ᠨᠢᠭᠡ ᠳᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠯᠠᠪᠳᠠᠭᠤᠨ ᠢᠶᠠᠷ ᠠᠬᠢᠪᠠ᠃ | ᠪᠦᠬᠦ ᠰᠢᠶᠠᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ 16 ᠶᠢ | ᠬᠡᠷᠡᠭᠵᠢᠭᠦᠯᠵᠦ᠂ ᠶᠡᠷᠦᠩᠬᠡᠶ ᠪᠡᠯᠡ ᠣᠷᠣᠭᠤᠯᠤᠯᠲᠠ 51.3894 ᠳ᠋ᠦᠩᠰᠢᠭᠤᠷ ᠲᠥᠭᠦᠷᠢᠭ ᠲᠤ ᠬᠦᠷᠴᠦ᠂ ᠲᠤᠰ | ᠵᠢᠯ ᠳᠤ 8.73 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ | ᠣᠳᠣᠬᠠᠨ ᠪᠣᠯᠲᠠᠯ᠎ᠠ᠂ ᠨᠢᠭᠡᠨᠲᠡ 0.86 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ | 12 ᠲᠥᠷᠥᠯ ᠵᠦᠢᠯ ᠢ ᠡᠬᠢᠯᠡᠭᠦᠯᠵᠦ ᠰᠡᠷᠭᠦᠭᠡᠭᠰᠡᠨ ᠪᠠ ᠰᠡᠷᠭᠦᠭᠡᠭᠰᠡᠨ ᠶᠡᠷᠦᠩᠬᠡᠶ ᠨᠣᠷᠮ᠎ᠠ 75% ᠳᠤ ᠬᠦᠷᠴᠡᠶ᠃ | ᠡᠭᠦᠨ ᠳᠤ᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ 4 ᠪᠠᠶᠢᠵᠤ᠂ ᠨᠢᠭᠡᠨᠲᠡ 3 ᠵᠦᠢᠯ ᠤᠨ ᠠᠵᠢᠯ ᠢᠶᠠᠨ | ᠰᠡᠷᠭᠦᠭᠡᠵᠦ᠂ ᠠᠵᠢᠯ ᠡᠬᠢᠯᠡᠭᠦᠯᠦᠭᠰᠡᠨ ᠨᠣᠷᠮ᠎ᠠ ᠨᠢ 75% ᠪᠣᠯᠤᠨ᠎ᠠ᠃ ᠪᠠᠶ ᠳ᠋ᠧ ᠣᠯᠠᠨ ᠤᠯᠤᠰ ᠤᠨ ᠲᠣᠮᠣ | ᠪᠠᠭᠤᠳᠠᠯ ᠤᠨ ᠭᠤᠤᠯ ᠴᠣᠭᠴᠠ ᠪᠠᠷᠢᠯᠭ᠎ᠠ ᠳᠠᠭᠤᠰᠴᠤ᠂ ᠬᠡᠷ ᠳᠣᠲᠣᠷᠠᠬᠢ ᠵᠠᠰᠠᠯ ᠴᠢᠮᠡᠭᠯᠡᠯ ᠢ ᠶᠠᠭ ᠬᠢᠵᠦ ᠪᠠᠶᠢᠨ᠎ᠠ︔ | ᠵᠢᠶᠠ ᠮᠢᠩ ᠪᠤᠯᠤᠳ ᠤᠨ ᠦᠢᠯᠡᠰ ᠤᠨ ᠰᠠᠭᠤᠷᠢ ᠭᠤᠣᠯ ᠴᠣᠭᠴᠠ ᠶᠢᠨ ᠪᠠᠷᠢᠯᠭ᠎ᠠ ᠳᠠᠭᠤᠰᠴᠤ᠂ ᠲᠥᠬᠦᠭᠡᠷᠦᠮᠵᠢ | ᠤᠭᠰᠠᠷᠠᠵᠤ ᠰᠢᠪᠲᠤᠷᠠᠭᠠᠨ ᠤ ᠠᠵᠢᠯ ᠳᠠᠭᠠᠨ ᠣᠷᠤᠵᠤ᠂ ᠬᠦᠴᠦᠳᠡᠯ ᠥᠭᠡᠷᠡᠴᠢᠯᠡᠬᠦ ᠪᠠᠷᠢᠯᠭ᠎ᠠ ᠶᠢ ᠶᠠᠭ ᠪᠠᠷᠢᠵᠤ | ᠪᠠᠶᠢᠨ᠎ᠠ᠃ ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ 12 ᠪᠠᠶᠢᠵᠤ᠂ ᠨᠢᠭᠡᠨᠲᠡ 9 ᠵᠦᠢᠯ ᠨᠢ ᠠᠵᠢᠯ | ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ ᠨᠢ 75% ᠪᠣᠯᠤᠨ᠎ᠠ᠃ ᠮᠧᠩ ᠳ᠋ᠠ ᠲᠢᠲ᠋ᠠᠨ ᠤ ᠦᠢᠯᠡᠰ᠂ | ᠪᠠᠷᠠᠭᠠᠨ ᠤ ᠲᠠᠯᠠᠪᠠᠶ ᠶᠢᠨ ᠲᠤᠰᠬᠠᠶ ᠱᠤᠭᠤᠮ᠂ ᠬᠠᠭᠤᠷᠠᠶ ᠭᠠᠷᠠᠮ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠲᠣᠭᠤᠷᠢᠭ᠂ ᠴᠠᠩᠱᠦ᠋ᠨ 220 ᠺᠢᠯᠣᠸᠠᠲ ᠤᠨ ᠴᠠᠬᠢᠯᠭᠠᠨ ᠬᠦᠷᠭᠡᠬᠦ ᠬᠤᠪᠢᠰᠬᠠᠬᠤ ᠢᠨᠵᠧᠨᠧᠷᠢᠩ᠂ | ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠳᠤ ᠱᠢ ᠬᠤᠸᠠ ᠲᠢᠩ ᠣᠳᠣ ᠶᠠᠭ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠬᠢᠵᠦ ᠪᠠᠶᠢᠨ᠎ᠠ︔ ᠬᠤᠸᠠ ᠴᠧᠨ ᠤ ᠬᠤᠶᠠᠳᠤᠭᠠᠷ ᠬᠤᠭᠤᠴᠠᠭᠠᠨ ᠤ | ᠪᠣᠷᠵᠢᠨ ᠴᠢᠯᠠᠭᠤᠯᠢᠭ ᠤᠨ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠲᠥᠷᠥᠯ ᠵᠦᠢᠯ ᠨᠢ ᠶᠠᠭ | ᠲᠦᠭᠦᠬᠡᠶ ᠮᠠᠲ᠋ᠧᠷᠢᠶᠠᠯ ᠤᠨ ᠬᠥᠮᠥᠷᠭᠡ ᠪᠠ ᠪᠦᠲᠦᠭᠡᠭᠳᠡᠬᠦᠨ ᠤ ᠬᠥᠮᠥᠷᠭᠡ ᠵᠢᠴᠢ ᠬᠡᠰᠡᠭ ᠲᠥᠬᠦᠭᠡᠷᠦᠮᠵᠢ ᠶᠢ | ᠤᠭᠰᠠᠷᠠᠵᠤ ᠪᠣᠶ︔ ᠴᠠᠩᠱᠦ᠋ᠨ ᠪᠠᠯᠭᠠᠰᠤᠨ ᠤ ᠪᠣᠷᠣᠭᠠᠨ ᠤ ᠪᠣᠬᠢᠷᠲᠤᠯ ᠢ ᠰᠠᠯᠭᠠᠬᠤ ᠵᠢᠴᠢ ᠳᠤᠮᠳᠠ ᠤᠰᠤᠨ ᠤ | ᠬᠤᠭᠤᠯᠠᠶ ᠶᠢᠨ ᠲᠣᠤᠷ᠂ ᠤᠰᠤ ᠬᠠᠩᠭᠠᠬᠤ ᠬᠤᠭᠤᠯᠠᠶ ᠶᠢᠨ ᠲᠣᠤᠷ ᠢ ᠲᠡᠰ ᠳᠡᠪᠰᠢᠭᠦᠯᠦᠨ ᠥᠭᠡᠷᠡᠴᠢᠯᠡᠬᠦ | ᠢᠨᠵᠧᠨᠧᠷᠢᠩ ᠢ ᠪᠦᠬᠦ ᠲᠠᠯ᠎ᠠ ᠪᠠᠷ ᠠᠵᠢᠯ ᠡᠬᠢᠯᠡᠭᠦᠯᠪᠡ︔ ᠾᠦᠢ ᠨᠧᠩ ᠰᠢᠩ ᠤᠨ ᠨᠡᠭᠦᠷᠡᠰᠦᠨ ᠤ ᠴᠡᠪᠡᠷ | ᠡᠨᠧᠷᠭᠢ ᠶᠢᠨ ᠠᠮᠢᠳᠤ ᠪᠣᠳᠠᠰ ᠤᠨ ᠴᠡᠪᠡᠷ ᠬᠡᠯᠪᠡᠷᠢ ᠶᠢᠨ ᠨᠡᠭᠦᠷᠡᠰᠦᠨ ᠤ ᠢᠵᠢ ᠪᠦᠷᠢᠳᠦᠭᠦᠯᠬᠦ ᠢᠯᠴᠢ ᠶᠢᠨ | ᠰᠤᠷᠪᠤᠯᠵᠢ ᠶᠢᠨ ᠮᠠᠰᠢᠨ ᠤ ᠢᠯᠴᠢ ᠬᠠᠩᠭᠠᠬᠤ ᠠᠵᠤ ᠦᠢᠯᠡᠰᠵᠢᠭᠦᠯᠦᠯᠲᠡ ᠶᠢᠨ ᠰᠠᠭᠤᠷᠢᠨ ᠭᠠᠵᠠᠷ ᠤᠨ ᠲᠥᠷᠥᠯ | ᠵᠦᠢᠯ ᠶᠠᠭ ᠦᠢᠯᠡᠳᠪᠤᠷᠢ ᠶᠢᠨ ᠭᠡᠷ ᠪᠠᠶᠢᠰᠢᠩ᠂ ᠦᠵᠡᠭᠦᠯᠦᠯᠭᠡ ᠶᠢᠨ ᠲᠢᠩᠬᠢᠮ᠂ ᠭᠠᠵᠠᠷ ᠢ ᠬᠠᠲᠠᠷᠠᠭᠤᠯᠬᠤ ᠪᠠ | ᠬᠢᠮᠢ ᠶᠢᠨ ᠪᠠᠶᠢᠴᠠᠭᠠᠯᠲᠠ ᠶᠢᠨ ᠲᠥᠬᠦᠭᠡᠷᠦᠮᠵᠢ ᠬᠤᠳᠠᠯᠳᠤᠨ ᠠᠪᠴᠤ ᠪᠠᠶᠢᠨ᠎ᠠ᠃ | ᠬᠤᠶᠠᠷ ᠲᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠦᠷᠭᠦᠯᠵᠢᠯᠡᠨ ᠴᠢᠩᠭᠠᠷᠠᠪᠠ᠃ ᠪᠦᠬᠦ | ᠰᠢᠶᠠᠨ ᠤ ᠠᠵᠤ ᠦᠢᠯᠡᠰ ᠤᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠤᠨ᠂ ᠡᠬᠢ ᠪᠠᠶᠠᠯᠢᠭ ᠤᠨ | ᠳᠠᠪᠠᠭᠤᠯᠢᠭ ᠪᠣᠯᠤᠨ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠲᠤ ᠰᠠᠭᠤᠷᠢᠯᠠᠵᠤ᠂ ᠪᠡᠭᠡᠵᠢᠩ | ᠲᠢᠶᠠᠨᠵᠢᠨ ᠾᠧᠪᠧᠶ᠂ ︽ᠤᠯᠠᠭᠠᠨᠴᠠᠪ ᠳ᠋ᠠᠲ᠋ᠦ᠋ᠩ ᠴᠢᠭᠤᠯᠤᠯᠲᠤ︾ ᠪᠣᠯᠤᠨ ᠪᠡᠭᠡᠵᠢᠩ ᠬᠤᠲᠠ ᠶᠢᠨ ᠳ᠋ᠦᠩ ᠴᠧᠩ | ᠲᠣᠭᠤᠷᠢᠭ ᠤᠨ ᠠᠵᠢᠯ ᠲᠥᠷᠥᠯ ᠤᠨ ᠰᠢᠰᠲ᠋ᠧᠮ ᠢᠶᠠᠷ ᠬᠠᠪᠰᠤᠷᠤᠨ ᠲᠡᠳᠬᠦᠬᠦ ᠲᠣᠬᠢᠶᠠᠯ ᠢ ᠪᠠᠲᠤ ᠠᠳᠬᠤᠵᠤ᠂ | ᠬᠤᠳᠠᠯᠳᠤᠭᠠᠴᠢᠨ ᠤᠷᠢᠬᠤ ᠬᠦᠴᠦᠨ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠠᠵᠢᠯ ᠤᠨ | ᠲᠣᠭᠲᠠᠴᠠ ᠪᠠᠨ ᠲᠡᠭᠦᠯᠳᠡᠷᠵᠢᠭᠦᠯᠦᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠪᠦᠬᠦ ᠲᠠᠯ᠎ᠠ ᠪᠠᠷ | ᠦᠷᠨᠢᠭᠦᠯᠪᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠪᠠᠷ᠂ 2020 ᠣᠨ ᠳᠤ | ᠮᠠᠨ ᠤ ᠰᠢᠶᠠᠨ ᠰᠦᠯᠵᠢᠶᠡᠨ ᠳᠡᠭᠡᠷ᠎ᠡ ᠠᠷᠠᠯᠵᠢᠶᠠᠴᠢᠨ ᠤᠷᠢᠬᠤ ᠠᠵᠢᠯᠯᠠᠭ᠎ᠠ ᠥᠷᠨᠢᠭᠦᠯᠵᠦ᠂ 14 ᠵᠦᠢᠯ ᠤᠨ | ᠬᠤᠳᠠᠯᠳᠤᠭᠠᠴᠢᠨ ᠤᠷᠢᠬᠤ ᠲᠥᠷᠥᠯ ᠵᠦᠢᠯ ᠢ ᠡᠯᠰᠡᠬᠦ ᠪᠠᠷ ᠲᠦᠯᠦᠪᠯᠡᠵᠦ᠂ ᠲᠥᠷᠥᠯ ᠵᠦᠢᠯ ᠤᠨ ᠶᠡᠷᠦᠩᠬᠡᠶ ᠪᠠᠯᠠ | ᠣᠷᠣᠭᠤᠯᠤᠯᠲᠠ 29.8 ᠳ᠋ᠦᠩᠰᠢᠭᠤᠷ ᠲᠥᠭᠦᠷᠢᠭ ᠲᠤ ᠬᠦᠷᠴᠦ᠂ ᠪᠠᠯᠠ ᠣᠷᠤᠭᠤᠯᠤᠭᠰᠠᠨ ᠲᠤᠭ᠎ᠠ 24.8 | ᠳ᠋ᠦᠩᠰᠢᠭᠤᠷ ᠲᠥᠭᠦᠷᠢᠭ ᠲᠤ ᠬᠦᠷᠴᠡᠶ᠃ ᠣᠳᠣᠬᠠᠨ ᠳᠤ᠂ 5 ᠲᠥᠷᠥᠯ ᠵᠦᠢᠯ ᠳᠤ ᠭᠠᠷ ᠤᠨ ᠥᠰᠥᠭ ᠵᠢᠷᠤᠵᠤ᠂ | 86.41 ᠳ᠋ᠦᠩᠰᠢᠭᠤᠷ ᠲᠥᠭᠦᠷᠢᠭ ᠤᠨ ᠪᠠᠯᠠ ᠣᠷᠤᠭᠤᠯᠬᠤ ᠪᠠᠷ ᠲᠥᠯᠥᠪᠯᠡᠵᠦ ᠪᠣᠶ︔ ᠡᠭᠦᠨ ᠳᠤ ᠭᠡᠷ᠎ᠡ ᠲᠤᠭᠲᠠᠵᠤ | ᠠᠵᠢᠯ ᠡᠬᠢᠯᠡᠭᠰᠡᠨ ᠲᠥᠷᠥᠯ ᠵᠦᠢᠯ 2 ᠪᠠᠶᠢᠵᠤ᠂ ᠲᠥᠷᠥᠯ ᠵᠦᠢᠯ 3.96 ᠳ᠋ᠦᠩᠰᠢᠭᠤᠷ ᠲᠥᠭᠦᠷᠢᠭ ᠤᠨ ᠪᠠᠯᠠ | ᠣᠷᠤᠭᠤᠯᠬᠤ ᠪᠠᠷ ᠲᠦᠯᠦᠪᠯᠡᠵᠦ᠂ 0.31 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠨᠢᠭᠡᠨᠲᠡ | ᠪᠡᠶᠡᠯᠡᠭᠦᠯᠪᠡ︔ ᠠᠵᠢᠯ ᠡᠬᠢᠯᠡᠭᠡᠳᠦᠢ 3 ᠲᠥᠷᠥᠯ ᠵᠦᠢᠯ ᠳᠤ ᠭᠡᠷ᠎ᠡ ᠲᠣᠭᠲᠠᠵᠤ᠂ ᠲᠦᠷᠦᠯ ᠵᠦᠢᠯ ᠨᠢ 82.45 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠦᠯᠦᠪᠯᠡᠵᠦ ᠪᠣᠶ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ |