ᠰᠠᠨᠠᠭᠠᠴᠢᠯᠠᠭ᠎ᠠ ᠠᠴᠠ ᠪᠠᠨ ᠠᠵᠢᠯᠯᠠᠵᠤ ᠰᠢᠨ᠎ᠡ ᠶᠢ ᠡᠭᠦᠳᠦᠨ᠎ᠡ
ᠨᠡᠶᠢᠲᠡᠯᠡᠭᠰᠡᠨ ᠴᠠᠭ᠄
2021/1/7
               ᠰᠠᠨᠠᠭᠠᠴᠢᠯᠠᠭ᠎ᠠ ᠠᠴᠠ ᠪᠠᠨ ᠠᠵᠢᠯᠯᠠᠵᠤ ᠰᠢᠨ᠎ᠡ ᠶᠢ ᠡᠭᠦᠳᠦᠨ᠎ᠡ                           —ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠵᠧᠩ
   ᠰᠤᠷᠪᠤᠯᠵᠢᠯᠠᠭᠴᠢ᠄ ᠲᠠ ᠪᠦᠬᠦᠨ ᠰᠠᠶᠢᠨ ᠪᠠᠶᠢᠵᠠᠭᠠᠨ᠎ᠠ ᠦᠦ᠂ ᠥᠨᠥᠳᠦᠷ ᠪᠢᠳᠡ ᠰᠢᠶᠠᠨ ᠤ ᠡᠳ᠋ ᠤᠨ ᠵᠠᠰᠠᠭ  ᠤᠨ ᠲᠣᠪᠴᠢᠶᠠᠨ ᠤ ᠳᠠᠷᠤᠭ᠎ᠠ ᠸᠠᠩ ᠵᠧᠩ ᠨᠥᠬᠦᠷ ᠢ ᠰᠣᠷᠪᠤᠯᠵᠢᠯᠠᠭ᠎ᠠ ᠶᠢᠨ ᠥᠷᠦᠭᠡᠨ ᠳᠡᠭᠡᠨ ᠤᠷᠢᠯ᠎ᠠ᠃ ᠸᠠᠩ ᠲᠣᠪᠴᠢᠶᠠᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ︕    ᠸᠠᠩ ᠵᠧᠩ᠄ ᠬᠥᠲᠥᠯᠥᠭᠴᠢ ᠰᠠᠶᠢᠨ ᠦᠦ᠂ ᠳᠠᠶᠠᠭᠠᠷ ᠰᠠᠶᠢᠨ ᠪᠠᠶᠢᠵᠠᠭᠠᠨ᠎ᠠ ᠦᠦ︕ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠪᠤᠯᠤᠩ ᠢᠶᠠᠷ ᠳᠠᠮᠵᠢᠭᠤᠯᠤᠨ ᠣᠯᠠᠨ ᠲᠠᠢ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠃ ᠠᠳᠡ ᠡᠩ ᠲᠡᠷᠢᠭᠦᠨ ᠳᠤ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠤᠨ ᠤᠷᠳᠤ ᠬᠤᠭᠤᠴᠠᠭᠠᠨ ᠤ ᠲᠤᠷᠰᠢ ᠬᠤᠸᠠᠳᠧ ᠰᠢᠶᠠᠨ ᠤ ᠡᠳ᠋ ᠤᠨ ᠵᠠᠰᠠᠭ ᠤᠨ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ︕    ᠰᠤᠷᠪᠤᠯᠵᠢᠯᠠᠭᠴᠢ᠄ ᠪᠥᠬᠦ ᠰᠢᠶᠠᠨ ᠤ ᠠᠵᠤ ᠠᠬᠤᠶ ᠶᠢᠨ ᠶᠡᠷᠦᠩᠬᠡᠶᠢᠯᠡᠭᠰᠡᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠲᠠ ᠪᠥᠬᠦ ᠰᠢᠶᠠᠨ ᠤ 2019 ᠣᠨ ᠠᠴᠠ ᠨᠠᠰᠢᠬᠢ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠦᠨᠳᠦᠰᠦᠨ ᠪᠠᠶᠢᠳᠠᠯ ᠢ ᠲᠥᠬᠦᠮ ᠢᠶᠠᠷ ᠲᠠᠨᠢᠯᠴᠠᠭᠤᠯᠤᠭᠠᠳ ᠥᠭᠭᠦᠨ᠎ᠡ ᠦᠦ︖    ᠸᠠᠩ ᠵᠧᠩ᠄ ᠵᠠ᠂ ᠣᠳᠣ ᠪᠢ 2019 ᠣᠨ ᠵᠢᠴᠢ ᠡᠨᠡ ᠵᠢᠯ ᠤᠨ ᠳᠡᠭᠡᠷ᠎ᠡ ᠬᠠᠭᠠᠰ ᠵᠢᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ ᠢ ᠲᠣᠪᠴᠢ ᠶᠠᠷᠢᠶ᠎ᠠ᠃ 2019 ᠣᠨ ᠠᠴᠠ ᠨᠠᠰᠢ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠯᠭ᠎ᠠ ᠶᠢᠨ ᠲᠠᠲᠠᠪᠤᠷᠢᠯᠠᠯᠲᠠ ᠬᠠᠮᠢᠶᠠᠷᠤᠯᠲᠠ ᠶᠢ ᠢᠳᠡᠪᠬᠢᠲᠡᠶ ᠴᠢᠩᠭᠠᠳᠬᠠᠨ᠂ ᠣᠷᠣᠯᠭ᠎ᠠ ᠶᠢᠨ ᠪᠦᠲᠦᠴᠡ ᠶᠢ ᠬᠦᠴᠦᠯᠡᠨ ᠰᠠᠶᠢᠵᠢᠷᠠᠭᠤᠯᠵᠤ᠂ ᠡᠳ᠋ ᠤᠨ ᠵᠠᠰᠠᠭ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠡᠳ᠋  ᠤᠨ ᠵᠠᠰᠠᠭ ᠤᠨ ᠣᠷᠣᠯᠭ᠎ᠠ ᠵᠠᠷᠤᠯᠭ᠎ᠠ ᠲᠤᠭᠲᠠᠭᠤᠨ ᠪᠠᠶᠢᠨ᠎ᠠ᠃ 2019 ᠣᠨ ᠳᠤ᠂ ᠪᠥᠬᠦ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 14973 ᠲᠦᠮᠡᠨ ᠲᠥᠭᠦᠷᠢᠭ ᠲᠤ ᠬᠦᠷᠴᠦ᠂ ᠲᠣᠬᠢᠷᠠᠭᠤᠯᠤᠯᠲᠠ ᠬᠢᠭᠰᠡᠨ ᠲᠥᠰᠦᠪ ᠤᠨ ᠲᠤᠭ᠎ᠠ ᠶᠢᠨ 100 %   ᠶᠢ ᠪᠡᠶᠡᠯᠡᠭᠦᠯᠵᠦ᠂ ᠲᠦᠷᠦᠭᠦᠦ ᠵᠢᠯ ᠤᠨ ᠬᠢ ᠠᠴᠠ 1 %   ᠪᠠᠷ ᠨᠡᠮᠡᠭᠳᠡᠪᠡ᠃ 2019 ᠣᠨ ᠳᠤ᠂ ᠪᠥᠬᠦ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 189480 ᠲᠦᠮᠡᠨ ᠲᠥᠭᠦᠷᠢᠭ ᠲᠤ ᠬᠦᠷᠴᠦ᠂ ᠲᠣᠬᠢᠷᠠᠭᠤᠯᠤᠯᠲᠠ ᠬᠢᠭᠰᠡᠨ ᠲᠥᠰᠦᠪ ᠤᠨ ᠲᠤᠭ᠎ᠠ 189691 ᠲᠦᠮᠡᠨ ᠲᠥᠭᠦᠷᠢᠭ ᠤᠨ99.9 %   ᠶᠢ ᠪᠡᠶᠡᠯᠡᠭᠦᠯᠵᠦ᠂ ᠲᠦᠷᠦᠭᠦᠦ ᠵᠢᠯ ᠤᠨ ᠬᠢ ᠠᠴᠠ12.5 %   ᠪᠠᠷ ᠪᠠᠭᠤᠷᠠᠪᠠ᠃ 2020 ᠣᠨ ᠤ ᠳᠡᠭᠡᠷ᠎ᠡ ᠬᠠᠭᠠᠰ ᠵᠢᠯ ᠳᠤ᠂ ᠪᠥᠬᠦ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 6127 ᠲᠦᠮᠡᠨ ᠲᠥᠭᠦᠷᠢᠭ ᠲᠤ ᠬᠦᠷᠴᠦ᠂ ᠵᠢᠯ ᠤᠨ ᠲᠥᠰᠦᠪ ᠤᠨ 37 %   ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 21.6% %   ᠪᠠᠷ ᠪᠠᠭᠤᠷᠠᠪᠠ᠃ ᠲᠦᠷᠦᠭᠦᠦ ᠬᠠᠭᠠᠰ ᠵᠢᠯ  ᠳᠤ᠂ ᠪᠥᠬᠦ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠨᠡᠶᠢᠲᠡ 108767 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ6.6 % ᠪᠠᠷ ᠪᠠᠭᠤᠷᠠᠵᠤ᠂ ᠵᠢᠯ ᠤᠨ ᠲᠥᠰᠦᠪ  ᠤᠨ 79.2 % ᠢ ᠪᠡᠶᠡᠯᠡᠭᠦᠯᠪᠡ᠃ ᠪᠠᠯᠠ ᠮᠥᠩᠭᠦ ᠶᠢᠨ ᠲᠣᠬᠢᠷᠠᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ︽ᠭᠤᠷᠪᠠ ᠶᠢ ᠪᠠᠲᠤᠯᠠᠬᠤ︾ ᠵᠠᠷᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠯᠢᠩ ᠪᠠ ᠨᠡᠮᠡᠭᠦᠷᠢ ᠨᠥᠬᠦᠪᠥᠷᠢ ᠶᠢ ᠰᠠᠷ᠎ᠠ ᠪᠦᠷᠢ ᠲᠤᠭ᠎ᠠ ᠶᠣᠰᠣᠭᠠᠷ ᠥᠭᠬᠦ ᠶᠢ ᠪᠠᠲᠤᠯᠠᠵᠤ᠂ ᠡᠷᠭᠢᠯᠲᠡ ᠶᠢ ᠪᠠᠲᠤᠯᠠᠵᠤ᠂ ᠠᠷᠠᠳ ᠤᠨ ᠠᠮᠢᠳᠤᠷᠠᠯ ᠢ ᠪᠠᠲᠤᠯᠠᠬᠤ ᠵᠠᠷᠤᠯᠭ᠎ᠠ ᠶᠢ ᠲᠤᠭ᠎ᠠ ᠶᠣᠰᠣᠭᠠᠷ ᠨᠢ ᠪᠤᠳᠠᠲᠠᠶᠢᠵᠢᠭᠤᠯᠪᠠ᠃    ᠰᠤᠷᠪᠤᠯᠵᠢᠯᠠᠭᠴᠢ᠄ ᠡᠳ᠋ ᠤᠨ ᠵᠠᠰᠠᠭ ᠤᠨ ᠶᠠᠮᠤᠨ ᠤ ᠰᠠᠶᠢᠳ ᠯᠢᠦ ᠺᠦᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠢᠯᠡᠷᠬᠡᠶᠢᠯᠡᠬᠦ ᠳᠡᠭᠡᠨ᠂ ᠵᠠᠷᠢᠮ ᠭᠠᠵᠠᠷ ᠣᠷᠣᠨ ᠳᠤ ᠨᠡᠯᠢᠶᠡᠳ ᠶᠡᠭᠡ ᠵᠠᠷᠤᠯᠭ᠎ᠠ ᠶᠢᠨ ᠳᠠᠷᠤᠯᠲᠠ ᠲᠤᠯᠭᠠᠷᠠᠵᠤ ᠪᠠᠶᠢᠭ᠎ᠠ ᠠᠰᠠᠭᠤᠳᠠᠯ ᠢ ᠪᠣᠳᠣᠯᠬᠢᠯᠠᠨ᠂ ᠡᠯ᠎ᠡ ᠱᠠᠲᠤᠨ ᠤ ᠵᠠᠰᠠᠭ ᠤᠨ ᠣᠷᠳᠣᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠰᠢᠶᠠᠨ ᠤ ᠱᠠᠲᠤᠨ ᠤ ᠵᠠᠰᠠᠭ ᠤᠨ ᠣᠷᠳᠣᠨ ᠲᠥᠰᠦᠪ ᠢ ᠲᠣᠬᠢᠷᠠᠭᠤᠯᠬᠤ  ᠳᠠᠭᠠᠨ ᠡᠳ᠋ ᠤᠨ ᠬᠦᠴᠦᠨ ᠢ ᠨᠢᠭᠡᠳᠦᠯᠲᠡᠶ ᠲᠥᠯᠥᠪᠯᠡᠨ᠂ ᠵᠠᠷᠤᠯᠭ᠎ᠠ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂  ︽ᠭᠤᠷᠪᠠ ᠶᠢ ᠪᠠᠲᠤᠯᠠᠬᠤ︾ ᠵᠠᠷᠤᠯᠭ᠎ᠠ ᠶᠢ ᠤᠷᠢᠳ ᠢᠶᠠᠷ ᠲᠣᠬᠢᠷᠠᠭᠤᠯᠬᠤ ᠬᠡᠷᠡᠭᠲᠡᠶ ᠭᠡᠵᠡᠶ᠃ ᠲᠠ ᠮᠠᠨ ᠤ ᠰᠢᠶᠠᠨ ᠤ  ︽ᠭᠤᠷᠪᠠ ᠶᠢ ᠪᠠᠲᠤᠯᠠᠬᠤ︾ ᠵᠠᠷᠤᠯᠭ᠎ᠠ ᠶᠢᠨ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠢ ᠶᠠᠷᠢᠭᠠᠳ ᠥᠭᠭᠦᠨ᠎ᠡ ᠦᠦ︖    ᠸᠠᠩ ᠵᠧᠩ᠄ ᠡᠨᠡ ᠵᠢᠯ ᠤᠨ ︽ᠭᠤᠷᠪᠠ ᠶᠢ ᠪᠠᠲᠤᠯᠠᠬᠤ︾ ᠵᠠᠷᠤᠯᠭ᠎ᠠ ᠳᠤ ᠮᠠᠰᠢ ᠶᠡᠭᠡ ᠳᠠᠷᠤᠯᠲᠠ ᠲᠤᠯᠭᠠᠷᠠᠵᠤ ᠪᠠᠶᠢᠨ᠎ᠠ᠂ ᠭᠤᠤᠯᠳᠠᠭᠤ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠪᠠ ᠭᠡᠨᠡᠳᠲᠡ ᠡᠭᠦᠰᠦᠭᠰᠡᠨ ᠬᠢᠵᠢᠭ ᠤᠨ ᠨᠥᠯᠥᠭᠡ ᠠᠴᠠ ᠪᠣᠯᠵᠣ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ ᠪᠠᠶᠢᠳᠠᠯ ᠬᠦᠨᠳᠦ ᠬᠡᠴᠡᠭᠦᠦ ᠪᠣᠯᠵᠣ᠂ ᠬᠥᠮᠥᠷᠭᠡ ᠶᠢᠨ ᠵᠣᠭᠤᠰ ᠬᠦᠷᠦᠯᠴᠡᠬᠦ ᠥᠬᠡᠶ᠂ ᠪᠠᠯᠠ ᠮᠥᠩᠭᠦ ᠲᠣᠬᠢᠷᠠᠭᠤᠯᠬᠤ  ᠳᠤ ᠬᠦᠴᠢᠷᠲᠡᠶ ᠪᠠᠶᠢᠨ᠎ᠠ᠃ ︽ᠭᠤᠷᠪᠠ ᠶᠢ ᠪᠠᠲᠤᠯᠠᠬᠤ︾ ᠵᠠᠷᠤᠯᠭ᠎ᠠ ᠶᠢ ᠦᠨᠡᠨ ᠬᠦ ᠰᠠᠶᠢᠲᠤᠷ ᠪᠠᠲᠤᠯᠠᠬᠤ ᠶᠢᠨ ᠲᠥᠯᠥᠭᠡ᠂ ᠪᠢᠳᠡ ᠣᠷᠣᠯᠭ᠎ᠠ ᠪᠠᠨ ᠨᠡᠮᠡᠭᠳᠡᠭᠦᠯᠵᠦ ᠵᠠᠷᠤᠯᠭ᠎ᠠ ᠪᠠᠨ ᠠᠷᠪᠢᠯᠠᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠪᠠ᠃ ᠨᠢᠭᠡ ᠳᠤ᠂ ᠲᠥᠰᠦᠪ ᠢ ᠨᠠᠶᠢᠷᠠᠭᠤᠯᠤᠨ ᠵᠣᠬᠢᠶᠠᠬᠤ ᠡᠬᠢ ᠰᠤᠷᠪᠤᠯᠵᠢ ᠶᠢ ᠠᠳᠬᠤᠨ᠂ ᠣᠷᠣᠯᠭ᠎ᠠ ᠪᠠᠨ ᠦᠵᠡᠵᠦ ᠵᠠᠷᠤᠯᠭ᠎ᠠ ᠪᠠᠨ ᠲᠣᠬᠢᠷᠠᠭᠤᠯᠬᠤ ᠶᠢ ᠴᠢᠬᠤᠯᠠᠴᠢᠯᠠᠵᠤ᠂ ᠴᠢᠳᠠᠯ ᠤᠨ ᠢᠶᠠᠨ ᠬᠢᠷᠢ ᠪᠠᠷ ᠬᠢᠵᠦ ᠂ ᠲᠥᠰᠦᠪ ᠢ ᠭᠦᠶᠴᠡᠳᠬᠡᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠲᠥᠰᠦᠪ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠰᠠᠶᠢᠲᠤᠷ ᠭᠠᠮᠨᠠᠨ ᠠᠷᠪᠢᠯᠠᠵᠤ᠂ ᠨᠠᠷᠢᠨ ᠨᠢᠭᠲᠠ ᠲᠥᠯᠥᠪᠯᠡᠨ ᠪᠤᠳᠤᠬᠤ ᠶᠢ ᠪᠠᠷᠢᠮᠲᠠᠯᠠᠵᠤ᠂ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠪᠣᠶ ᠪᠣᠯᠭᠠᠨ᠎ᠠ᠃ ᠬᠤᠶᠠᠷ ᠲᠤ᠂ ᠲᠠᠲᠠᠪᠤᠷᠢᠯᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠲᠥᠪ ᠤᠨ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ ᠶᠡᠭᠡ ᠣᠷᠴᠢᠨ ᠨᠥᠬᠦᠴᠡᠯ ᠤᠨ ᠳᠣᠤᠷ᠎ᠠ᠂ ᠭᠠᠶᠢᠯᠢ ᠶᠢᠨ ᠢᠷᠡᠯᠲᠡ ᠶᠢᠨ ᠳᠠᠯᠳᠠ ᠬᠦᠴᠦᠨ ᠢ ᠤᠯᠠᠮ ᠨᠢᠭᠡ ᠠᠯᠬᠤᠮ ᠠᠭᠤᠳᠠᠯᠵᠤ᠂ ᠪᠥᠬᠦ ᠵᠢᠯ ᠤᠨ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠭᠤᠷᠪᠠ ᠳᠤ᠂ ᠳᠡᠭᠡᠳᠦ ᠱᠠᠲᠤᠨ ᠠᠴᠠ ᠬᠤᠸᠠᠳᠧ ᠰᠢᠶᠠᠨ ᠳᠤ ᠦᠵᠡᠭᠦᠯᠬᠦ ᠡᠳ᠋ ᠤᠨ ᠵᠠᠰᠠᠭ ᠤᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ 2020 ᠣᠨ ᠤ 8 ᠰᠠᠷ᠎ᠠ ᠶᠢᠨ ᠰᠡᠭᠦᠯᠴᠢ ᠳᠤ ᠰᠤᠷᠭᠠᠨ ᠬᠥᠮᠦᠵᠢᠯ ᠤᠨ ᠵᠠᠷᠤᠯᠭ᠎ᠠ 11220 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ13.9 %   ᠪᠠᠷ ᠨᠡᠮᠡᠭᠳᠡᠪᠡ  ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 12670 ᠲᠦᠮᠡᠨ ᠲᠥᠭᠦᠷᠢᠭ᠂ ᠠᠳᠠᠯᠢ ᠬᠤᠭᠤᠴᠠᠭᠠᠨ ᠤ ᠬᠢ  ᠠᠴᠠ13.3 %   ᠪᠠᠷ ᠨᠡᠮᠡᠭᠳᠡᠪᠡ᠂ ᠡᠭᠦᠨ ᠳᠤ᠄ ᠡᠮ ᠡᠮᠨᠡᠯᠭᠡ ᠶᠢᠨ ᠵᠠᠷᠤᠯᠭ᠎ᠠ 6812 ᠲᠦᠮᠡᠨ ᠲᠥᠭᠦᠷᠢᠭ᠂ ᠡᠮ ᠡᠮᠨᠡᠯᠭᠡ ᠶᠢᠨ ᠳᠠᠭᠠᠳᠬᠠᠯ ᠤᠨ ᠵᠠᠷᠤᠯᠭ᠎ᠠ 5858 ᠲᠦᠮᠡᠨ ᠲᠥᠭᠦᠷᠢᠭ  ︔  ᠬᠦᠳᠡᠭᠡ ᠲᠣᠰᠬᠤᠨ᠂ ᠮᠠᠯᠴᠢᠨ ᠲᠠᠷᠢᠶᠠᠴᠢᠨ᠂ ᠬᠦᠳᠡᠭᠡ ᠠᠵᠤ ᠠᠬᠤᠢ ᠶᠢᠨ ᠲᠠᠯ᠎ᠠ ᠶᠢᠨ ᠵᠠᠷᠤᠯᠭ᠎ᠠ 22059 ᠲᠦᠮᠡᠨ ᠲᠥᠭᠦᠷᠢᠭ᠃    ᠰᠤᠷᠪᠤᠯᠵᠢᠯᠠᠭᠴᠢ᠄ ᠸᠠᠩ ᠲᠣᠪᠴᠢᠶᠠᠨ ᠳᠠᠷᠤᠭ᠎ᠠ ᠡ᠂ ᠰᠠᠶ᠋ᠢ ᠲᠠᠨ ᠤ ᠲᠠᠨᠢᠯᠴᠠᠭᠤᠯᠭ᠎ᠠ ᠳᠤ ︽ᠭᠤᠷᠪᠠ ᠶᠢ ᠪᠠᠲᠤᠯᠠᠬᠤ︾ ᠵᠠᠷᠤᠯᠭ᠎ᠠ ᠶᠢ ᠳᠤᠷᠠᠳᠪᠠ᠂ 2020 ᠣᠨ ᠤ ︽ᠭᠤᠷᠪᠠ ᠶᠢ ᠪᠠᠲᠤᠯᠠᠬᠤ︾ ᠲᠠᠯ᠎ᠠ ᠪᠠᠷ ᠭᠤᠤᠯᠳᠠᠭᠤ ᠶᠠᠮᠠᠷ ᠶᠠᠮᠠᠷ ᠵᠠᠷᠤᠯᠭ᠎ᠠ ᠪᠠᠶᠢᠬᠤ ᠪᠣᠶ︖    ᠸᠠᠩ ᠵᠧᠩ᠄ 2020 ᠣᠨ ᠤ ᠬᠤᠸᠠᠳᠧ ᠰᠢᠶᠠᠨ ᠤ ︽ᠭᠤᠷᠪᠠ ᠶᠢ ᠪᠠᠲᠤᠯᠠᠬᠤ︾ ᠵᠠᠷᠤᠯᠭ᠎ᠠ ᠶᠢᠨ ᠵᠢᠯ ᠤᠨ ᠡᠬᠢᠨ ᠤ ᠲᠥᠰᠦᠪ 115384 ᠲᠦᠮᠡᠨ ᠲᠥᠭᠦᠷᠢᠭ ᠪᠠᠶᠢᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ ᠵᠢᠯ ᠤᠨ ᠡᠬᠢᠨ ᠤ ᠲᠥᠰᠦᠪ 137231 ᠲᠦᠮᠡᠨ ᠲᠥᠭᠦᠷᠢᠭ ᠤᠨ 84.1 % ᠶᠢ ᠡᠵᠡᠯᠡᠵᠦ᠂ 2020 ᠣᠨ ᠤ ᠳᠡᠭᠡᠷ᠎ᠡ ᠬᠠᠭᠠᠰ ᠵᠢᠯ ᠪᠣᠯᠲᠠᠯ᠎ᠠ ᠨᠢᠭᠡᠨᠲᠡ 47942 ᠲᠦᠮᠡᠨ ᠲᠥᠭᠦᠷᠢᠭ ᠵᠠᠷᠤᠴᠠᠭᠤᠯᠵᠤ᠂ ᠡᠩ  ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 108767 ᠲᠦᠮᠡᠨ ᠲᠥᠭᠦᠷᠢᠭ ᠤᠨ 44.1% ᠶᠢ ᠡᠵᠡᠯᠡᠪᠡ ᠂ ᠭᠤᠤᠯᠳᠠᠭᠤ᠄     ᠳᠠᠭᠠᠳᠬᠠᠯ ᠤᠨ ᠠᠵᠢᠯᠲᠠᠨ ᠤ ᠴᠠᠯᠢᠩ ᠤᠨ ᠲᠠᠯ᠎ᠠ ᠪᠠᠷ᠂ 72450 ᠲᠦᠮᠡᠨ ᠲᠥᠭᠦᠷᠢᠭ ᠲᠣᠬᠢᠷᠠᠭᠤᠯᠵᠤ᠂ ᠲᠦᠷᠦᠭᠦᠦ ᠵᠢᠯ ᠤᠨ ᠬᠢ ᠠᠴᠠ 3833 ᠲᠦᠮᠡᠨ ᠲᠥᠭᠦᠷᠢᠭ ᠨᠡᠮᠡᠭᠳᠡᠭᠦᠯᠵᠦ᠂ 5.59% ᠪᠠᠷ  ᠨᠡᠮᠡᠭᠳᠡᠪᠡ᠃ 2020 ᠣᠨ ᠤ ᠳᠡᠭᠡᠷ᠎ᠡ ᠬᠠᠭᠠᠰ ᠵᠢᠯ ᠪᠣᠯᠲᠠᠯ᠎ᠠ ᠨᠢᠭᠡᠨᠲᠡ 24577 ᠲᠦᠮᠡᠨ ᠲᠥᠭᠦᠷᠢᠭ ᠵᠠᠷᠤᠴᠠᠭᠤᠯᠵᠤ᠂ ᠵᠠᠷᠤᠯᠭ᠎ᠠ ᠶᠢᠨ ᠠᠬᠢᠴᠠ 33.9% ᠪᠣᠯᠪᠠ᠃    ᠡᠷᠭᠢᠯᠲᠡ ᠶᠢ ᠪᠠᠲᠤᠯᠠᠬᠤ ᠲᠠᠯ᠎ᠠ ᠪᠠᠷ᠂ 10527 ᠲᠦᠮᠡᠨ ᠲᠥᠭᠦᠷᠢᠭ ᠲᠣᠬᠢᠷᠠᠭᠤᠯᠵᠤ᠂ ᠠᠳᠠᠯᠢ ᠬᠤᠭᠤᠴᠠᠭᠠᠨ ᠤ ᠬᠢ ᠠᠴᠠ 319 ᠲᠦᠮᠡᠨ ᠲᠥᠭᠦᠷᠢᠭ ᠪᠠᠭᠠᠰᠬᠠᠵᠤ᠂ 2.9 % ᠪᠠᠷ ᠪᠠᠭᠤᠷᠠᠪᠠ᠃ ᠭᠤᠣᠯᠳᠠᠭᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠨᠡᠶᠢᠲᠡ ᠶᠢᠨ ᠬᠡᠷᠡᠭᠯᠡᠭᠡᠨ ᠤ ᠵᠠᠷᠤᠯᠭ᠎ᠠ ᠵᠢᠴᠢ ᠦᠨᠳᠦᠰᠦᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠨᠥᠬᠦᠪᠥᠷᠢ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠲᠣᠰᠬᠤᠨ ᠤ ᠠᠷᠠᠳ ᠤᠨ ᠵᠥᠪᠯᠡᠯ ᠤᠨ ᠠᠯᠪᠠᠨ ᠠᠵᠢᠯ᠂ ᠣᠷᠣᠨ ᠨᠤᠲᠤᠭ ᠤᠨ ᠢᠵᠢ ᠪᠦᠷᠢᠳᠦᠬᠦᠯᠦᠭᠰᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠵᠡᠷᠭᠡ ᠵᠠᠷᠤᠳᠠᠯ ᠢ ᠲᠤᠬᠢᠷᠠᠭᠤᠯᠪᠠ᠃ 2020 ᠣᠨ ᠤ ᠳᠡᠭᠡᠷ᠎ᠡ ᠬᠠᠭᠠᠰ ᠵᠢᠯ ᠪᠣᠯᠲᠠᠯ᠎ᠠ ᠨᠢᠭᠡᠨᠲᠡ 5419 ᠲᠦᠮᠡᠨ ᠲᠥᠭᠦᠷᠢᠭ ᠵᠠᠷᠤᠴᠠᠭᠤᠯᠵᠤ᠂ ᠵᠠᠷᠤᠯᠭ᠎ᠠ ᠶᠢᠨ ᠠᠬᠢᠴᠠ51.5% ᠪᠣᠯᠪᠠ᠃    ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ ᠲᠠᠯ᠎ᠠ ᠪᠠᠷ 32407 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4947 ᠲᠦᠮᠡᠨ ᠲᠥᠭᠦᠷᠢᠭ ᠬᠠᠰᠤᠭᠳᠠᠵᠤ᠂ 13.2 % ᠢᠶᠠᠷ ᠪᠠᠭᠤᠷᠠᠪᠠ᠂ ᠡᠨᠡ ᠨᠢ ᠭᠤᠤᠯᠳᠠᠭᠤ ᠰᠢᠯᠵᠢᠭᠦᠯᠦᠨ ᠥᠭᠬᠦ ᠵᠠᠷᠤᠯᠭ᠎ᠠ ᠶᠢ ᠤᠷᠢᠳᠴᠢᠯᠠᠨ ᠪᠠᠭᠤᠯᠭᠠᠪᠠ᠃ ᠭᠤᠤᠯᠳᠠᠭᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠡᠳ᠋ ᠤᠨ ᠵᠠᠰᠠᠭ ᠠᠴᠠ ᠬᠤᠲᠠ ᠬᠥᠳᠡᠭᠡ ᠶᠢᠨ ᠰᠠᠭᠤᠭᠠᠯᠢ ᠠᠷᠠᠳ ᠵᠢᠴᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠥᠬᠦᠪᠥᠷᠢ᠂ ᠬᠤᠲᠠ ᠬᠥᠳᠡᠭᠡ ᠶᠢᠨ ᠡᠮ ᠡᠮᠨᠡᠯᠭᠡ ᠶᠢᠨ ᠳᠠᠭᠠᠳᠬᠠᠯ᠂ ᠲᠠᠩᠰᠠ ᠪᠠ ᠺᠠᠷᠲ ᠲᠠᠢ ᠨᠡᠶᠢᠭᠡᠮ ᠤᠨ ᠳᠠᠭᠠᠳᠬᠠᠯ ᠤᠨ ᠦᠨᠳᠦᠰᠦᠨ ᠵᠦᠶᠯ ᠢ ᠪᠠᠲᠤᠯᠠᠬᠤ ᠵᠢᠴᠢ ᠰᠤᠷᠭᠠᠨ ᠬᠥᠮᠦᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠢᠵᠢ ᠪᠥᠷᠢᠳᠦᠭᠦᠯᠬᠦ ᠵᠡᠷᠭᠡ ᠶᠢ ᠲᠣᠬᠢᠷᠠᠭᠤᠯᠪᠠ᠃ 2020 ᠣᠨ ᠤ ᠳᠡᠭᠡᠷ᠎ᠡ ᠬᠠᠭᠠᠰ ᠵᠢᠯ ᠪᠣᠯᠲᠠᠯ᠎ᠠ ᠨᠢᠭᠡᠨᠲᠡ 17946 ᠲᠦᠮᠡᠨ ᠲᠥᠭᠦᠷᠢᠭ ᠵᠠᠷᠤᠴᠠᠭᠤᠯᠵᠤ᠂ ᠵᠠᠷᠤᠯᠭ᠎ᠠ ᠶᠢᠨ ᠠᠬᠢᠴᠠ 55.4% ᠪᠣᠯᠪᠠ᠃    ᠰᠤᠷᠪᠤᠯᠵᠢᠯᠠᠭᠴᠢ᠄ ᠸᠠᠩ ᠲᠣᠪᠴᠢᠶᠠᠨ ᠳᠠᠷᠤᠭ᠎ᠠ ᠡ᠂ ᠲᠠᠨ ᠤ ᠲᠠᠨᠢᠯᠴᠠᠭᠤᠯᠭ᠎ᠠ ᠪᠠᠷ᠂ ᠡᠳ᠋ ᠤᠨ ᠵᠠᠰᠠᠭ ᠠᠴᠠ ᠡᠳ᠋ ᠤᠨ ᠵᠠᠰᠠᠭ ᠤᠨ ᠢᠷᠡᠯᠲᠡ ᠶᠢ ᠪᠣᠶᠢᠵᠢᠭᠤᠯᠬᠤ ᠪᠠ ᠠᠷᠠᠳ ᠤᠨ ᠠᠮᠢᠳᠤᠷᠠᠯ ᠢ ᠪᠠᠲᠤᠯᠠᠬᠤ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠭᠰᠡᠨ ᠢ ᠪᠢᠳᠡ ᠮᠡᠳᠡᠯ᠎ᠡ᠂ 2020 ᠣᠨ ᠳᠤ ᠡᠳ᠋ ᠤᠨ ᠵᠠᠰᠠᠭ ᠠᠴᠠ ᠬᠤᠸᠠᠳᠧ ᠰᠢᠶᠠᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠠᠵᠢᠯ ᠤᠨ ᠠᠷᠭ᠎ᠠ ᠬᠡᠮᠵᠢᠶ᠎ᠡ ᠠᠪᠬᠤ ᠪᠠᠷ ᠪᠠᠶᠢᠨ᠎ᠠ ᠪᠤᠢ︖    ᠸᠠᠩ ᠵᠧᠩ᠄ 2020 ᠣᠨ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ  ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠳᠠᠪᠠᠯᠲᠠ ᠶᠢ ᠪᠡᠶᠡᠯᠡᠭᠦᠯᠬᠦ ᠯᠦᠭᠡ ᠣᠷᠭᠠᠨᠢᠭ ᠢᠶᠠᠷ ᠨᠢᠭᠡᠳᠬᠡᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠳᠤ ᠵᠣᠬᠢᠴᠠᠵᠤ᠂ ᠰᠢᠨ᠎ᠡ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠦᠢᠯᠡᠴᠢᠯᠡᠭᠡᠨ ᠤ ᠬᠤᠸᠠᠳᠧ ᠶᠢᠨ ᠬᠥᠭᠵᠢᠯᠲᠡ ᠶᠢᠨ ᠡᠭᠦᠷᠭᠡ ᠶᠢ ᠡᠷᠡᠰ ᠰᠠᠶᠢᠲᠤᠷ ᠭᠦᠢᠴᠡᠳᠬᠡᠵᠦ᠂ ᠬᠤᠸᠠᠳᠧ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠲᠠᠯ᠎ᠠ ᠪᠠᠷ ᠰᠢᠨ᠎ᠡ ᠠᠬᠢᠴᠠ ᠲᠠᠢ ᠪᠣᠯᠬᠤ ᠶᠢ ᠠᠬᠢᠭᠤᠯᠪᠠ᠃    ᠨᠢᠭᠡ ᠳᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ  ᠶᠢ ᠲᠡᠮᠵᠢᠨ᠎ᠡ᠃ ᠡᠳ᠋ ᠤᠨ ᠵᠠᠰᠠᠭ ᠤᠨ ᠰᠠᠯᠠᠭ᠎ᠠ ᠮᠥᠴᠢᠷ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠦᠵᠡᠭᠦᠯᠬᠦ ᠳᠡᠮᠵᠢᠯᠭᠡ ᠪᠠᠨ ᠬᠦᠴᠦᠯᠡᠨ ᠴᠢᠩᠭᠠᠳᠬᠠᠨ᠎ᠠ᠃ ᠭᠤᠣᠯᠳᠠᠭᠤ ᠄ ᠭᠠᠶᠢᠯᠢ ᠶᠢ ᠪᠠᠭᠤᠷᠠᠭᠤᠯᠵᠤ ᠰᠦᠢᠳᠬᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠤᠰᠤ ᠲᠠᠯᠪᠢᠨ ᠵᠢᠭᠠᠰᠤ ᠲᠡᠵᠢᠭᠡᠬᠦ︾ ᠤᠬᠠᠮᠰᠠᠷ ᠢ ᠴᠢᠩᠭᠠᠳᠬᠠᠵᠤ᠂ ᠠᠵᠤ ᠠᠬᠤᠶᠢᠯᠠᠯ  ᠤᠨ ᠭᠠᠶᠢᠯᠢ ᠶᠢᠨ ᠳᠠᠷᠤᠭᠠᠰᠤ ᠶᠢ ᠬᠥᠩᠭᠡᠷᠡᠭᠦᠯᠦᠨ᠎ᠡ᠃ ᠬᠦᠷᠢᠶᠡᠯᠡᠩ ᠲᠣᠭᠤᠷᠢᠭ ᠤᠨ ᠲᠠᠪᠴᠠᠩ ᠤᠨ ᠪᠠᠶᠢᠭᠤᠯᠤᠯᠲᠠ  ᠶᠢ ᠦᠷᠭᠦᠯᠵᠢᠯᠡᠨ ᠲᠡᠭᠦᠯᠳᠡᠷᠵᠢᠭᠦᠯᠵᠦ᠂ ᠥᠩᠭᠡᠲᠦ ᠲᠡᠮᠦᠷᠯᠢᠭ᠂ ᠬᠤᠪᠴᠠᠰᠤ ᠬᠤᠨᠠᠷ ᠤᠨ ᠬᠥᠭᠵᠢᠯᠲᠡ ᠶᠢ ᠳᠠᠮᠵᠢᠵᠤ ᠂ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠥᠨᠳᠥᠷ ᠪᠠᠷᠢᠮᠵᠢᠶ᠎ᠠ ᠶᠢᠨ ᠪᠠᠶᠢᠭᠤᠯᠤᠯᠲᠠ ᠶᠢ ᠲᠦᠷᠭᠡᠳᠬᠡᠨ᠂ ︽ᠨᠢᠭᠡ ᠠᠵᠢᠯ ᠲᠥᠷᠥᠯ ᠳᠤ ᠨᠢᠭᠡ ᠲᠥᠷᠥ ᠶᠢᠨ ᠪᠣᠳᠣᠯᠭ᠎ᠠ ᠲᠠᠢ ᠪᠠᠶᠢᠬᠤ︾᠂  ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠲᠠᠢ ᠪᠠᠶᠢᠬᠤ︾ ᠶᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠳᠠᠬᠢᠶ᠎ᠠ᠂ ᠮᠢᠬᠠᠨ ᠤ ᠡᠯᠵᠢᠭᠡ ᠲᠡᠵᠢᠭᠡᠬᠦ᠂ ᠲᠡᠮᠡᠭᠡ ᠲᠡᠵᠢᠭᠡᠬᠦ ᠦᠢᠯᠡᠰ ᠤᠨ ᠬᠥᠭᠵᠢᠨ ᠪᠤᠵᠠᠭᠠᠢᠢᠷᠠᠬᠤ ᠶᠢ ᠲᠡᠳᠬᠦᠨ ᠳᠠᠮᠵᠢᠨ᠎ᠠ᠃    ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠶᠢ ᠳᠡᠮᠵᠢᠨ᠎ᠡ᠃ ᠠᠵᠤ ᠦᠶᠯᠡᠰ᠂ ᠮᠥᠩᠭᠦᠨ ᠭᠦᠶᠯᠭᠡᠭᠡ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠷᠡᠭᠦᠯ ᠮᠡᠨᠳᠦ ᠵᠡᠷᠭᠡ ᠶᠠᠳᠠᠭᠤ ᠶᠢ ᠲᠡᠳᠬᠦᠬᠦ ᠲᠥᠷᠥᠯ ᠵᠦᠶᠯ ᠤᠨ ᠬᠡᠷᠡᠭᠵᠢᠭᠦᠯᠦᠯᠲᠡ ᠶᠢ ᠦᠷᠭᠦᠯᠵᠢᠯᠡᠨ ᠳᠡᠮᠵᠢᠵᠦ᠂ ᠶᠠᠳᠠᠭᠤ ᠬᠦᠴᠢᠷᠳᠡᠯᠲᠡᠶ ᠲᠣᠰᠬᠤᠨ ᠢ ᠬᠠᠪᠰᠤᠷᠤᠨ ᠲᠡᠳᠬᠦᠬᠦ ᠪᠠ ᠤᠷᠮᠠᠰᠢᠭᠤᠯᠬᠤ ᠴᠢᠨᠠᠷᠲᠠᠶ ᠶᠠᠳᠠᠭᠤ ᠶᠢ ᠲᠡᠳᠬᠦᠬᠦ ᠲᠥᠷᠥᠯ ᠵᠦᠶᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠶᠠᠳᠠᠭᠤ ᠬᠦᠴᠢᠷᠳᠡᠯᠲᠡᠶ ᠬᠥᠳᠡᠭᠡ ᠲᠣᠰᠬᠤᠨ ᠤ ᠲᠥᠷᠥᠯ ᠵᠦᠶᠯ ᠤᠨ ᠬᠥᠭᠵᠢᠯᠲᠡ ᠶᠢ ᠲᠡᠳᠬᠦᠵᠦ᠂ ᠶᠠᠳᠠᠭᠤ ᠬᠦᠴᠢᠷᠳᠡᠯᠲᠡᠶ ᠲᠣᠰᠬᠤᠨ᠂ ᠲᠣᠰᠬᠤᠨ  ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠳᠣᠤᠷᠠᠬᠢ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠪᠥᠬᠦ ᠬᠦᠴᠦᠨ ᠢᠶᠠᠷ ᠳᠡᠮᠵᠢᠵᠦ᠂ ᠦᠯᠡᠳᠡᠵᠦ ᠪᠠᠶᠢᠭ᠎ᠠ ᠶᠠᠳᠠᠭᠤ ᠬᠦᠴᠢᠷᠳᠡᠯᠲᠡᠶ ᠰᠢᠶᠠᠩ᠂ ᠶᠠᠳᠠᠭᠤ ᠬᠦᠴᠢᠷᠳᠡᠯᠲᠡᠶ ᠲᠣᠰᠬᠤᠨ ᠢ ᠶᠠᠳᠠᠭᠤ ᠠᠴᠠ ᠠᠩᠭᠢᠵᠢᠷᠠᠭᠤᠯᠵᠤ᠂ ᠪᠥᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠦᠨ᠎ᠡ᠃    ᠭᠤᠷᠪᠠ ᠳᠤ᠂ ᠬᠥᠳᠡᠭᠡ ᠲᠣᠰᠬᠤᠨ ᠢ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠲᠡᠮᠵᠢᠨ᠎ᠡ᠃ ᠬᠥᠳᠡᠭᠡ ᠠᠵᠤ ᠠᠬᠤᠢ ᠬᠥᠳᠡᠭᠡ ᠲᠣᠰᠬᠤᠨ ᠢ ᠡᠳ᠋ ᠤᠨ ᠵᠠᠰᠠᠭ ᠤᠨ ᠵᠠᠷᠤᠯᠭ᠎ᠠ ᠶᠢᠨ ᠤᠷᠢᠳ ᠢᠶᠠᠷ ᠪᠠᠲᠤᠯᠠᠬᠤ ᠬᠦᠷᠢᠶ᠎ᠡ ᠪᠣᠯᠭᠠᠵᠤ᠂ ᠤᠯᠠᠨ ᠨᠡᠶᠢᠲᠡ ᠶᠢᠨ ᠡᠳ᠋ ᠤᠨ ᠵᠠᠰᠠᠭ ᠢ ︽ᠬᠥᠳᠡᠭᠡ ᠠᠵᠤ ᠠᠬᠤᠢ᠂ ᠬᠥᠳᠡᠭᠡ ᠲᠣᠰᠬᠤᠨ᠂ ᠮᠠᠯᠴᠢᠨ ᠲᠠᠷᠢᠶᠠᠴᠢᠨ︾ ᠲᠡᠶᠢᠰᠢ ᠨᠡᠩ ᠢᠯᠡᠭᠦᠦ ᠬᠡᠯᠪᠡᠶᠢᠯᠭᠡᠬᠦ ᠶᠢ ᠪᠠᠷᠢᠮᠲᠠᠯᠠᠨ᠎ᠠ᠂ ᠡᠨᠡ ᠨᠢ ᠭᠤᠣᠯᠳᠠᠭᠤ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠷᠪᠠᠨ ᠵᠤᠷᠪᠤᠰ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠰᠠᠶᠢᠵᠢᠷᠠᠭᠤᠯᠬᠤ ᠶᠢ ᠲᠡᠮᠵᠢᠵᠤ᠂ ᠬᠤᠳᠠ ᠬᠥᠳᠡᠭᠡ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠲᠡᠮᠵᠢᠵᠤ᠂ ᠬᠥᠳᠡᠭᠡ ᠲᠣᠰᠬᠤᠨ ᠤ ᠠᠮᠢᠳᠤᠷᠠᠯ ᠢ ᠬᠤᠳᠠ ᠪᠠᠯᠭᠠᠰᠤᠵᠢᠭᠤᠯᠬᠤ᠂ ᠦᠢᠯᠡᠳᠪᠦᠷᠢᠯᠡᠯ ᠢ ᠣᠳᠣᠬᠢᠴᠢᠯᠠᠬᠤ᠂ ᠣᠷᠴᠢᠨ ᠠᠬᠤᠢ ᠶᠢ ᠠᠮᠢ ᠠᠬᠤᠢᠢᠵᠢᠭᠤᠯᠬᠤ᠂ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠤᠨ᠎ᠠ᠃     