ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ ᠴᠧᠨ ᠢ ᠨᠡᠷ ᠬᠤᠸᠠᠳᠧ ᠰᠢᠶᠠᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠲᠣᠰᠬᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/13
   ᠥᠪᠡᠷᠲᠡᠭᠡᠨ ᠵᠠᠰᠠᠬᠤ ᠣᠷᠣᠨ ᠤ ᠳᠠᠭᠠᠭᠠᠨ ᠲᠡᠳᠬᠦᠬᠦ ᠨᠢᠭᠡᠴᠡ ᠯᠦᠭᠡ ᠶᠢᠨ ᠨᠡᠪᠲᠡᠷᠡᠯᠴᠡᠭᠡ ᠪᠠ ᠰᠣᠯᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ 2021 ᠣᠨ ᠤ ᠬᠠᠪᠰᠤᠷᠤᠨ ᠲᠡᠳᠬᠦᠬᠦ ᠠᠵᠢᠯ ᠢ ᠵᠣᠯᠭᠠᠭᠤᠯᠵᠤ᠂ ᠴᠢᠬ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠬᠦ ᠶᠢᠨ ᠲᠦᠯᠦᠭᠡ᠂ 10 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ ᠤᠨ ᠳᠡᠳ᠋ ᠡᠷᠬᠢᠯᠡᠭᠴᠢ ᠴᠧᠨ ᠢ ᠨᠡᠷ ᠬᠤᠸᠠᠳᠧ ᠰᠢᠶᠠᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠲᠣᠰᠬᠤᠨ ᠰᠠᠶᠢᠨᠪᠤᠯᠤᠩ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠳ᠋ᠢᠶᠤᠤ ᠴᠦᠨ ᠬᠠᠶ ᠬᠤᠷᠠᠯ ᠡᠷᠭᠢᠯᠡᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠯᠢ ᠨᠠᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠥᠩ ᡁᠢ ᠹᠠᠩ ᠬᠤᠷᠠᠯ ᠳᠤ ᠣᠷᠣᠯᠴᠠᠵᠠᠶ᠃     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ ᠴᠧᠨ ᠢ ᠨᠡᠷ ᠡᠩ ᠲᠡᠷᠢᠭᠦᠨ ᠳᠤ ᠴᠤᠤᠶᠠᠩ ᠪᠠᠯᠭᠠᠰᠤ ᠶᠢᠨ ᠰᠠᠶᠢᠨᠪᠤᠯᠤᠩ ᠲᠣᠰᠬᠤᠨ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃     ᠶᠠᠷᠢᠯᠴᠠᠬᠤ ᠬᠤᠷᠠᠯ ᠳᠡᠭᠡᠷ᠎ᠡ᠂ ᠰᠠᠶᠢᠨᠪᠤᠯᠤᠩ ᠵᠠᠰᠠᠭ ᠵᠠᠬᠢᠷᠭᠠᠨ ᠤ ᠲᠣᠰᠬᠤᠨ ᠤ ᠨᠠᠮ ᠤᠨ ᠡᠭᠦᠷ ᠤᠨ ᠱᠦᠵᠢ ᠲᠤᠰ ᠲᠣᠰᠬᠤᠨ ᠤ ᠶᠠᠳᠠᠭᠤ ᠶᠢ ᠲᠡᠳᠬᠦᠬᠦ ᠠᠵᠢᠯ ᠢ ᠥᠷᠨᠢᠭᠦᠯᠦᠭᠰᠡᠨ ᠪᠠᠶᠢᠳᠠᠯ᠂ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠵᠢᠴᠢ ᠲᠠᠷᠢᠶᠠᠴᠢᠳ ᠤᠨ ᠣᠷᠣᠯᠭ᠎ᠠ ᠶᠢᠨ ᠢᠷᠡᠯᠳᠡ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃ ᠴᠤᠤᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ ᠣᠳᠣᠬᠠᠨ ᠤ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠶ ᠰᠣᠯᠢᠯᠴᠠᠵᠠᠶ᠃ ᠴᠧᠨ ᠢ ᠨᠡᠷ᠂ ᠰᠢᠢᠨᠪᠤᠯᠤᠩ ᠤᠨ ᠵᠠᠰᠠᠭ ᠵᠠᠬᠢᠷᠭᠠᠨ ᠤ ᠲᠣᠰᠬᠤᠨ ᠤ ᠲᠣᠰᠬᠤᠨ ᠤ ᠬᠠᠮᠲᠤ ᠶᠢᠨ ᠠᠵᠤ ᠠᠬᠤᠢ᠂ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠳᠤ ᠴᠢᠭᠯᠡᠭᠦᠯᠦᠨ᠂ ᠬᠠᠪᠰᠤᠷᠤᠨ ᠲᠡᠳᠬᠦᠬᠦ ᠶᠢ ᠵᠣᠯᠭᠠᠭᠤᠯᠬᠤ ᠶᠢ ᠴᠢᠨᠠᠭᠰᠢᠳᠠ ᠴᠢᠩᠭᠠᠳᠬᠠᠵᠤ᠂ ᠠᠵᠤ ᠦᠢᠯᠡᠰ᠂ ᠠᠵᠢᠯ ᠣᠯᠭᠤᠯᠲᠠ᠂ ᠡᠷᠡᠭᠦᠯ ᠮᠡᠨᠳᠦ᠂ ᠦᠵᠡᠯ ᠰᠠᠨᠠᠭ᠎ᠠ ᠵᠡᠷᠭᠡ ᠲᠠᠯ᠎ᠠ ᠪᠠᠷ᠂ ᠬᠤᠸᠠᠳᠧ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠨ᠎ᠠ ᠭᠡᠵᠦ ᠢᠯᠡᠳᠬᠡᠪᠡ᠃     ᠴᠧᠨ ᠢ ᠶᠠᠷᠢᠶᠠᠨ ᠳᠠᠭᠠᠨ ᠬᠦᠰᠡᠭᠰᠡᠨ ᠨᠢ᠂ ᠣᠷᠣᠨ ᠲᠤᠭ᠎ᠠ ᠶᠢᠨ ᠠᠯᠪᠠᠨ ᠭᠡᠷ ᠤᠨ ᠲᠣᠰᠬᠤᠨ ᠳᠤ ᠰᠠᠭᠤᠬᠤ ᠠᠵᠢᠯᠯᠠᠬᠤ ᠠᠩᠭᠢ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠯᠠᠪᠳᠠᠭᠤᠨ ᠲᠣᠭᠲᠠᠭᠤᠨ ᠢᠶᠠᠷ ᠬᠠᠪᠰᠤᠷᠤᠨ ᠲᠡᠳᠬᠦᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠨᠡᠬᠦ ᠡᠭᠦᠷᠭᠡ ᠶᠢ ᠪᠠᠲᠤᠳᠬᠠᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠬᠤ ᠶᠢ ᠪᠠᠷᠢᠮᠲᠠᠯᠠᠵᠤ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠪᠣᠳᠠᠲᠠᠢ ᠬᠦᠴᠦ ᠣᠷᠣᠭᠤᠯᠵᠤ᠂ ᠨᠠᠮ ᠤᠨ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠦᠨᠡᠨᠬᠦ ᠤᠬᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠯᠠᠩ ᠢ ᠬᠠᠪᠰᠤᠷᠤᠨ‌‍ᠲ᠋ᠡᠳᠬᠦᠬᠦ ᠵᠡᠷᠭᠡ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂  ᠰᠠᠶᠢᠨᠪᠤᠯᠤᠩ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠷᠠᠳ ᠤᠯᠠᠨ ᠤ  ᠣᠷᠤᠯᠭ᠎ᠠ ᠶᠢ ᠦᠨᠡᠨᠬᠦ ᠨᠡᠮᠡᠭᠳᠡᠭᠦᠯᠵᠦ᠂ ᠠᠮᠢᠳᠤᠷᠠᠯ ᠢ ᠨᠢ ᠦᠨᠡᠨᠬᠦ ᠪᠠᠶᠠᠵᠢᠭᠤᠯᠬᠤ ᠬᠡᠷᠡᠭᠲᠡᠢ ᠭᠡᠪᠡ᠃     ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠳ᠋ᠢᠶᠤᠤ ᠴᠦᠨ ᠬᠠᠶ ᠶᠠᠷᠢᠶᠠᠨ ᠳᠠᠭᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ ᠠᠴᠠ ᠣᠷᠳᠣ ᠬᠤᠭᠤᠴᠠᠭ᠎ᠠ ᠪᠠᠷ ᠬᠤᠸᠠᠳᠧ ᠰᠢᠶᠠᠨ ᠳᠤ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠲᠡᠷᠡ ᠵᠢᠭᠠᠵᠤ ᠭᠠᠷᠭᠠᠭᠰᠠᠨ ᠨᠢ᠂ 2002 ᠣᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ ᠢᠮᠠᠭᠲᠠ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠠᠵᠢᠯ ᠢ ᠡᠳᠦᠷ ᠳᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠭᠤᠣᠯ ᠤᠳᠤᠷᠢᠳᠤᠯᠭ᠎ᠠ ᠬᠤᠸᠠᠳᠧ ᠰᠢᠶᠠᠨ ᠳᠤ ᠤᠯᠠᠨ ᠤᠳᠠᠭ᠎ᠠ ᠭᠦᠨᠵᠡᠭᠡᠶᠢᠷᠡᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ᠰᠡᠳᠬᠢᠴᠡ ᠶᠢ ᠨᠢ ᠡᠮᠬᠢᠯᠡᠵᠦ᠂ ᠴᠢᠭᠯᠡᠯ ᠢ ᠨᠢ ᠲᠣᠳᠣᠷᠬᠠᠶᠢᠯᠠᠵᠤ᠂ ᠬᠥᠭᠵᠢᠯᠲᠡ ᠶᠢ ᠡᠷᠢᠯᠬᠢᠯᠡᠬᠦ ᠳᠤ ᠬᠠᠪᠰᠤᠷᠴᠤ᠂ ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠠᠯᠬᠤᠴᠠ ᠶᠢ ᠪᠠᠲᠤᠳᠬᠠᠬᠤ ᠶᠢ ᠬᠦᠴᠦᠲᠡᠢ ᠠᠬᠢᠭᠤᠯᠵᠠᠢ᠃  ᠬᠦᠰᠡᠬᠦ ᠨᠢ᠂ ᠬᠤᠶᠠᠷ ᠲᠠᠯ᠎ᠠ ᠪᠠᠷ ᠢᠶᠠᠨ ᠳᠠᠷᠠᠭᠠᠴᠢ ᠶᠢᠨ ᠠᠯᠬᠤᠮ ᠤᠨ ᠠᠵᠢᠯ ᠳᠤᠮᠳᠠ ᠪᠠᠨ᠂ ᠬᠠᠪᠰᠤᠷᠤᠨ ᠲᠡᠳᠬᠦᠬᠦ ᠶᠢ ᠵᠣᠯᠭᠠᠭᠤᠯᠬᠤ ᠶᠢ ᠴᠢᠨᠠᠭᠰᠢᠳᠠ ᠴᠢᠩᠭᠠᠳᠬᠠᠵᠤ᠂ ᠦᠨᠳᠦᠰᠦᠨ ᠱᠠᠲᠤᠨ ᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ᠂ ᠠᠵᠤ ᠦᠢᠯᠡᠰ ᠢ ᠬᠥᠭᠵᠢᠭᠦᠯᠬᠦ᠂ ᠦᠵᠡᠯ ᠰᠠᠨᠠᠭ᠎ᠠ ᠪᠠᠷ ᠬᠦᠳᠦᠯᠦᠨ ᠳᠠᠭᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠪᠠᠷ ᠭᠦᠨᠵᠡᠭᠡᠶᠢᠷᠡᠭᠦᠯᠦᠨ ᠥᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠬᠠᠮᠲᠤᠪᠠᠷ ᠠᠬᠢᠭᠤᠯᠵᠤ᠂ ᠬᠤᠸᠠᠳᠧ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠯᠬᠤᠮ ᠢ ᠪᠠᠲᠤᠳᠬᠠᠨ ᠥᠷᠭᠡᠳᠬᠡᠬᠦ ᠶᠢ ᠬᠦᠴᠦᠲᠡᠢ ᠠᠬᠢᠭᠤᠯᠵᠤ᠂ ᠬᠤᠸᠠᠳᠧ ᠶᠢᠨ ᠠᠵᠤ ᠠᠬᠤᠢ ᠨᠡᠶᠢᠭᠡᠮ ᠤᠨ ᠲᠦᠷᠭᠡᠨ ᠬᠥᠭᠵᠢᠯᠲᠡ ᠶᠢ ᠬᠠᠮᠲᠤᠪᠠᠷ ᠠᠬᠢᠭᠤᠯᠵᠤ ᠴᠢᠳᠠᠨ᠎ᠠ ᠭᠡᠪᠡ᠃    ᠴᠤᠤᠶᠠᠩ ᠪᠠᠯᠭᠠᠰᠤ᠂ ᠣᠷᠣᠨ ᠲᠤᠭ᠎ᠠ ᠶᠢᠨ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃           ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ           ᠣᠷᠴᠢᠭᠤᠯᠤᠭᠴᠢ᠄ ᠣᠳᠣᠨᠭᠡᠷᠡᠯ   ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ  
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2