ᠮᠠᠨ ᠤ ᠤᠯᠤᠰ ᠤᠨ 5G ᠶᠢᠨ ᠦᠵᠦᠭᠦᠷ ᠵᠠᠯᠭᠠᠯᠳᠠ ᠶᠢᠨ ᠲᠤᠭ᠎ᠠ 2 ᠳ᠋ᠦᠩᠰᠢᠭᠤᠷ ᠢ ᠳᠠᠪᠠᠪᠠ
ᠨᠡᠶᠢᠲᠡᠯᠡᠭᠰᠡᠨ ᠴᠠᠭ᠄
2021/10/12
    ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ ᠨᠢᠩ ᠵᠢᠶ 18 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠲᠠᠨᠢᠯᠴᠠᠭᠤᠯᠬᠤ ᠳᠠᠭᠠᠨ᠂ ᠮᠠᠨ ᠤ ᠤᠯᠤᠰ ᠤᠨ 5G ᠶᠢᠨ ᠦᠵᠦᠭᠦᠷ ᠵᠠᠯᠭᠠᠯᠳᠠ ᠶᠢᠨ ᠲᠤᠭ᠎ᠠ ᠨᠢᠭᠡᠨᠲᠡ 2 ᠳ᠋ᠦᠩᠰᠢᠭᠤᠷ ᠢ ᠳᠠᠪᠠᠵᠤ᠂ ᠳᠡᠯᠡᠬᠡᠶ ᠶᠢᠨ ᠲᠡᠷᠢᠬᠦᠨ ᠳᠤ ᠣᠷᠣᠪᠠ ᠬᠡᠵᠡᠢ᠃ ᠡᠭᠦᠨ ᠠᠴᠠ ᠡᠮᠦᠨ᠎ᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠰᠣᠨᠢᠨ ᠮᠡᠳᠡᠭᠡᠨ ᠤ ᠥᠭᠦᠯᠡᠭᠴᠢ᠂ ᠮᠡᠳᠡᠭᠡ ᠵᠠᠩᠭᠢ ᠴᠢᠮᠡᠭᠡ ᠬᠤᠯᠪᠣᠭᠠᠨ ᠤ ᠬᠥᠭᠵᠢᠯᠲᠡ ᠶᠢᠨ ᠵᠤᠷᠭᠠᠨ ᠤ ᠳᠠᠷᠤᠭ᠎ᠠ ᠸᠧᠨ ᠺᠦ᠋ ᠬᠡᠯᠡᠬᠦ ᠳᠡᠭᠡᠨ᠂ 2020 ᠣᠨ ᠳᠤ ᠮᠠᠨ ᠤ ᠤᠯᠤᠰ ᠲᠤ 58 ᠲᠦᠮᠡᠨ 5G ᠶᠢᠨ ᠰᠠᠭᠤᠷᠢ ᠥᠷᠲᠡᠭᠡ ᠰᠢᠨ᠎ᠡ ᠪᠠᠷ ᠨᠡᠮᠡᠭᠳᠡᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠳᠥᠯᠭᠢᠨ ᠠᠬᠢᠭᠤᠯᠬᠤ 5G ᠶᠢᠨ ᠰᠠᠭᠤᠷᠢ ᠥᠷᠲᠡᠭᠡ 33 ᠲᠦᠮᠡ ᠪᠤᠯᠵᠤ᠂ ᠪᠣᠶ ᠪᠥᠬᠦᠶ ᠲᠤᠰᠬᠠᠶ ᠣᠷᠣᠨ ᠬᠤᠲᠠ ᠳᠤ ᠴᠥᠮ 5G ᠶᠢᠨ ᠪᠦᠷᠬᠦᠴᠡ ᠲᠠᠢ ᠪᠣᠯᠵᠠᠶ ᠬᠡᠪᠡ᠃ ︽2020 ᠣᠨ ᠳᠤ᠂ ᠮᠠᠨ ᠤ ᠤᠯᠤᠰ ᠤᠨ 5G ᠬᠡᠪ ᠤᠨ ᠬᠤᠷᠳᠤᠴᠠ ᠠᠴᠠ ᠳᠠᠪᠠᠭᠰᠠᠨ ᠬᠤᠷᠳᠤᠴᠠ ᠪᠠᠷ ᠲᠦᠷᠭᠡᠨ ᠬᠥᠭᠵᠢᠪᠡ᠃ ᠰᠦᠯᠵᠢᠶᠡᠨ ᠳᠡᠭᠡᠷ᠎ᠡ ᠠᠵᠢᠯᠯᠠᠬᠤ᠂ ᠠᠯᠤᠰ ᠠᠴᠠ ᠵᠢᠭᠠᠬᠤ ᠰᠤᠷᠭᠠᠨ ᠬᠥᠮᠦᠵᠢᠯ᠂ ᠣᠶᠤᠨᠴᠢ ᠦᠢᠯᠡᠳᠬᠦ ᠦᠢᠯᠡᠰ ᠵᠡᠷᠭᠡ ᠬᠦᠷᠢᠶ᠎ᠡ ᠨᠢᠰᠬᠦ ᠮᠡᠲᠦ ᠲᠦᠷᠭᠡᠨ ᠬᠥᠭᠵᠢᠵᠦ᠂ 5G ᠬᠢᠭᠡᠳ ᠡᠯ᠎ᠡ ᠠᠵᠢᠯ ᠲᠥᠷᠥᠯ ᠤᠨ ᠭᠦᠨᠵᠡᠭᠡᠶ ᠠᠭᠤᠰᠤᠯᠴᠠᠯ ᠢ ᠲᠠᠰᠤᠷᠠᠯᠲᠠ ᠥᠬᠡᠶ ᠠᠬᠢᠭᠤᠯᠪᠠ︾᠃ ᠲᠤᠰᠠᠭᠠᠷ ᠴᠠᠬᠢᠯᠭᠠᠨ ᠬᠤᠯᠪᠣᠭᠠᠨ ᠤ ᠵᠠᠳᠠᠯᠤᠭᠴᠢ ᠹᠦ᠋ ᠯᠢᠶᠠᠩ ᠦᠵᠡᠬᠦᠪᠡᠷ᠂ 20 ᠭᠠᠷᠤᠶ ᠵᠢᠯ ᠤᠨ ᠬᠥᠭᠵᠢᠯᠲᠡ ᠪᠠᠷ ᠳᠡᠮᠵᠢᠭᠠᠳ᠂ ᠮᠠᠨ ᠤ ᠤᠯᠤᠰ ᠨᠢᠭᠡᠨᠲᠡ ᠬᠠᠷᠢᠴᠠᠩᠭᠤᠶ ᠲᠡᠭᠦᠯᠳᠡᠷᠵᠢᠭᠰᠡᠨ 5G ᠶᠢᠨ ᠠᠵᠤ ᠦᠢᠯᠡᠰ ᠤᠨ ᠬᠡᠯᠬᠢᠶ᠎ᠡ ᠲᠠᠢ ᠪᠣᠯᠵᠣ᠂ ᠨᠡᠯᠢᠶᠡᠳ ᠶᠡᠭᠡ ᠬᠡᠪᠴᠢᠶᠡᠨ ᠤ ᠰᠦᠯᠵᠢᠶᠡᠨ ᠤ ᠬᠡᠷᠡᠭᠯᠡᠭᠴᠢ ᠲᠠᠢ ᠪᠣᠯᠵᠠᠶ᠃ ᠡᠭᠦᠨ ᠤ ᠬᠠᠮᠲᠤ᠂ ᠵᠠᠰᠠᠭ ᠤᠨ ᠣᠷᠳᠣᠨ 5G ᠶᠢ ᠰᠢᠨ᠎ᠡ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠭᠤᠭᠴᠤᠭ᠎ᠠ ᠪᠣᠯᠭᠠᠨ ᠭᠤᠤᠯᠳᠠᠯᠭ᠎ᠠ ᠲᠠᠢ ᠬᠥᠭᠵᠢᠭᠦᠯᠵᠦ᠂ ᠰᠠᠭᠤᠷᠢ ᠥᠷᠲᠡᠭᠡ ᠶᠢᠨ ᠭᠠᠵᠠᠷ ᠰᠣᠩᠭᠤᠬᠤ᠂ ᠴᠠᠬᠢᠯᠭᠠᠨ ᠤ ᠰᠦᠢᠳᠭᠡᠯ ᠤᠨ ᠬᠠᠷᠠᠭᠠᠯᠵᠠᠯ ᠦᠵᠡᠭᠦᠯᠬᠦ ᠵᠡᠷᠭᠡ ᠲᠠᠯ᠎ᠠ ᠪᠠᠷ 5G ᠶᠢᠨ ᠪᠥᠲᠥᠭᠡᠨ ᠪᠠᠶᠢᠭᠤᠯᠤᠯᠲᠠ ᠳᠤ ᠬᠦᠴᠦᠲᠡᠶ ᠲᠡᠮᠵᠢᠯᠭᠡ ᠦᠵᠡᠭᠦᠯᠪᠡ᠃ 2020 ᠣᠨ ᠳᠤ᠂ ᠮᠠᠨ ᠤ ᠤᠯᠤᠰ ᠤᠨ 5G ᠶᠢᠨ ᠲᠤᠰᠠᠭᠠᠷ ᠰᠦᠯᠵᠢᠶ᠎ᠡ ᠪᠠᠶᠢᠭᠤᠯᠬᠤ ᠴᠢᠳᠠᠪᠤᠷᠢ ᠶᠡᠭᠡ ᠪᠠᠷ ᠳᠡᠭᠡᠭᠰᠢᠯᠡᠵᠦ᠂ ᠬᠡᠰᠡᠭ ᠬᠤᠲᠠ ᠳᠤ ᠨᠢᠭᠡᠨᠲᠡ 5G ᠶᠢᠨ ᠲᠤᠰᠠᠭᠠᠷ ᠰᠦᠯᠵᠢᠶ᠎ᠡ ᠪᠦᠷᠬᠦᠭᠦᠯᠬᠦ ᠶᠢ ᠪᠡᠶᠡᠯᠡᠭᠦᠯᠪᠡ᠂ ᠡᠨᠡ ᠨᠢ 5G ᠶᠢᠨ ᠬᠤᠳᠠᠯᠳᠤᠭᠠᠴᠢᠯᠠᠭᠰᠠᠨ ᠬᠡᠷᠡᠭᠯᠡᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ 2020 ᠣᠨ ᠳᠤ᠂ ᠮᠠᠨ ᠤ ᠤᠯᠤᠰ ᠤᠨ 5G ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠬᠤᠳᠠᠯᠳᠤᠭᠠᠴᠢᠨ᠂ ᠲᠥᠬᠦᠭᠡᠷᠦᠮᠵᠢ ᠶᠢᠨ ᠬᠤᠳᠠᠯᠳᠤᠭᠠᠴᠢᠨ᠂ ᠰᠢᠢᠳᠪᠦᠷᠢᠯᠡᠬᠦ ᠲᠥᠰᠦᠯ ᠬᠠᠩᠭᠠᠬᠤ ᠬᠤᠳᠠᠯᠳᠤᠭᠠᠴᠢᠨ ᠨᠢᠭᠡᠨᠲᠡ 10 ᠭᠠᠷᠤᠶ ᠠᠵᠢᠯ ᠲᠥᠷᠥᠯ ᠳᠤ ᠮᠢᠩᠭ᠎ᠠ ᠰᠢᠬᠠᠮ ᠬᠡᠷᠡᠭᠯᠡᠭᠡᠨ ᠤ ᠲᠤᠷᠰᠢᠯᠲᠠ ᠶᠢ ᠬᠢᠵᠦ ᠲᠠᠭᠤᠰᠬᠠᠬᠰᠠᠨ ᠪᠥᠭᠡᠳ ᠵᠠᠮ ᠬᠠᠷᠢᠯᠴᠠᠭ᠎ᠠ ᠲᠡᠭᠡᠭᠡᠪᠦᠷᠢ᠂ ᠭᠠᠷᠠᠮ ᠤᠨ ᠠᠦ᠋ᠲ᠋ᠣᠴᠢᠯᠠᠯᠲᠠ᠂ ᠤᠶᠤᠨᠲᠤ ᠦᠢᠯᠡᠳᠪᠦᠷᠢ᠂ ᠣᠷᠴᠢᠨ ᠲᠤᠭᠤᠷᠢᠨ ᠤ ᠬᠢᠨᠠᠨ ᠡᠵᠡᠮᠳᠡᠯ᠂ ᠠᠯᠤᠰ ᠡᠮᠴᠢᠯᠡᠭᠡ ᠵᠡᠷᠭᠡ ᠬᠦᠷᠢᠶᠡᠨ ᠳᠤ ᠴᠥᠮ ᠱᠠᠲᠤ ᠦᠶᠡᠴᠢ ᠴᠢᠨᠠᠷᠲᠠᠶ ᠰᠢᠪᠲᠤᠯᠤᠯᠲᠠ ᠬᠢᠵᠡᠢ᠃ ᠭᠠᠷᠠᠮ ᠤᠨ ᠠᠦ᠋ᠲ᠋ᠣᠴᠢᠯᠠᠯᠲᠠ ᠪᠠᠷ ᠵᠢᠱᠢᠶᠡᠯᠡᠪᠡᠯ᠂ ᠣᠳᠣᠬᠠᠨ ᠳᠤ ᠮᠠᠨ ᠤ ᠤᠯᠤᠰ ᠤᠨ ᠣᠯᠠᠨ ᠭᠠᠷᠠᠮ ᠨᠢᠭᠡᠨᠲᠡ ᠪᠠᠷᠠᠭ᠎ᠠ ᠲᠤᠰᠢᠶᠠᠬᠤ ᠪᠠᠷᠠᠭ᠎ᠠ ᠪᠠᠭᠤᠯᠭᠠᠬᠤ᠂ ᠲᠡᠭᠡᠭᠡᠪᠦᠷᠢ ᠶᠢᠨ ᠲᠡᠷᠭᠡ ᠬᠥᠰᠬᠡ ᠠᠴᠠ ᠠᠪᠤᠭᠠᠳ ᠣᠶᠤᠨᠴᠢ ᠬᠥᠮᠥᠷᠭᠡᠯᠡᠯᠳᠡ ᠵᠡᠷᠭᠡ ᠡᠯ᠎ᠡ ᠭᠤᠭᠴᠣᠭᠠᠨ ᠤ ᠠᠦ᠋ᠲ᠋ᠣᠴᠢᠯᠠᠯᠲᠠ ᠶᠢ ᠲᠠᠰ ᠲᠡᠪᠰᠢᠭᠦᠯᠦᠭᠰᠡᠨ ᠪᠠᠶᠢᠨ᠎ᠠ᠃ 5G ᠮᠡᠷᠭᠡᠵᠢᠯ ᠢ ᠠᠰᠢᠭᠯᠠᠪᠠᠯ᠂ ᠠᠵᠢᠯᠲᠠᠳ ᠲᠦᠷᠭᠡᠨ ᠪᠥᠭᠡᠳ ᠣᠨᠣᠪᠴᠢᠲᠠᠶ ᠪᠠᠷ ᠴᠢᠩᠭᠡᠯᠢᠭ ᠤᠨ ᠣᠷᠣᠨ ᠪᠠᠶᠢᠷᠢ ᠶᠢ ᠣᠯᠵᠤ ᠴᠢᠳᠠᠬᠤ ᠪᠥᠭᠡᠳ ᠪᠣᠳᠠᠲᠠᠶ ᠬᠡᠷᠡᠭᠴᠡᠭᠡ ᠶᠢ ᠦᠨᠳᠦᠰᠦᠯᠡᠨ ᠬᠥᠮᠥᠷᠭᠡ ᠳᠤ ᠴᠢᠩᠭᠡᠯᠢᠭ ᠲᠠᠯᠪᠢᠬᠤ ᠣᠷᠣᠨ ᠪᠠᠶᠢᠷᠢ ᠶᠢ ᠬᠥᠳᠡᠯᠦᠩᠭᠦᠶ ᠪᠠᠷ ᠲᠣᠬᠢᠷᠠᠭᠤᠯᠵᠤ᠂ ᠬᠥᠮᠦᠨ ᠤ ᠬᠦᠴᠦᠨ ᠤ ᠥᠪᠡᠷ ᠤᠨ ᠥᠷᠲᠡᠭ ᠢ ᠪᠠᠭᠤᠷᠠᠭᠤᠯᠬᠤ ᠶᠢᠨ ᠬᠠᠮᠲᠤ ᠪᠠᠷᠠᠭᠠᠨ ᠤ ᠬᠦᠢᠯᠭᠡᠭᠡᠨ ᠤ ᠲᠡᠭᠡᠭᠡᠪᠦᠷᠢ ᠶᠢᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ ᠴᠢᠳᠠᠨ᠎ᠠ᠃            ᠪᠡᠯᠡᠳᠭᠡᠭᠰᠡᠨ ᠨᠢ᠄ ᠳᠤᠭᠤᠰ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2