ᠳᠥᠷᠪᠡ ᠳᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠬᠦ ᠶᠢ ᠳᠡᠮᠵᠢᠨ᠎ᠡ᠃ ᠵᠠᠷᠤᠯᠭ᠎ᠠ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠲᠥᠰᠦᠪ ᠤᠨ ᠬᠠᠤᠯᠢ ᠶᠢ ᠴᠢᠩᠭ᠎ᠠ ᠲᠤᠭᠤᠰᠢᠯᠠᠭᠤᠯᠤᠨ᠂ ᠠᠷᠪᠢᠯᠠᠨ ᠭᠠᠮᠨᠠᠬᠤ ᠦᠵᠡᠯ ᠰᠠᠨᠠᠭ᠎ᠠ᠂ ᠲᠥᠰᠦᠪ ᠤᠨ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ ᠶᠢ ᠪᠠᠲᠤ ᠪᠤᠢ ᠪᠣᠯᠭᠠᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠤᠯᠠᠨ ᠨᠡᠶᠢᠲᠡᠴᠢ ᠴᠢᠨᠠᠷ᠂ ᠲᠦᠭᠡᠮᠡᠯ ᠬᠠᠷᠠᠭᠠᠯᠵᠠᠯ ᠤᠨ ᠴᠢᠨᠠᠷ ᠢ ᠳᠡᠭᠡᠭᠰᠢᠯᠡᠭᠦᠯᠦᠨ᠂ ︽ᠪᠠᠲᠤᠯᠠᠬᠤ ᠶᠢ ᠨᠢ ᠪᠠᠲᠤᠯᠠᠵᠤ ᠬᠢᠵᠠᠭᠠᠷᠯᠠᠬᠤ ᠶᠢ ᠨᠢ ᠬᠢᠵᠠᠭᠠᠷᠯᠠᠵᠤ᠂ ᠭᠤᠣᠯᠳᠠᠯᠭ᠎ᠠ  ᠶᠢ ᠨᠢ ᠲᠤᠪᠤᠶᠢᠯᠭᠠᠨ︾᠂ ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢ ᠨᠡᠩ ᠨᠠᠷᠢᠯᠢᠭ ᠣᠨᠤᠴᠢᠲᠠᠢ ᠥᠨᠳᠥᠷ ᠪᠦᠲᠦᠮᠵᠢᠲᠡᠢ ᠪᠣᠯᠭᠠᠨ᠎ᠠ᠃ ᠡᠭᠦᠨ ᠤ ᠬᠠᠮᠲᠤ᠂ ᠠᠷᠠᠳ ᠤᠨ ᠠᠮᠢᠳᠤᠷᠠᠯ ᠤᠨ ᠭᠤᠤᠯᠳᠠᠯᠭ᠎ᠠ ᠲᠠᠢ ᠬᠦᠷᠢᠶ᠎ᠡ ᠪᠠ ᠲᠥᠷᠥᠯ ᠵᠦᠶᠯ ᠢ ᠳᠡᠮᠵᠢᠬᠦ ᠡᠷᠴᠢᠮ ᠢ ᠦᠨᠡᠨ ᠬᠦ ᠪᠠᠲᠤᠯᠠᠵᠤ᠂ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠬᠤ ᠶᠢ ᠳᠡᠮᠵᠢᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠬᠦ ᠶᠢ ᠠᠬᠢᠭᠤᠯᠤᠨ᠎ᠠ᠃ ᠬᠤᠲᠠ ᠬᠥᠳᠡᠭᠡ ᠶᠢᠨ ᠦᠨᠳᠦᠰᠦᠨ ᠡᠮᠨᠡᠯᠭᠡ ᠡᠷᠡᠭᠦᠯ ᠬᠠᠮᠠᠭᠠᠯᠠᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠳᠡᠮᠵᠢᠵᠦ᠂ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ  ᠶᠢ ᠭᠦᠨᠵᠡᠭᠡᠶᠢᠷᠡᠭᠦᠯᠦᠨ᠎ᠡ᠃ ᠨᠠᠰᠤᠵᠢᠯ ᠤᠨ ᠪᠠᠶᠢᠭᠤᠯᠤᠮᠵᠢ ᠶᠢᠨ ᠡᠷᠡᠭᠦᠯ ᠢᠶᠠᠷ ᠬᠥᠭᠵᠢᠬᠦ ᠶᠢ ᠳᠡᠮᠵᠢᠵᠦ᠂ ᠨᠠᠰᠤᠵᠢᠯ  ᠤᠨ ᠦᠶᠯᠡᠴᠢᠯᠡᠭᠡᠨ ᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃    ᠲᠠᠪᠤ ᠳᠤ᠂ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠳᠡᠭᠡᠳᠦ ᠱᠠᠲᠤᠨ ᠤ ᠡᠳ᠋ ᠤᠨ ᠵᠠᠰᠠᠭ ᠬᠢᠭᠡᠳ ᠬᠤᠸᠠᠳᠧ ᠰᠢᠶᠠᠨ ᠤ ᠡᠳ᠋ ᠤᠨ ᠵᠠᠰᠠᠭ ᠤᠨ ᠵᠦᠢᠯᠡᠰ ᠪᠣᠯᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠨᠢᠭᠲᠠ ᠠᠩᠬᠠᠷᠴᠤ᠂ ᠬᠠᠮᠢᠶ᠎ᠠ ᠪᠦᠬᠦᠢ ᠬᠦᠷᠢᠶᠡᠨ ᠤ ᠲᠥᠰᠦᠭᠡᠯᠡᠨ ᠪᠣᠳᠣᠬᠤ ᠪᠠ ᠵᠣᠯᠭᠠᠭᠤᠯᠬᠤ ᠠᠵᠢᠯ ᠢ ᠤᠷᠢᠳᠴᠢᠯᠠᠨ ᠰᠠᠶᠢᠲᠤᠷ ᠬᠢᠨ᠎ᠡ᠃ ᠲᠥᠰᠦᠪ ᠢ ᠨᠢᠭᠡᠳᠦᠯᠲᠡᠢ ᠲᠥᠯᠥᠪᠯᠡᠬᠦ ᠡᠷᠴᠢᠮ ᠢ ᠴᠢᠩᠭᠠᠳᠬᠠᠵᠤ᠂ ᠡᠳ᠋ ᠤᠨ ᠵᠠᠰᠠᠭ ᠤᠨ ᠬᠠᠳᠠᠭᠠᠯᠠᠯᠲᠠ ᠪᠡᠯᠡ ᠮᠥᠩᠭᠦ ᠶᠢ ᠲᠣᠭᠲᠠᠮᠠᠯ ᠬᠤᠭᠤᠴᠠᠭ᠎ᠠ ᠲᠠᠢ ᠪᠠᠷ ᠢᠯᠭᠠᠷᠠᠭᠤᠯᠤᠨ ᠲᠢᠭᠯᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠲᠥᠰᠦᠪ ᠤᠨ ᠵᠠᠷᠤᠯᠭ᠎ᠠ  ᠶᠢ ᠭᠦᠢᠴᠡᠳᠬᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠨᠡᠶᠢᠳᠬᠡᠬᠦ ᠠᠵᠢᠯ ᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠬᠡᠪᠴᠢᠶ᠎ᠡ᠂ ᠪᠦᠲᠦᠴᠡ᠂ ᠠᠮᠤᠷ ᠲᠦᠪᠰᠢᠨ ᠴᠢᠨᠠᠷ ᠵᠡᠷᠭᠡ ᠲᠠᠯ᠎ᠠ ᠪᠠᠷ ᠬᠢ ᠬᠥᠳᠡᠯᠦᠩᠭᠦᠶ ᠬᠢᠨᠠᠨ ᠰᠢᠨᠵᠢᠬᠦ ᠪᠠ ᠲᠦᠭᠰᠢᠭᠦᠷᠢ ᠶᠢ ᠦᠨᠡᠯᠡᠨ ᠵᠢᠱᠢᠬᠦ ᠶᠢ ᠴᠢᠩᠭᠠᠷᠠᠭᠤᠯᠵᠤ᠂ ᠡᠳ᠋ ᠤᠨ ᠵᠠᠰᠠᠭ ᠮᠥᠩᠭᠦᠨ ᠭᠦᠶᠯᠭᠡᠭᠡᠨ ᠤ ᠲᠦᠭᠰᠢᠭᠦᠷᠢ ᠶᠢ ᠦᠨᠡᠨᠬᠦ ᠰᠡᠷᠭᠡᠶᠢᠯᠡᠬᠦ ᠪᠠ ᠠᠷᠢᠯᠭᠠᠨ᠎ᠠ᠃    ᠵᠢᠷᠭᠤᠭ᠎ᠠ ᠳᠤ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ︽ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾   ᠤᠨ ᠱᠠᠭᠠᠷᠳᠠᠯᠭ᠎ᠠ ᠶᠢ ᠲᠤᠭᠤᠰᠢᠯᠠᠭᠤᠯᠵᠤ᠂ ᠪᠦᠬᠦ ᠲᠠᠯ᠎ᠠ ᠶᠢᠨ᠂ ᠪᠦᠬᠦ ᠶᠠᠪᠤᠴᠠ ᠶᠢᠨ᠂ ᠪᠦᠬᠦᠨ ᠢ ᠬᠠᠮᠤᠷᠤᠭᠰᠠᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠶᠠᠳᠠᠭᠤ ᠶᠢ ᠲᠡᠳᠬᠦᠬᠦ ᠪᠠᠯᠠ ᠮᠥᠩᠭᠦ  ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢ ᠲᠥᠰᠦᠪ ᠤᠨ ᠲᠣᠬᠢᠷᠠᠭᠤᠯᠤᠯᠲᠠ ᠠᠴᠠ ᠠᠮᠵᠢᠯᠲᠠ ᠪᠦᠲᠦᠮᠵᠢ ᠶᠢᠨ ᠬᠠᠷᠠᠯᠲᠠ ᠶᠢ ᠨᠠᠶᠢᠷᠠᠭᠤᠯᠤᠨ ᠵᠣᠬᠢᠶᠠᠬᠤ ᠬᠦᠷᠲᠡᠯ᠎ᠡ᠂ ᠳᠠᠬᠢᠨ ᠲᠥᠰᠦᠪ ᠤᠨ ᠬᠡᠷᠡᠭᠵᠢᠭᠦᠯᠦᠯᠲᠡ ᠶᠢᠨ ᠪᠥᠬᠦ ᠴᠤᠪᠤᠷᠠᠯ᠂ ᠬᠡᠯᠬᠢᠶᠡᠵᠢᠯ ᠮᠠᠶ᠋ᠢᠭ ᠤᠨ ᠬᠥᠳᠡᠯᠦᠩᠭᠦᠶ ᠬᠢᠨᠠᠯᠲᠠ ᠬᠠᠮᠢᠶᠠᠷᠤᠯᠲᠠ ᠬᠦᠷᠲᠡᠯ᠎ᠡ᠂ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ︽ᠡᠴᠦᠰ  ᠤᠨ ᠨᠢᠭᠡ ᠺᠢᠯᠣᠮᠧᠲᠷ︾ ᠤᠨ ᠠᠰᠠᠭᠤᠳᠠᠯ ᠢ ᠦᠨᠡᠨ ᠬᠦ ᠰᠢᠶᠳᠪᠦᠷᠢᠯᠡᠨ᠎ᠡ᠃     ᠰᠤᠷᠪᠤᠯᠵᠢᠯᠠᠭᠴᠢ᠄ ᠸᠠᠩ ᠲᠣᠪᠴᠢᠶᠠᠨ ᠳᠠᠷᠤᠭ᠎ᠠ ᠶᠢᠨ ᠪᠢᠳᠡᠨ ᠲᠠᠢ ᠡᠳᠡᠭᠡᠷ ᠣᠯᠠᠨ ᠢ ᠰᠣᠯᠢᠯᠴᠠᠨ ᠬᠤᠪᠢᠶᠠᠯᠴᠠᠭᠰᠠᠨ ᠳᠤ ᠲᠠᠯᠠᠷᠬᠠᠵᠤ ᠪᠠᠶᠢᠨ᠎ᠠ᠂ ᠸᠠᠩ ᠲᠣᠪᠴᠢᠶᠠᠨ ᠳᠠᠷᠤᠭ᠎ᠠ ᠶᠢᠨ ᠨᠠᠷᠢᠨ ᠲᠠᠨᠢᠯᠴᠠᠭᠤᠯᠭ᠎ᠠ ᠪᠠᠷ᠂ ᠪᠢᠳᠡ ᠬᠤᠸᠠᠳᠧ ᠰᠢᠶᠠᠨ ᠤ ᠡᠳ᠋ ᠤᠨ ᠵᠠᠰᠠᠭ ᠤᠨ ᠠᠵᠢᠯ ᠳᠤ ᠨᠡᠩ ᠭᠦᠨᠵᠡᠭᠡᠢ ᠣᠶᠢᠯᠠᠭᠠᠯᠲᠠ ᠲᠠᠢ ᠪᠣᠯᠤᠭᠰᠠᠨ ᠪᠥᠭᠡᠳ ᠬᠤᠸᠠᠳᠧ ᠶᠢᠨ ᠢᠷᠡᠭᠡᠳᠦᠢ ᠶᠢᠨ ᠠᠵᠤ ᠠᠬᠤᠢ ᠶᠢᠨ ᠬᠥᠭᠵᠢᠯᠲᠡ ᠳᠤ ᠢᠲᠡᠭᠡᠯ ᠳᠦᠭᠦᠷᠡᠩ ᠪᠠᠶᠢᠨ᠎ᠠ᠃ ᠴᠠᠭ ᠤᠨ ᠬᠠᠷᠠᠭ᠎ᠠ ᠠᠴᠠ ᠪᠣᠯᠵᠤ᠂ ᠥᠨᠥᠳᠦᠷ ᠤᠨ ᠰᠤᠷᠪᠤᠯᠵᠢᠯᠠᠭ᠎ᠠ ᠪᠠᠨ ᠠᠳᠡ ᠬᠦᠷᠭᠡᠶ᠎ᠡ᠃ ᠸᠠᠩ ᠵᠧᠩ ᠲᠣᠪᠴᠢᠶᠠᠨ ᠳᠠᠷᠤᠭ᠎ᠠ ᠶᠢᠨ ᠪᠢᠳᠡᠨ ᠤ ᠰᠤᠷᠪᠤᠯᠵᠢᠯᠠᠭ᠎ᠠ ᠶᠢ ᠬᠦᠯᠢᠶᠡᠭᠰᠡᠨ ᠳᠤ ᠲᠤᠩ ᠪᠠᠶᠠᠷᠯᠠᠵᠤ ᠪᠠᠶᠢᠨ᠎ᠠ᠂ ᠥᠷᠭᠡᠨ ᠣᠯᠠᠨ ᠰᠦᠯᠵᠢᠶᠡᠨ ᠤ ᠠᠨᠳᠠ ᠶᠢᠨ ᠢᠳᠡᠪᠬᠢᠲᠡᠢ ᠣᠷᠤᠯᠴᠠᠯᠭ᠎ᠠ ᠲᠠᠯᠠᠷᠬᠠᠯ᠎ᠠ︕᠃    ᠸᠠᠩ ᠵᠧᠩ᠄ ᠵᠠᠰᠠᠭ ᠤᠨ ᠣᠷᠳᠤᠨ ᠤ ᠰᠦᠯᠵᠢᠶᠡᠨ ᠤ ᠡᠩᠨᠡᠬᠦ ᠲᠠᠪᠴᠠᠩ ᠪᠠ ᠣᠯᠠᠨ ᠰᠦᠯᠵᠢᠶᠡᠨ ᠠᠨᠳᠠ ᠳᠠᠭᠠᠨ ᠲᠠᠯᠠᠷᠬᠠᠵᠤ ᠪᠠᠶᠢᠨ᠎ᠠ᠂ ᠲᠠᠨᠠᠷ ᠤᠨ ᠪᠢᠳᠡᠨ ᠤ ᠠᠵᠢᠯ ᠳᠤ ᠨᠠᠨᠳᠢᠨ ᠰᠠᠨᠠᠯ ᠵᠦᠪᠯᠡᠯᠭᠡ ᠪᠠᠨ ᠳᠡᠪᠰᠢᠭᠦᠯᠬᠦ ᠶᠢ ᠬᠦᠰᠡᠵᠦ ᠪᠠᠶᠢᠨ᠎ᠠ᠃               ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ              ᠣᠷᠴᠢᠭᠤᠯᠤᠭᠴᠢ᠄ ᠭᠡᠷᠡᠯ      ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2