ᠬᠤᠸᠠᠳᠧ ᠰᠢᠶᠠᠨ 40 ᠭᠠᠷᠤᠢ ᠴᠠᠭᠠᠨ ᠬᠠᠷᠠᠩ ᠤᠨ ᠡᠪᠡᠳᠴᠢᠲᠡᠨ ᠳᠤ ᠬᠡᠷᠡᠯ ᠬᠡᠬᠡ ᠤᠯᠭᠤᠪᠠ
ᠨᠡᠶᠢᠲᠡᠯᠡᠭᠰᠡᠨ ᠴᠠᠭ᠄
2021/10/29
   ᠲᠤᠰ ᠰᠤᠨᠢᠨ ᠤ ᠮᠡᠳᠡᠭᠡ᠂ ᠨᠠᠰᠤᠲᠠᠶᠢᠴᠤᠳ ᠤᠨ ᠬᠠᠷᠠᠭᠠᠨ ᠤ ᠡᠷᠡᠭᠦᠯ ᠮᠡᠨᠳᠦ ᠶᠢ ᠬᠠᠯᠠᠮᠵᠢᠯᠠᠵᠦ᠂ ᠪᠠᠭᠤᠷᠠᠶᠢᠴᠤᠳ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ᠂ ᠬᠤᠸᠠᠳᠧ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠤᠲᠠ ᠶᠢᠨ ᠴᠤᠤ ᠵᠢᠤᠢ ᠨᠢᠳᠦᠨ ᠤ ᠡᠮᠨᠡᠯᠭᠡ ᠶᠢᠨ ᠬᠤᠷᠢᠶ᠎ᠠ ᠲᠠᠢ ᠬᠠᠮᠵᠢᠯᠴᠠᠨ᠂ ᠰᠢᠶᠠᠨ ᠤ ᠯᠢᠶᠠᠨ ᠳ᠋ᠧ ᠡᠮᠨᠡᠯᠭᠡ ᠶᠢᠨ ᠬᠤᠷᠢᠶ᠎ᠠ ᠳᠤ ᠴᠠᠭᠠᠨ ᠬᠠᠷᠠᠩ ᠤᠨ ᠬᠠᠷᠠᠭ᠎ᠠ ᠶᠢ ᠰᠡᠷᠭᠦᠭᠡᠬᠦ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠵᠦ᠂ ᠪᠥᠬᠦ ᠰᠢᠶᠠᠨ ᠤ ᠶᠠᠳᠠᠭᠤ ᠬᠦᠴᠢᠷᠳᠡᠯᠲᠡᠶ ᠴᠠᠭᠠᠨ ᠬᠠᠷᠠᠩ ᠤᠨ ᠡᠪᠡᠳᠴᠢᠲᠡᠨ ᠳᠤ ᠰᠦᠢᠳᠭᠡᠯ ᠬᠤᠷᠢᠶᠠᠬᠤ ᠥᠬᠡᠶ ᠪᠠᠷ ᠪᠠᠶᠢᠴᠠᠭᠠᠵᠦ ᠣᠨᠣᠰᠢᠯᠠᠨ ᠡᠮᠨᠡᠵᠦ᠂ ᠴᠠᠭᠠᠨ ᠬᠠᠷᠠᠩ ᠤᠨ ᠡᠪᠡᠳᠴᠢᠲᠡᠨ ᠢ ᠡᠷᠲᠡ ᠣᠨᠣᠰᠢᠯᠠᠵᠤ ᠡᠷᠲᠡ ᠵᠠᠰᠠᠬᠤ ᠶᠢ ᠦᠨᠡᠨᠬᠦ ᠪᠡᠶᠡᠯᠡᠭᠦᠯᠵᠡᠶ᠃   ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠤᠳᠠ ᠶᠢᠨ ᠴᠤᠤ ᠵᠢᠤᠢ ᠡᠮᠨᠡᠯᠭᠡ ᠶᠢᠨ ᠬᠤᠷᠢᠶᠠᠨ ᠤ ᠨᠢᠳᠦᠨ ᠤ ᠰᠠᠯᠠᠭᠠᠨ ᠤ ᠡᠮᠴᠢ ᠰᠤᠪᠢᠯᠠᠭᠴᠢᠳ ᠲᠤᠰᠬᠠᠢ ᠮᠡᠷᠭᠡᠵᠢᠯ ᠤᠨ ᠪᠠᠭᠠᠵᠢ ᠲᠥᠬᠦᠭᠡᠷᠦᠮᠵᠢ ᠪᠠᠷ ᠨᠠᠰᠤᠲᠠᠶᠢᠴᠤᠳ ᠤᠨ ᠬᠠᠷᠠᠭ᠎ᠠ ᠶᠢ ᠰᠢᠯᠭᠠᠨ ᠪᠠᠶᠢᠴᠠᠭᠠᠬᠤ ᠨᠢᠳᠦᠨ ᠳᠤᠲᠤᠷᠠᠬᠢ ᠶᠢ ᠪᠠᠶᠢᠴᠠᠭᠠᠬᠤ ᠵᠡᠷᠭᠡ ᠲᠤᠰᠬᠠᠢ ᠦᠢᠯᠡᠴᠢᠯᠡᠭᠡ ᠬᠠᠩᠭᠠᠵᠤ ᠂ ᠤᠯᠠᠨ ᠲᠦᠮᠡᠨ ᠳᠤ ᠴᠠᠭᠠᠨ ᠬᠠᠷᠠᠩ ᠤᠨ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ ᠪᠠᠶᠢᠴᠠᠭᠠᠵᠤ ᠢᠯᠡᠷᠡᠬᠦᠯᠦᠭᠰᠡᠨ ᠴᠠᠭᠠᠨ ᠬᠠᠷᠠᠩ ᠤᠨ ᠡᠪᠡᠳᠴᠢᠲᠡᠨ ᠢ ᠨᠠᠷᠢᠨ ᠲᠣᠳᠣᠷᠬᠠᠢ ᠳᠠᠩᠰᠠᠯᠠᠵᠠᠢ᠃   ︽ᠬᠤᠲᠠ ᠶᠢᠨ ᠴᠤᠤ ᠵᠢᠤᠢ ᠨᠢᠳᠦᠨ ᠤ ᠡᠮᠨᠡᠯᠭᠡ ᠶᠢᠨ ᠬᠤᠷᠢᠶ᠎ᠠ ᠶᠢᠨ ᠡᠮᠴᠢ ᠬᠤᠸᠠᠳᠧ ᠰᠢᠶᠠᠨ ᠳᠤ ᠴᠠᠭᠠᠨ ᠬᠠᠷᠠᠩ ᠤᠨ ᠮᠡᠰᠡ ᠵᠠᠰᠠᠯ ᠬᠢᠬᠦ ᠪᠠᠷ ᠢᠷᠡᠭᠰᠡᠨ ᠢ ᠰᠣᠨᠣᠰᠤᠭᠠᠳ ᠢᠷᠡᠵᠦ ᠡᠮᠴᠢᠯᠡᠭᠦᠯᠵᠡᠢ᠂ ᠪᠢ ᠨᠢᠭᠡ ᠮᠥᠩᠭᠦ ᠴᠦ ᠵᠠᠷᠤᠭᠰᠠᠨ ᠦᠭᠡᠢ᠂ ᠬᠡᠦᠬᠡᠳ ᠤᠳ ᠤᠨ ᠵᠤᠭᠤᠰ ᠢ ᠠᠷᠪᠢᠯᠠᠵᠠᠢ᠂ ᠨᠠᠮ ᠤᠨ ᠰᠠᠶᠢᠨ ᠲᠥᠷᠥ ᠶᠢᠨ ᠪᠣᠳᠣᠯᠭ᠎ᠠ ᠳᠤ ᠲᠠᠯᠠᠷᠬᠠᠵᠤ ᠪᠠᠶᠢᠨ᠎ᠠ︾ ᠭᠡᠵᠦ ᠪᠠᠶᠠᠨᠲᠠᠯ᠎ᠠ ᠰᠢᠶᠠᠩ ᠤᠨ ᠲᠤᠩ ᠱᠦᠨ ᠲᠣᠰᠬᠤᠨ ᠤ ᠠᠷᠠᠳ ᠷᠧᠨ ᠸᠠᠩ ᠪᠠᠶᠠᠷᠲᠠᠢ ᠬᠡᠯᠡᠪᠡ᠃   ᠣᠶᠢᠯᠠᠭᠠᠭᠰᠠᠨ ᠢᠶᠠᠷ᠂ ᠬᠤᠲᠠ ᠶᠢᠨ ᠴᠤᠤ ᠵᠢᠤᠢ ᠨᠢᠳᠦᠨ ᠤ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠠᠩᠭᠢ ᠤᠷᠢᠳ ᠬᠤᠵᠢᠳ ᠬᠤᠸᠠᠳᠧ ᠰᠢᠶᠠᠨ ᠤ ᠴᠠᠭᠠᠨ ᠬᠠᠷᠠᠩ ᠵᠡᠷᠭᠡ ᠨᠢᠳᠦᠨ ᠤ ᠡᠪᠡᠳᠴᠢᠨ ᠲᠠᠢ 120 ᠭᠠᠷᠤᠶ ᠬᠦᠮᠦᠨ ᠳᠤ ᠰᠦᠢᠳᠭᠡᠯ ᠬᠤᠷᠢᠶᠠᠬᠤ ᠥᠬᠡᠶ ᠪᠠᠷ ᠪᠠᠶᠢᠴᠠᠭᠠᠯᠲᠠ ᠬᠢᠵᠦ᠂ ᠴᠠᠭᠠᠨ ᠬᠠᠷᠠᠩ ᠤᠨ ᠮᠡᠰᠡ ᠵᠠᠰᠠᠯ ᠬᠢᠵᠦ ᠪᠤᠯᠬᠤ 40 ᠭᠠᠷᠤᠶ ᠡᠪᠡᠳᠴᠢᠲᠡᠨ ᠢ ᠰᠣᠩᠭᠤᠨ ᠮᠡᠰᠡ ᠵᠠᠰᠠᠯ ᠤᠨ ᠡᠮᠦᠨᠡᠬᠢ ᠲᠤᠰᠬᠠᠶ ᠪᠠᠶᠢᠴᠠᠭᠠᠯᠲᠠ ᠬᠢᠭᠰᠡᠨ ᠪᠥᠭᠡᠳ ᠰᠦᠢᠳᠬᠡᠯ ᠬᠤᠷᠢᠶᠠᠬᠤ ᠥᠬᠡᠶ ᠪᠠᠷ ᠮᠡᠰᠡ ᠵᠠᠰᠠᠯ ᠬᠢᠵᠦ ᠥᠭᠪᠡ᠃ ᠲᠣᠰ ᠤᠳᠠᠭᠠᠨ ᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠥᠷᠨᠢᠭᠦᠯᠦᠭᠰᠡᠨ ᠨᠢ ︽ᠬᠥᠮᠥᠡᠯᠢᠭ ᠶᠣᠰᠣ᠂ ᠲᠦᠭᠡᠮᠡᠯ ᠬᠠᠶᠢᠷ᠎ᠠ᠂ ᠬᠠᠷᠠᠮ ᠥᠬᠡᠶ ᠵᠢᠳᠬᠦᠬᠦ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠪᠥᠬᠦ ᠰᠢᠶᠠᠨ ᠤ ᠥᠷᠭᠡᠨ ᠣᠯᠠᠨ ᠶᠠᠳᠠᠭᠤ ᠬᠦᠴᠢᠷᠳᠡᠯᠲᠡᠶ ᠴᠠᠭᠠᠨ ᠬᠠᠷᠠᠩ ᠡᠪᠡᠳᠴᠢᠲᠡᠨ ᠳᠤ ᠴᠠᠭ ᠲᠤᠬᠠᠶ ᠳᠤᠨᠢ ᠡᠮᠴᠢᠯᠡᠭᠡᠨ ᠤ ᠲᠤᠰᠠᠯᠠᠮᠵᠢ ᠣᠯᠭᠤᠵᠤ᠂ ᠲᠡᠳᠡᠨ ᠤ ᠬᠤᠪᠢ ᠬᠥᠮᠦᠨ ᠪᠠ ᠬᠡᠷ ᠪᠦᠯᠢ ᠶᠢᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠲᠡᠳᠡᠨ ᠳᠤ ︽ᠨᠠᠰᠤᠲᠠᠨ ᠪᠤᠭᠤᠷᠤᠯ ᠢ ᠬᠠᠯᠠᠮᠵᠢᠯᠠᠨ ᠡᠮᠴᠢᠯᠡᠬᠦ︾ ᠵᠣᠯ ᠵᠢᠷᠭᠠᠯᠲᠤ ᠲᠥᠷᠥᠭᠳᠡᠯ ᠢ ᠦᠨᠡᠨᠬᠦ ᠮᠡᠳᠡᠷᠡᠭᠦᠯᠦᠭᠰᠡᠨ ᠪᠠᠶᠢᠨ᠎ᠠ᠃   ︽ᠴᠤᠤ ᠵᠢᠤᠢ ᠨᠢᠳᠦᠨ ᠤ ᠡᠮᠨᠡᠯᠭᠡ ᠶᠢᠨ ᠬᠤᠷᠢᠶ᠎ᠠ ᠨᠢ ᠬᠠᠷᠠᠭ᠎ᠠ ᠣᠷᠣᠭᠤᠯᠬᠤ 8 ᠳ᠋ᠤᠭᠠᠷ ᠨᠣᠮᠧᠷᠲᠤ ᠮᠡᠰᠡ ᠵᠠᠰᠠᠯ ᠤᠨ ᠨᠡᠭᠦᠳᠡᠯ ᠲᠡᠷᠭᠡ ᠪᠣᠯᠤᠨ ᠡᠮᠴᠢᠯᠡᠭᠡᠨ ᠤ ᠲᠤᠰᠬᠠᠶ ᠮᠡᠷᠭᠡᠵᠢᠯᠲᠡᠨ ᠤ ᠡᠩᠨᠡᠭᠡ ᠶᠢ 10 ᠭᠠᠷᠤᠶ ᠲᠣᠮᠢᠯᠠᠵᠤ᠂ ᠬᠤᠸᠠᠳᠧ ᠰᠢᠶᠠᠨ ᠤ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯ ᠲᠠᠢ 40 ᠭᠠᠷᠤᠶ ᠴᠠᠭᠠᠨ ᠬᠠᠷᠠᠩ ᠤᠨ ᠡᠪᠡᠳᠴᠢᠲᠡᠨ ᠳᠤ ᠰᠦᠢᠳᠬᠡᠯ ᠬᠤᠷᠢᠶᠠᠬᠤ ᠦᠭᠡᠶ ᠪᠠᠷ ᠮᠡᠰᠡ ᠵᠠᠰᠠᠯ ᠬᠢᠵᠦ᠂ ︿ᠨᠢᠭᠡ ᠬᠥᠮᠦᠨ ᠤ ᠬᠠᠷᠠᠭ᠎ᠠ ᠶᠢ ᠰᠡᠷᠭᠦᠭᠡᠪᠡᠯ ᠨᠢᠭᠡ ᠭᠡᠷ ᠪᠦᠯᠢ ᠳᠤ ᠵᠣᠯ ᠵᠢᠷᠭᠠᠯᠲᠤ ᠡᠳ᠋ᠯᠡᠭᠦᠯᠵᠦ᠂ ᠨᠢᠭᠡ ᠭᠠᠵᠠᠷ ᠤᠷᠤᠨ ᠳᠤ ᠪᠤᠶᠠᠨ ᠦᠢᠯᠡᠳᠬᠦ﹀ ᠨᠡᠶᠢᠭᠡᠮ ᠤᠨ ᠬᠠᠯᠠᠮᠵᠢᠯᠠᠯ ᠢ ᠦᠨᠡᠨᠬᠦ ᠪᠠᠳᠠᠷᠠᠭᠤᠯᠤᠭᠰᠠᠨ ᠪᠠᠶᠢᠨ᠎ᠠ︾ ᠭᠡᠵᠦ ᠬᠤᠲᠠ ᠶᠢᠨ ᠴᠤᠤ ᠵᠢᠤᠢ ᠨᠢᠳᠦᠨ ᠤ ᠰᠠᠯᠠᠭᠠᠨ ᠤ ᠡᠮᠨᠡᠯᠭᠡ ᠶᠢᠨ ᠬᠤᠷᠢᠶᠠᠨ ᠤ ᠨᠢᠳᠦᠨ ᠤ ᠰᠡᠷᠭᠡᠶᠢᠯᠡᠯᠲᠡ ᠡᠷᠡᠭᠦᠯᠵᠢᠯ ᠤᠨ ᠰᠠᠯᠠᠭᠠᠨ ᠤ ᠡᠷᠬᠢᠯᠡᠭᠴᠢ ᠺᠸᠤ ᡁᠢ ᠴᠢᠶᠠᠩ ᠬᠡᠯᠡᠬᠦ ᠶᠢᠨ ᠳᠠᠭᠠᠤ ᠴᠤᠤ ᠵᠢᠤᠢ ᠨᠢᠳᠦᠨ ᠤ ᠰᠠᠯᠠᠭᠠᠨ ᠤ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠡᠩᠨᠡᠭᠡ ᠨᠢ ᠤᠯᠠᠭᠠᠨᠴᠠᠪ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠠᠷᠠᠳ ᠤᠨ ᠶᠠᠪᠤᠳᠠᠯ ᠤᠨ ᠲᠣᠪᠴᠢᠶ᠎ᠠ ᠶᠢᠨ ︽ᠬᠡᠷᠡᠯ ᠭᠡᠭᠡ ᠶᠢᠨ ᠠᠶᠠᠯᠠᠯ︾ ᠤᠨ ᠲᠥᠷᠥᠯ ᠵᠦᠢᠯ ᠤᠨ ᠱᠠᠭᠠᠷᠳᠠᠯᠭ᠎ᠠ ᠶᠢ ᠦᠨᠳᠦᠰᠦᠯᠡᠨ ᠪᠤᠰᠤᠳ ᠬᠤᠰᠢᠭᠤ ᠰᠢᠶᠠᠨ ᠤ ᠴᠠᠭᠠᠨ ᠬᠠᠷᠠᠩ ᠡᠪᠡᠳᠴᠢᠲᠡᠨ ᠳᠤ ᠦᠷᠭᠦᠯᠵᠢᠯᠡᠨ ᠮᠡᠰᠡ ᠵᠠᠰᠠᠯ ᠬᠢᠵᠦ ᠥᠭᠭᠦᠨ᠎ᠡ ᠭᠡᠵᠦ ᠢᠯᠡᠷᠬᠡᠶᠢᠯᠡᠵᠡᠢ᠃    ᠢᠷᠡᠯᠲᠡ᠄ ᠣᠯᠠᠭᠠᠨᠴᠠᠪ ᠮᠤᠩᠭᠤᠯ ᠰᠦᠯᠵᠢᠶ᠎ᠡ
 
ᠢᠷᠡᠯᠲᠡ᠄ ᠤᠯᠠᠭᠠᠨᠴᠠᠪ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2