᠢᠯᠠᠭᠠᠲᠤ | ᠴᠢᠨᠠᠷ᠂ ᠪᠦᠲᠦᠭᠡᠯᠴᠢ ᠴᠢᠨᠠᠷ ᠢ ᠬᠥᠭᠵᠢᠭᠡᠬᠦ ᠳᠤ᠂ ᠮᠠᠨ ᠤ ᠰᠢᠶᠠᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢ ᠠᠬᠢᠭᠤᠯᠵᠤ᠂ 2016 ᠣᠨ ᠠᠴᠠ 2018 ᠤᠨ ᠪᠣᠯᠲᠠᠯ᠎ᠠ ᠲᠤᠰᠬᠠᠶ | ᠮᠡᠷᠭᠡᠵᠢᠯ ᠤᠨ ᠴᠣᠯᠠ ᠣᠯᠤᠭᠰᠠᠨ ᠠᠵᠢᠯᠲᠠᠨ ᠤ ᠡᠷᠬᠡ ᠠᠰᠢᠭ ᠢ ᠪᠠᠲᠤᠯᠠᠬᠤ ᠨᠢ ᠴᠢᠬᠤᠯᠠ ᠠᠴᠢ ᠬᠤᠯᠪᠣᠭᠳᠠᠯ ᠲᠠᠢ | ᠶᠤᠮ᠃ | ᠬᠤᠶᠠᠷ᠂ ᠭᠤᠤᠯ ᠠᠭᠤᠯᠭ᠎ᠠ | ︽ᠲᠥᠰᠦᠯ︾ ᠳᠤ ᠦᠨᠳᠦᠰᠦᠨ ᠵᠠᠷᠴᠢᠮ᠂ ᠤᠷᠢᠨ ᠲᠣᠮᠢᠯᠠᠬᠤ ᠨᠥᠬᠦᠴᠡᠯ᠂ ᠥᠷᠢᠰᠦᠯᠳᠦᠨ ᠤᠷᠢᠬᠤ ᠲᠠᠰ | ᠳᠠᠷᠠᠭᠠᠯᠠᠯ᠂ ᠤᠷᠢᠨ ᠲᠣᠮᠢᠯᠠᠬᠤ ᠳᠤ ᠠᠩᠬᠠᠷᠬᠤ ᠵᠦᠢᠯᠡᠰ᠂ ᠤᠷᠢᠨ ᠬᠡᠷᠡᠭᠯᠡᠭᠰᠡᠨ ᠤ ᠳᠠᠷᠠᠭᠠᠬᠢ ᠬᠠᠮᠢᠶᠠᠷᠤᠯᠲᠠ ᠵᠡᠷᠭᠡ | ᠲᠠᠯ᠎ᠠ ᠶᠢᠨ ᠠᠭᠤᠯᠭ᠎ᠠ ᠶᠢ ᠪᠠᠭᠲᠠᠭᠠᠭᠰᠠᠨ ᠪᠠᠶᠢᠨ᠎ᠠ᠃ | ᠨᠢᠭᠡᠳᠦᠭᠡᠷ ᠲᠠᠯ᠎ᠠ ᠨᠢ ᠦᠨᠳᠦᠰᠦᠨ ᠵᠠᠷᠴᠢᠮ ᠪᠣᠯᠤᠨ᠎ᠠ᠂ ︽ᠲᠥᠰᠦᠯ︾ ᠳᠤ ᠲᠠᠪᠤᠨ ᠵᠠᠷᠴᠢᠮ ᠢ ᠲᠣᠳᠣᠷᠬᠠᠶ | ᠲᠤᠭᠲᠠᠭᠠᠵᠤ᠂ ᠢᠯᠡ᠂ ᠡᠷᠬᠡ ᠲᠡᠭᠰᠢ᠂ ᠥᠷᠢᠰᠦᠯᠳᠦᠬᠦ᠂ ᠰᠢᠯᠢᠳᠡᠭ ᠢ ᠨᠢ ᠰᠣᠩᠭᠤᠬᠤ ᠶᠢ ᠪᠠᠷᠢᠮᠲᠠᠯᠠᠵᠤ᠂ | ᠠᠵᠢᠯ ᠤᠨ ᠠᠮᠵᠢᠯᠲᠠ ᠪᠦᠲᠦᠮᠵᠢ ᠪᠠ ᠴᠢᠳᠠᠪᠤᠷᠢ ᠶᠢ ᠴᠢᠬᠤᠯᠠᠴᠢᠯᠠᠵᠤ᠂ ᠦᠨᠡᠯᠡᠬᠦ ᠪᠠᠷᠢᠮᠵᠢᠶ᠎ᠠ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠵᠤ᠂ ᠨᠢᠭᠡᠳᠦᠯᠲᠡᠶ ᠠᠵᠢᠯ ᠤᠨ ᠪᠠᠶᠢᠷᠢ ᠪᠠᠶᠢᠷᠢᠯᠠᠭᠤᠯᠬᠤ᠂ ᠠᠵᠢᠯ ᠤᠨ ᠪᠠᠶᠢᠷᠢ ᠶᠣᠰᠣᠭᠠᠷ | ᠤᠷᠢᠨ ᠲᠣᠮᠢᠯᠠᠬᠤ᠂ ᠠᠵᠢᠯ ᠲᠥᠷᠥᠯ ᠪᠠ ᠠᠵᠢᠯ ᠤᠨ ᠪᠠᠶᠢᠷᠢ ᠶᠢ ᠠᠵᠢᠯ ᠲᠥᠷᠥᠯ ᠳᠡᠭᠡᠨ ᠳᠣᠭᠢᠷᠠᠭᠤᠯᠤᠨ᠎ᠠ᠃ | ᠬᠤᠶᠠᠳᠤᠭᠠᠷ ᠲᠠᠯ᠎ᠠ ᠨᠢ ᠤᠷᠢᠨ ᠲᠣᠮᠢᠯᠠᠬᠤ ᠨᠥᠬᠦᠴᠡᠯ ᠤᠨ ᠲᠠᠯ᠎ᠠ᠂ ︽ᠲᠥᠰᠦᠯ︾ ᠳᠤ ᠤᠷᠢᠨ ᠲᠣᠮᠢᠯᠠᠬᠤ | ᠨᠦᠭᠦᠴᠡᠯ ᠢ ᠲᠤᠭᠲᠠᠭᠠᠵᠤ᠂ ᠠᠵᠢᠯ ᠮᠡᠷᠭᠡᠵᠢᠯ ᠤᠨ ᠶᠣᠰᠣ ᠮᠣᠷᠠᠯ᠂ ᠦᠢᠯᠡ ᠠᠵᠢᠯᠯᠠᠭ᠎ᠠ ᠶᠢᠨ ᠳᠦᠷᠢᠮᠵᠢᠯ᠂ ᠪᠡᠶ᠎ᠡ | ᠮᠠᠬᠠᠪᠣᠳ ᠤᠨ ᠨᠥᠬᠦᠴᠡᠯ᠂ ᠦᠷᠭᠦᠯᠵᠢᠯᠡᠭᠰᠡᠨ ᠰᠤᠷᠭᠠᠨ ᠬᠥᠮᠦᠵᠢᠯ᠂ ᠣᠨ ᠤ ᠬᠢᠨᠠᠨ ᠰᠢᠯᠭᠠᠯᠲᠠ᠂ ᠰᠤᠷᠤᠯᠭ᠎ᠠ ᠶᠢᠨ | ᠨᠠᠮᠲᠠᠷ᠂ ᠬᠢᠷᠢ ᠬᠡᠮ᠂ ᠤᠷᠢᠨ ᠲᠣᠮᠢᠯᠠᠭᠰᠠᠨ ᠬᠥᠮᠦᠰ ᠵᠡᠷᠭᠡ ᠳᠤ ᠲᠣᠳᠣᠷᠬᠠᠶ ᠱᠠᠭᠠᠷᠳᠠᠯᠭ᠎ᠠ ᠳᠤᠷᠠᠳᠴᠠᠢ᠃ | ᠭᠤᠷᠪᠠᠳᠤᠭᠠᠷ ᠲᠠᠯ᠎ᠠ ᠨᠢ ᠥᠷᠢᠰᠥᠯᠳᠦᠨ ᠤᠷᠢᠬᠤ ᠵᠢᠷᠤᠮ ᠪᠣᠯᠤᠨ᠎ᠠ᠃ ︽ᠲᠥᠰᠦᠯ︾ ᠳᠤ ᠤᠷᠢᠵᠤ ᠬᠡᠷᠡᠭᠯᠡᠬᠦ | ᠪᠣᠳᠠᠲᠠᠶ ᠳᠡᠰ ᠳᠠᠷᠠᠭᠠᠯᠠᠯ ᠢ ᠲᠣᠳᠣᠷᠬᠠᠶ ᠲᠣᠭᠲᠠᠭᠠᠵᠤ᠂ ᠠᠵᠢᠯ ᠤᠨ ᠪᠠᠶᠢᠷᠢ ᠶᠢ ᠬᠠᠷᠭᠤᠭᠤᠯᠤᠨ ᠵᠥᠪᠰᠢᠶᠡᠷᠡᠬᠦ | ᠬᠡᠷᠡᠭᠲᠡᠶ ᠭᠡᠵᠦ ᠱᠠᠭᠠᠷᠳᠠᠵᠤ᠂ ᠤᠷᠢᠨ ᠲᠣᠮᠢᠯᠠᠭᠰᠠᠨ ᠨᠢᠭᠡᠴᠡ ᠤᠷᠢᠨ ᠲᠣᠮᠢᠯᠠᠬᠤ ᠠᠵᠢᠯ ᠤᠨ ᠤᠳᠤᠷᠢᠳᠬᠤ | ᠳᠤᠭᠤᠶᠢᠯᠠᠩ ᠪᠠᠶᠢᠭᠤᠯᠵᠤ᠂ ᠤᠷᠢᠨ ᠲᠣᠮᠢᠯᠠᠭᠰᠠᠨ ᠬᠥᠮᠦᠰ ᠲᠤ ᠥᠷᠢᠰᠦᠯᠳᠦᠨ ᠤᠷᠢᠬᠤ ᠠᠵᠢᠯ ᠤᠨ ᠪᠠᠶᠢᠷᠢ ᠶᠢᠨ | ᠠᠮᠠᠯᠠᠯᠲᠠ ᠶᠢᠨ ᠪᠢᠴᠢᠭ ᠭᠠᠷᠭᠠᠵᠤ᠂ ᠠᠷᠠᠳᠴᠢᠯᠠᠯ ᠢᠶᠠᠷ ᠲᠠᠨᠢᠯᠴᠠᠭᠤᠯᠬᠤ᠂ ᠠᠩᠬ᠎ᠠ ᠬᠢᠨᠠᠬᠤ᠂ ᠳᠠᠬᠢᠨ ᠬᠢᠨᠠᠬᠤ᠂ | ᠢᠯᠡ ᠨᠡᠶᠢᠲᠡᠯᠡᠬᠦ᠂ ᠮᠠᠲ᠋ᠧᠷᠢᠶᠡᠯ ᠬᠠᠩᠭᠠᠬᠤ᠂ ᠳᠠᠬᠢᠨ ᠬᠢᠨᠠᠬᠤ ᠳᠡᠰ ᠳᠠᠷᠠᠭᠠᠯᠠᠯ ᠢ ᠲᠣᠳᠣᠷᠬᠠᠶ ᠲᠣᠭᠲᠠᠭᠠᠵᠤ᠂ | ᠡᠭᠦᠨ ᠤ ᠬᠠᠮᠲᠤ ᠰᠠᠬᠢᠯᠭ᠎ᠠ ᠪᠠᠲᠤ ᠲᠦᠷᠢᠮ ᠲᠣᠭᠲᠠᠭᠠᠯ ᠢ ᠵᠥᠷᠢᠴᠡᠭᠰᠡᠨ ᠪᠠᠶᠢᠳᠠᠯ ᠢ ᠰᠢᠢᠳᠪᠤᠷᠢᠯᠡᠬᠦ ᠲᠤᠬᠠᠶ | ᠪᠤᠳᠠᠲᠠᠢ ᠲᠣᠭᠲᠠᠭᠠᠯ ᠢ ᠲᠣᠳᠣᠷᠬᠠᠶ ᠲᠣᠭᠲᠠᠭᠠᠭᠰᠠᠨ ᠪᠠᠶᠢᠨ᠎ᠠ᠃ | ᠳᠥᠷᠪᠡᠳᠦᠭᠡᠷ ᠲᠠᠯ᠎ᠠ ᠨᠢ ᠤᠷᠢᠵᠤ ᠬᠡᠷᠡᠭᠯᠡᠬᠦ ᠲᠠᠯ᠎ᠠ ᠪᠠᠷ ᠬᠢ ᠠᠩᠬᠠᠷᠬᠤ ᠵᠦᠢᠯᠡᠰ᠂ ︽ᠲᠥᠰᠦᠯ︾ ᠳᠤ | ᠠᠵᠢᠯ ᠤᠨ ᠠᠮᠵᠢᠯᠲᠠ ᠪᠦᠲᠦᠮᠵᠢ ᠶᠢ ᠴᠢᠬᠤᠯᠠᠴᠢᠯᠠᠵᠤ᠂ ᠬᠤᠲᠠ ᠶᠢᠨ ᠱᠠᠲᠤᠨ ᠠᠴᠠ ᠳᠡᠭᠡᠭᠰᠢᠬᠢ ᠬᠥᠬᠢᠭᠦᠯᠦᠯ | ᠬᠦᠷᠲᠡᠭᠰᠡᠨ ᠲᠤᠰᠬᠠᠶ ᠮᠡᠷᠭᠡᠵᠢᠯ ᠤᠨ ᠠᠵᠢᠯᠲᠠᠨ ᠢ ᠡᠩ ᠲᠡᠷᠢᠭᠦᠨ ᠳᠤ ᠪᠣᠳᠣᠯᠬᠢᠯᠠᠵᠤ᠂ ᠵᠢᠭᠡᠯᠡᠨ ᠰᠢᠯᠵᠢᠭᠦᠯᠦᠭᠰᠡᠨ | ᠬᠥᠮᠦᠰ ᠢ ᠤᠷᠢᠨ ᠲᠣᠮᠢᠯᠠᠭᠰᠠᠨ ᠨᠢᠭᠡᠴᠡ᠂ ᠤᠷᠢᠭᠳᠠᠭᠰᠠᠨ ᠬᠥᠮᠦᠰ ᠤᠨ ᠭᠠᠷᠳᠠᠮ ᠭᠦᠢᠴᠡᠳᠬᠡᠬᠦ ᠵᠢᠴᠢ ᠲᠣᠰ | ᠨᠢᠭᠡᠴᠡ ᠶᠢᠨ ᠠᠵᠢᠯ ᠤᠨ ᠪᠠᠶᠢᠷᠢ ᠶᠢᠨ ᠲᠤᠰᠢᠶᠠᠯ ᠤᠨ ᠲᠤᠭ᠎ᠠ ᠶᠢ ᠡᠵᠡᠯᠡᠨ ᠤᠷᠢᠨ ᠲᠣᠮᠢᠯᠠᠭᠰᠠᠨ ᠦᠭᠡᠢ 4 ᠵᠦᠢᠯ | ᠤᠨ ᠨᠥᠬᠦᠴᠡᠯ ᠳᠤ ᠲᠣᠭᠲᠠᠭᠠᠯ ᠭᠠᠷᠭᠠᠪᠠ᠃ | ᠲᠠᠪᠤᠳᠤᠭᠠᠷ ᠲᠤ᠂ ᠤᠷᠢᠵᠤ ᠬᠡᠷᠡᠭᠯᠡᠭᠰᠡᠨ ᠤ ᠳᠠᠷᠠᠭᠠᠬᠢ ᠬᠠᠮᠢᠶᠠᠷᠤᠯᠲᠠ᠂ ︽ᠲᠥᠰᠦᠯ︾ ᠳᠤ ᠲᠤᠰᠬᠠᠶ | ᠮᠡᠷᠭᠡᠵᠢᠯ ᠤᠨ ᠠᠵᠢᠯᠲᠠᠨ ᠤ ᠤᠷᠢᠵᠤ ᠬᠡᠷᠡᠭᠯᠡᠬᠦ ᠬᠤᠭᠤᠴᠠᠭ᠎ᠠ᠂ ᠬᠢᠨᠠᠨ ᠰᠢᠯᠭᠠᠯᠲᠠ ᠵᠢᠴᠢ ᠤᠷᠢᠬᠤ ᠪᠠᠨ ᠪᠤᠯᠢᠬᠤ | ᠵᠢᠷᠭᠤᠭᠠᠨ ᠵᠦᠢᠯ ᠤᠨ ᠪᠠᠶᠢᠳᠠᠯ ᠢ ᠲᠣᠭᠲᠠᠭᠠᠵᠠᠶ᠃ | ᠵᠢᠷᠭᠤᠳᠤᠭᠠᠷ ᠲᠠᠯ᠎ᠠ ᠨᠢ ᠦᠢᠯᠡᠴᠢᠯᠡᠭᠡᠨ ᠤ ᠮᠡᠷᠭᠡᠵᠢᠯ ᠤᠨ ᠴᠢᠳᠠᠪᠤᠷᠢ ᠶᠢᠨ ᠠᠵᠢᠯᠲᠠᠨ ᠤ ᠮᠡᠷᠭᠡᠵᠢᠯ ᠤᠨ ᠴᠣᠯᠠ ᠶᠢ | ᠤᠷᠢᠨ ᠲᠣᠮᠢᠯᠠᠬᠤ ᠳᠡᠰ ᠳᠠᠷᠠᠭᠠᠯᠠᠯ᠂ ᠴᠠᠭ ᠤᠨ ᠠᠬᠢᠴᠠ ᠪᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠴᠢᠩᠭᠠᠳᠬᠠᠬᠤ ᠬᠠᠮᠢᠶ᠎ᠠ ᠪᠦᠬᠦᠢ ᠱᠠᠭᠠᠷᠳᠠᠯᠭ᠎ᠠ ᠪᠣᠯᠤᠨ᠎ᠠ᠃ | ᠭᠤᠷᠪᠠ᠂ ᠭᠤᠤᠯ ᠣᠨᠴᠠᠯᠢᠭ | ︽ᠲᠥᠰᠦᠯ︾ ᠳᠤ ᠭᠤᠤᠯᠳᠠᠭᠤ ᠳᠣᠤᠷᠠᠬᠢ ᠮᠡᠲᠦ ᠣᠨᠴᠠᠯᠢᠭ ᠲᠠᠢ᠃ ᠨᠢᠭᠡ ᠳᠤ᠂ ᠥᠷᠢᠰᠥᠯᠳᠦᠨ ᠤᠷᠢᠭᠳᠠᠬᠤ | ᠬᠥᠮᠦᠰ ᠢ ᠲᠣᠳᠣᠷᠬᠠᠶᠢᠯᠠᠪᠠ᠃ ︽ᠲᠥᠰᠦᠯ︾ ᠳᠤ 2016 — 2018 ᠣᠨ ᠤ ᠡᠴᠦᠰ ᠪᠣᠯᠲᠠᠯ᠎ᠠ | ᠤᠯᠤᠰ ᠠᠴᠠ ᠮᠡᠳᠡᠷᠡᠭᠰᠡᠨ ᠵᠡᠷᠭᠡ ᠳᠡᠰ ᠤᠨ ᠲᠤᠰᠬᠠᠶ ᠮᠡᠷᠭᠡᠵᠢᠯ ︵ᠦᠢᠯᠡᠴᠢᠯᠡᠭᠡᠨ ᠤ ᠮᠡᠷᠭᠡᠵᠢᠯ ᠤᠨ ᠴᠢᠳᠠᠪᠤᠷᠢ︶ | ᠤᠨ ᠬᠢᠷᠢ ᠬᠡᠮ ᠢ ᠣᠯᠤᠭᠰᠠᠨ ᠠᠵᠢᠯ ᠤᠨ ᠪᠠᠶᠢᠷᠢ ᠳᠤ ᠪᠠᠶᠢᠭ᠎ᠠ ᠥᠯᠥ ᠤᠷᠢᠭᠳᠠᠭᠰᠠᠳ ︵ᠰᠢᠯᠭᠠᠯᠲᠠ ᠪᠠᠷ | ᠦᠨᠡᠯᠡᠭᠴᠢ ᠶᠢ ᠣᠷᠤᠯᠠᠭᠤᠯᠤᠭᠰᠠᠨ ᠬᠥᠮᠦᠰ ᠪᠠᠭᠲᠠᠨ᠎ᠠ︶ ᠲᠤ ᠴᠢᠭᠯᠡᠭᠦᠯᠪᠡ᠃ ᠬᠤᠶᠠᠷ ᠲᠤ᠂ ᠨᠢᠭᠡᠳᠦᠯᠲᠡᠶ | ᠠᠵᠢᠯ ᠤᠨ ᠪᠠᠶᠢᠷᠢ ᠭᠠᠷᠭᠠᠵᠤ᠂ ᠨᠢᠭᠡᠳᠦᠯᠲᠡᠶ ᠤᠷᠢᠬᠤ ᠬᠤᠭᠤᠴᠠᠭ᠎ᠠ ᠪᠣᠯᠤᠨ᠎ᠠ᠃ ︽ᠲᠥᠰᠦᠯ︾ ᠤᠨ ᠵᠣᠷᠢᠯᠭ᠎ᠠ ᠨᠢ | ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢᠨ ᠲᠥᠯᠥᠭᠡ᠂ ᠠᠵᠢᠯ ᠤᠨ ᠪᠠᠶᠢᠷᠢ ᠳᠤ ᠥᠷᠢᠰᠥᠯᠳᠦᠨ ᠤᠷᠢᠬᠤ ᠳᠦᠷᠢᠮ ᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠲᠤᠰᠬᠠᠶ ᠮᠡᠷᠭᠡᠵᠢᠯ ᠤᠨ ᠠᠵᠢᠯᠲᠠᠨ ᠤ ᠪᠡᠶ᠎ᠡ ᠶᠢᠨ ᠭᠠᠷᠤᠯ ᠤᠨ ᠬᠠᠮᠢᠶᠠᠷᠤᠯᠲᠠ ᠠᠴᠠ | ᠠᠵᠢᠯ ᠤᠨ ᠪᠠᠶᠢᠷᠢ ᠶᠢᠨ ᠬᠠᠮᠢᠶᠠᠷᠤᠯᠲᠠ ᠲᠡᠰᠢ ᠬᠤᠪᠢᠷᠠᠭᠤᠯᠬᠤ ᠶᠢ ᠪᠡᠶᠡᠯᠡᠭᠦᠯᠵᠦ᠂ ᠠᠵᠢᠯ ᠦᠢᠯᠡᠰ ᠤᠨ | ᠨᠢᠭᠡᠴᠡ ᠶᠢᠨ ᠮᠡᠷᠭᠡᠵᠢᠯ ᠤᠨ ᠴᠣᠯᠠ ᠶᠢ ᠤᠷᠢᠨ ᠲᠣᠮᠢᠯᠠᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃ | ᠭᠤᠷᠪᠠ ᠳᠤ᠂ ᠬᠥᠮᠦᠨ ᠬᠡᠷᠡᠭᠯᠡᠬᠦ ᠨᠢᠭᠡᠴᠡ ᠶᠢᠨ ᠪᠡᠶᠡᠴᠢ ᠴᠣᠭᠴᠠ ᠶᠢᠨ ᠠᠮᠢᠳᠤᠯᠢᠭ ᠬᠦᠴᠦᠨ ᠢ ᠬᠥᠭᠵᠢᠭᠡᠨ᠎ᠡ᠃ ︽ | ᠲᠥᠰᠦᠯ︾ ᠳᠤ ᠡᠯ᠎ᠡ ᠠᠵᠢᠯ ᠦᠢᠯᠡᠰ ᠤᠨ ᠨᠢᠭᠡᠴᠡ ᠨᠢ ᠬᠥᠮᠦᠨ ᠬᠡᠷᠡᠭᠯᠡᠬᠦ ᠭᠤᠣᠯ ᠴᠣᠭᠴᠠ ᠪᠣᠯᠵᠤ᠂ ᠲᠤᠰᠬᠠᠶ | ᠮᠡᠷᠭᠡᠵᠢᠯ ᠤᠨ ᠠᠵᠢᠯᠲᠠᠨ ᠢ ᠤᠷᠢᠵᠤ ᠬᠡᠷᠡᠭᠯᠡᠬᠦ ᠪᠠᠷ ᠮᠡᠳᠡᠭᠦᠯᠬᠦ᠂ ᠠᠩᠬ᠎ᠠ ᠬᠢᠨᠠᠬᠤ᠂ ᠬᠢᠨᠠᠨ ᠰᠢᠯᠭᠠᠬᠤ ᠵᠡᠷᠭᠡ | ᠠᠵᠢᠯ ᠢ ᠬᠠᠷᠢᠭᠤᠴᠠᠨ᠂ ᠠᠵᠢᠯ ᠦᠢᠯᠡᠰ ᠤᠨ ᠨᠢᠭᠡᠴᠡ ᠶᠢᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ | ᠭᠦᠢᠴᠡᠳ ᠬᠦᠭᠵᠢᠭᠡᠵᠦ᠂ ᠲᠤᠰᠬᠠᠶ ᠮᠡᠷᠭᠡᠵᠢᠯ ᠤᠨ ᠠᠵᠢᠯᠲᠠᠨ ᠢ ᠤᠷᠢᠨ ᠲᠣᠮᠢᠯᠠᠬᠤ ᠠᠵᠢᠯ ᠢ ᠰᠠᠶᠢᠲᠤᠷ ᠬᠢᠨ᠎ᠡ᠃ | ᠡᠭᠦᠨ ᠤ ᠬᠠᠮᠲᠤ᠂ ᠡᠯ᠎ᠡ ᠠᠵᠢᠯ ᠦᠢᠯᠡᠰ ᠤᠨ ᠨᠢᠭᠡᠴᠡ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠰᠠᠬᠢᠯᠭ᠎ᠠ | ᠪᠠᠲᠤ ᠪᠠᠶᠢᠴᠠᠭᠠᠬᠤ ᠰᠠᠯᠠᠭ᠎ᠠ ᠮᠥᠴᠢᠷ ᠲᠤᠰᠬᠠᠶ ᠮᠡᠷᠭᠡᠵᠢᠯ ᠤᠨ ᠠᠵᠢᠯᠲᠠᠨ ᠢ ᠤᠷᠢᠨ ᠲᠣᠮᠢᠯᠠᠬᠤ ᠠᠵᠢᠯ ᠳᠤ | ᠣᠷᠣᠯᠴᠠᠵᠤ᠂ ᠬᠢᠨᠠᠨ ᠬᠠᠮᠢᠶᠠᠷᠬᠤ ᠬᠠᠮᠢᠶᠠᠷᠤᠯᠲᠠ ᠶᠢ ᠰᠠᠶᠢᠲᠤᠷ ᠬᠢᠵᠦ᠂ ᠤᠷᠢᠨ ᠲᠣᠮᠢᠯᠠᠬᠤ ᠠᠵᠢᠯ ᠤᠨ ᠡᠷᠬᠡ | ᠲᠡᠭᠰᠢ᠂ ᠢᠯᠡ᠂ ᠲᠥᠪ ᠭᠤᠤᠯᠴᠢ ᠪᠠᠶᠢᠬᠤ ᠶᠢ ᠦᠨᠡᠨᠬᠦ ᠪᠠᠲᠤᠯᠠᠵᠤ᠂ ᠲᠤᠰᠬᠠᠶ ᠮᠡᠷᠭᠡᠵᠢᠯ ᠤᠨ ᠠᠵᠢᠯᠲᠠᠨ ᠤ ᠬᠠᠤᠯᠢ | ᠶᠣᠰᠣᠨ ᠤ ᠡᠷᠬᠡ ᠠᠰᠢᠭ ᠢ ᠭᠦᠢᠴᠡᠳᠪᠠᠲᠤᠯᠠᠨᠠ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ |